ᠪᠥᠬᠦ ᠬᠤᠲᠠ ᠶᠢᠨ 2020 ᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠤᠰᠬᠠᠶ ᠵᠠᠰᠠᠯᠲᠠ ᠶᠢᠨ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-04-21
     4 ᠰᠠᠷ᠎ᠠ ᠶᠢᠨ 17 ᠤ ᠡᠳᠦᠷ᠂ ᠪᠥᠬᠦ ᠬᠤᠲᠠ ᠶᠢᠨ 2020 ᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠤᠰᠬᠠᠶ ᠵᠠᠰᠠᠯᠲᠠ ᠶᠢᠨ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠵᠤ᠂ 2020 ᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠤᠰᠬᠠᠶ ᠵᠠᠰᠠᠯᠲᠠ ᠶᠢᠨ ᠠᠵᠢᠯ ᠢ ᠥᠷᠨᠢᠭᠦᠯᠦᠭᠰᠡᠨ ᠠᠬᠤᠶ ᠪᠠᠶᠢᠳᠠᠯ᠂ ᠠᠭᠤᠯᠭ᠎ᠠ ᠪᠠ ᠠᠬᠢᠯᠲᠠ ᠶᠢᠨ ᠪᠠᠶᠢᠳᠠᠯ ᠤᠨ ᠲᠤᠬᠠᠶ ᠲᠣᠳᠣᠷᠬᠠᠶᠢᠯᠠᠯᠲᠠ ᠬᠢᠪᠠ᠃      ᠲᠤᠬᠠᠶ ᠶᠢᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠡᠮᠴᠢᠯᠡᠭᠡᠨ  ᠤ ᠪᠠᠲᠤᠯᠠᠭ᠎ᠠ ᠶᠢᠨ ᠲᠤᠪᠴᠢᠶᠠᠨ ᠤ ᠬᠤᠯᠪᠤᠭᠳᠠᠯ ᠪᠥᠬᠦᠶ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠪᠣᠯᠤᠨ ᠮᠠᠨ ᠤ ᠬᠤᠲᠠ ᠶᠢᠨ ᠵᠠᠭᠤᠴᠢᠯᠠᠭᠤᠷ ᠲᠣᠰ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠪᠠ᠃      ᠣᠶᠢᠷ᠎ᠠ ᠶᠢᠨ ᠵᠢᠯ ᠳᠤ᠂ ᠪᠥᠬᠦ ᠤᠯᠤᠰ ᠤᠨ ᠡᠯ᠎ᠡ ᠭᠠᠵᠠᠷ ᠤᠨ ᠡᠮᠴᠢᠯᠡᠬᠡᠨ ᠤ ᠪᠠᠲᠤᠯᠠᠭ᠎ᠠ ᠶᠢᠨ ᠰᠠᠭᠤᠷᠢ ᠮᠦᠩᠬᠦ ᠶᠢ ᠲᠣᠭᠲᠠᠭᠠᠯ ᠠᠴᠠ ᠵᠥᠷᠢᠴᠡᠨ ᠮᠡᠬᠡᠯᠡᠨ ᠠᠪᠤᠭᠰᠠᠨ ᠦᠢᠯᠡ ᠠᠵᠢᠯᠯᠠᠭ᠎ᠠ ᠪᠠᠶᠢᠨ ᠳᠠᠬᠢᠨ ᠡᠭᠦᠰᠴᠦ᠂ ᠦᠷᠭᠡᠨ ᠣᠯᠠᠨ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠠᠰᠢᠭ ᠲᠤᠰᠠ ᠶᠢ ᠬᠦᠨᠳᠦ ᠨᠣᠴᠢᠲᠠᠶ ᠬᠤᠬᠢᠷᠠᠭᠤᠯᠵᠤ᠂ ᠨᠠᠮ ᠤᠨ ᠲᠥᠪ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠶᠡᠷᠦᠩᠬᠡᠶ ᠱᠦᠵᠢ ᠰᠢ ᠶᠢᠨ ᠫᠢᠩ᠂ ᠶᠡᠷᠦᠩᠬᠡᠢ ᠰᠠᠶᠢᠳ ᠯᠢ ᠺᠧ ᠴᠢᠶᠠᠩ ᠵᠡᠷᠭᠡ ᠤᠯᠤᠰ ᠤᠨ ᠤᠳᠤᠷᠢᠳᠬᠤ ᠬᠥᠮᠦᠰ ᠤᠷᠢᠳ ᠬᠤᠵᠢᠳ ᠲᠠᠭᠠᠳᠬᠠᠯ ᠢ ᠮᠡᠬᠡᠯᠡᠨ ᠠᠪᠤᠭᠰᠠᠨ ᠠᠵᠢᠯᠯᠠᠭ᠎ᠠ ᠳᠤ ᠬᠦᠨᠲᠤ ᠴᠣᠬᠢᠯᠲᠠ ᠥᠭᠬᠦ ᠲᠤᠬᠠᠶ ᠴᠢᠬᠤᠯᠠ ᠵᠢᠭᠠᠪᠤᠷᠢ ᠭᠠᠷᠭᠠᠪᠠ᠃ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠵᠢᠯ ᠪᠦᠷᠢ ᠶᠢᠨ 4 ᠰᠠᠷ᠎ᠠ ᠳᠤ ︽ᠳᠠᠭᠠᠳᠬᠠᠯ ᠢ ᠮᠡᠭᠡᠯᠡᠨ ᠠᠪᠬᠤ ᠠᠵᠢᠯᠯᠠᠭ᠎ᠠ ᠳᠤ ᠴᠤᠭᠢᠯᠳᠠ ᠦᠭᠴᠦ ᠰᠠᠭᠤᠷᠢ ᠮᠥᠩᠭᠦᠨ ᠤ ᠠᠮᠤᠷ ᠲᠦᠪᠰᠢᠨ ᠢ ᠬᠠᠮᠠᠭᠠᠯᠠᠬᠤ︾ ᠲᠥᠪᠯᠡᠷᠡᠩᠭᠦᠶ ᠤᠬᠠᠭᠤᠯᠭ᠎ᠠ ᠶᠢᠨ ᠰᠠᠷ᠎ᠠ ᠪᠠᠷ ᠲᠣᠭᠲᠠᠭᠠᠭᠰᠠᠨ ᠪᠥᠭᠡᠳ ᠪᠥᠬᠦ ᠤᠯᠤᠰ ᠤᠨ ᠬᠡᠪᠴᠢᠶᠡᠨ ᠳᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠤᠰᠬᠠᠶ ᠵᠠᠰᠠᠯᠳᠠ ᠶᠢᠨ ᠠᠵᠢᠯ ᠢ ᠥᠷᠨᠢᠭᠦᠯᠪᠡ᠃ ᠡᠭᠦᠨ ᠤ ᠲᠤᠯᠠᠳᠠ᠂ ᠮᠠᠨ ᠤ ᠬᠤᠲᠠ ᠤᠯᠤᠰ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠤᠪᠴᠢᠶᠠᠨ ᠤ ᠬᠤᠯᠪᠤᠭᠳᠠᠯ ᠪᠥᠬᠦᠶ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠦᠴᠦᠨ ᠢᠶᠠᠨ ᠲᠥᠪᠯᠡᠷᠡᠭᠦᠯᠦᠨ᠂ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠵᠦ᠂ 2020 ᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠤᠰᠬᠠᠶ ᠵᠠᠰᠠᠯᠲᠠ ᠶᠢᠨ ᠠᠵᠢᠯ ᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠪᠦᠷᠬᠦᠴᠡ ᠶᠢ ᠪᠦᠬᠦ ᠲᠠᠯ᠎ᠠ ᠳᠤ ᠬᠠᠨᠲᠤᠭᠤᠯᠵᠤ᠂ ᠴᠢᠩᠭ᠎ᠠ ᠪᠠᠶᠢᠴᠠᠭᠠᠵᠤ ᠴᠢᠩᠭ᠎ᠠ ᠰᠢᠳᠬᠡᠬᠦ ᠪᠠᠶᠢᠳᠠᠯ ᠢ ᠦᠷᠭᠦᠯᠵᠢᠯᠡᠨ ᠪᠠᠲᠤᠯᠠᠵᠤ᠂ ᠳᠠᠭᠠᠳᠬᠠᠯ ᠳᠤ ᠣᠷᠣᠯᠴᠠᠭᠰᠠᠨ ᠥᠷᠭᠡᠨ ᠣᠯᠠᠨ ᠲᠦᠮᠡᠨ ᠤ ︽ᠠᠮᠢ ᠠᠪᠤᠷᠬᠠᠤ ᠵᠣᠭᠤᠰ︾ ᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠨ᠎ᠡ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠲᠤᠰᠬᠠᠶᠢᠯᠠᠨ ᠵᠠᠰᠠᠬᠤ ᠡᠲᠡᠭᠡᠳ ᠪᠣᠯ ᠭᠤᠤᠯᠳᠠᠭᠤ ᠪᠥᠬᠦ ᠬᠤᠲᠠ ᠶᠢᠨ 48 ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ᠂ 319 ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠪᠠ ᠡᠯ᠎ᠡ ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠭᠠᠷᠳᠠᠮ ᠭᠦᠶ᠋ᠴᠡᠳᠬᠡᠬᠦ ᠪᠠᠶᠢᠭᠤᠯᠤᠮᠵᠢ ᠪᠣᠯᠤᠨ᠎ᠠ ᠃ ᠲᠤᠰᠬᠠᠶ ᠵᠠᠰᠠᠯᠳᠠ ᠶᠢᠨ ᠠᠵᠢᠯ ᠢ 3 ᠰᠠᠷ᠎ᠠ ᠠᠴᠠ ᠡᠬᠢᠯᠡᠨ᠂ 10 ᠰᠠᠷ᠎ᠠ ᠶᠢᠨ ᠰᠡᠭᠦᠯᠴᠢ ᠪᠤᠯᠳᠠᠯ᠎ᠠ᠂ ᠶᠡᠷᠦᠩᠬᠡᠶ ᠳᠤᠨᠢ ᠳᠠᠶᠢᠴᠢᠯᠠᠨ ᠪᠠᠶᠢᠷᠢᠯᠠᠭᠤᠯᠬᠤ᠂ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ᠂ ᠰᠤᠭᠤᠴᠢᠨ ᠪᠠᠶᠢᠴᠠᠭᠠᠵᠤ ᠳᠠᠬᠢᠨ ᠪᠠᠶᠢᠴᠠᠭᠠᠬᠤ ᠭᠤᠷᠪᠠᠨ ᠱᠠᠲᠤ ᠦᠶ᠎ᠡ ᠬᠤᠪᠢᠶᠠᠨ᠎ᠠ᠃ ᠣᠳᠣᠬᠠᠨ ᠳᠤ᠂ ᠪᠥᠬᠦ ᠬᠤᠲᠠ ᠶᠢᠨ ᠲᠠᠶᠢᠴᠢᠯᠠᠯᠳᠠ ᠪᠠᠶᠢᠷᠢᠯᠠᠭᠤᠯᠤᠯᠳᠠ ᠶᠢᠨ ᠬᠤᠷᠠᠯ 4 ᠰᠠᠷ᠎ᠠ ᠶᠢᠨ 10 ᠤ ᠡᠳᠦᠷ ᠬᠤᠷᠠᠯᠳᠣᠵᠦ᠂ ᠬᠤᠲᠠ ᠂ ᠲᠣᠭᠤᠷᠢᠭ ᠬᠤᠶᠠᠷ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠵᠠᠷᠴᠢᠮ ᠶᠣᠰᠣᠭᠠᠷ᠂ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠱᠠᠲᠤᠨ ᠳᠤ ᠵᠡᠷᠭᠡᠪᠡᠷ ᠣᠷᠣᠪᠠ᠃      ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠠᠬᠤᠶ ᠲᠠᠯᠠᠪᠠᠶ ᠳᠤ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠤᠪᠴᠢᠶᠠᠨ ᠤ ᠬᠤᠯᠪᠤᠭᠳᠠᠯ ᠪᠥᠬᠦᠶ ᠬᠠᠷᠢᠭᠤᠴᠠᠯᠭᠠᠲᠠᠨ ᠥᠪᠡᠷᠲᠡᠭᠡᠨ ᠵᠠᠰᠠᠬᠤ ᠣᠷᠣᠨ ᠪᠣᠯᠤᠨ ᠮᠠᠨ ᠤ ᠬᠤᠲᠠ ᠶᠢᠨ ᠵᠠᠭᠤᠴᠢᠯᠠᠭᠤᠷ ᠤᠨ ᠰᠤᠷᠪᠤᠯᠵᠢᠯᠠᠭᠴᠢ ᠶᠢᠨ 2020 ᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠬᠦ ᠶᠢᠨ ᠲᠤᠰᠬᠠᠶ ᠵᠠᠰᠠᠯᠳᠠ ᠶᠢᠨ ᠠᠵᠢᠯ ᠤᠨ ᠲᠤᠬᠠᠶ ᠠᠰᠠᠭᠤᠯᠲᠠ ᠶᠢ ᠨᠠᠷᠢᠨ ᠬᠠᠷᠢᠭᠤᠯᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map