ᠦᠬᠠᠶ ᠲᠤᠰ ᠭᠠᠷᠠᠭ ᠤᠨ ᠡᠳᠦᠷ ︽ᠰᠦᠯᠵᠢᠶᠡᠨ ᠳᠡᠭᠡᠷ᠎ᠡ︾ ᠬᠤᠳᠠᠯᠳᠤᠭᠠᠴᠢᠨ ᠤᠷᠢᠵᠤ᠂ ᠵᠠᠭᠤᠨ ᠵᠠᠭᠤᠴᠢᠯᠠᠭᠤᠷ ᠤᠨ ᠬᠢᠨ ᠵᠡᠷᠭᠡᠪᠡᠷ ᠰᠢᠭᠤᠳ ᠨᠡᠪᠳᠡᠷᠡᠬᠦᠯᠬᠦ ᠪᠤᠯᠤᠨ᠎ᠠ
ᠨᠡᠶᠢᠲᠡᠯᠡᠭᠰᠡᠨ ᠴᠠᠭ᠄
2020-04-23
     ᠤᠯᠤᠰ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠠᠵᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠳᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠳᠠᠯᠳᠤᠭᠠᠴᠢᠨ ᠤᠷᠢᠵᠤ ᠪᠠᠯᠠ ᠲᠠᠲᠠᠬᠤ ᠠᠷᠠᠭ ᠵᠠᠮ ᠢᠶᠠᠨ ᠤᠯᠠᠮ ᠨᠢᠭᠡ ᠠᠯᠬᠤᠮ ᠥᠷᠭᠡᠳᠬᠡᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠣᠳᠠᠲᠤ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ ᠂ ᠮᠠᠨ ᠤ ᠬᠤᠲᠠ 2020 ᠣᠨ ᠤ ᠥᠪᠥᠷ ᠮᠣᠩᠭᠤᠯ ᠤᠨ ᠦᠬᠠᠶ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠰᠦᠯᠵᠢᠶᠡᠨ ᠤ ᠲᠠᠨᠢᠯᠴᠠᠭᠤᠯᠭ᠎ᠠ ᠶᠢᠨ ᠬᠤᠷᠠᠯ ᠬᠤᠷᠠᠯᠳᠤᠭᠤᠯᠬᠤ ᠪᠠᠷ ᠪᠠᠶᠢᠨ᠎ᠠ᠃      ᠲᠣᠰ ᠤᠳᠠᠭᠠᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠰᠦᠯᠵᠢᠶᠡᠨ ᠤ ᠲᠠᠨᠢᠯᠴᠠᠭᠤᠯᠭ᠎ᠠ ᠶᠢᠨ ᠬᠤᠷᠠᠯ ᠢ ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠬᠤᠲᠠ ᠶᠢᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ᠂ ᠬᠤᠲᠠ ᠶᠢᠨ ᠬᠠᠮ ᠵᠠᠭᠤᠴᠢᠯᠠᠭᠤᠷ ᠤᠨ ᠲᠥᠪ ᠳᠠᠭᠠᠭᠠᠨ ᠡᠷᠭᠢᠯᠡᠬᠦ ᠪᠤᠯᠤᠨ᠎ᠠ᠃ ᠥᠩᠭᠡᠷᠡᠭᠰᠡᠨ ᠤ ᠬᠢ ᠲᠠᠢ ᠠᠳᠠᠯᠢ ᠥᠬᠡᠶ᠂ ᠲᠣᠰ ᠤᠳᠠᠭᠠᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠲᠠᠨᠢᠯᠴᠠᠭᠤᠯᠬᠤ ᠬᠤᠷᠠᠯ ᠨᠢ ︽ᠰᠦᠯᠵᠢᠶᠡᠨ ᠭᠠᠳᠠᠨ᠎ᠠ︾ ᠪᠠᠶᠢᠭᠰᠠᠨ ᠠᠴᠠ ᠪᠠᠨ ︽ᠰᠦᠯᠵᠢᠶᠡᠨ ᠳᠡᠭᠡᠷ᠎ᠡ︾ ᠪᠣᠯᠵᠣ᠂ ︽ᠨᠢᠭᠤᠷᠳᠠᠵᠦ︾ ᠪᠠᠶᠢᠭᠰᠠᠨ ᠠᠴᠠ ᠪᠠᠨ ︽ᠲᠡᠯᠭᠡᠴᠡ ᠪᠠᠷ ᠦᠵᠡᠬᠦ︾ ᠪᠣᠯᠵᠣ ᠬᠤᠪᠢᠷᠠᠪᠠ᠂ ᠲᠠᠨᠢᠯᠴᠠᠭᠤᠯᠬᠤ ᠬᠤᠷᠠᠯ ᠨᠢ ᠰᠦᠯᠵᠢᠶ᠎ᠡ ᠪᠠᠷ ᠰᠢᠭᠤᠳ ᠨᠡᠪᠲᠡᠷᠡᠭᠦᠯᠬᠦ ᠬᠡᠯᠪᠡᠷᠢ ᠪᠠᠷ ᠮᠠᠨ ᠤ ᠬᠤᠲᠠ ᠳᠤ ᠪᠥᠬᠦ ᠲᠠᠯ᠎ᠠ ᠶᠢᠨ᠂ ᠣᠯᠠᠨ ᠲᠠᠯ᠎ᠠ ᠶᠢᠨ ᠤᠬᠠᠭᠤᠯᠭ᠎ᠠ ᠲᠠᠨᠢᠯᠴᠠᠭᠤᠯᠭ᠎ᠠ ᠬᠢᠵᠦ᠂ ᠬᠤᠲᠠ ᠶᠢᠨ ᠨᠠᠷᠠᠲᠤ ᠲᠥᠷᠥᠯ ᠲᠡᠮᠳᠡᠭᠲᠦ ᠶᠢ ᠳᠡᠯᠭᠡᠷᠡᠭᠦᠯᠵᠦ᠂ ᠮᠠᠨ ᠤ ᠬᠤᠲᠠ ᠶᠢᠨ ᠨᠥᠯᠥᠭᠡᠯᠡᠬᠦ ᠬᠦᠴᠦᠨ ᠪᠠ ᠠᠯᠳᠠᠷᠰᠢᠯ ᠢ ᠳᠡᠭᠡᠭᠰᠢᠯᠡᠭᠦᠯᠬᠦ ᠪᠣᠯᠤᠨ᠎ᠠ᠃ ᠲᠠᠨᠢᠯᠴᠠᠭᠤᠯᠬᠤ ᠬᠤᠷᠠᠯ ᠳᠡᠭᠡᠷ᠎ᠡ᠂ ᠬᠤᠲᠠ ᠶᠢᠨ ᠵᠠᠰᠠᠭ ᠤᠨ ᠣᠷᠳᠣᠨ ᠤ ᠬᠤᠯᠪᠤᠭᠳᠠᠯ ᠪᠥᠬᠦᠶ ᠬᠠᠷᠢᠭᠤᠴᠠᠯᠭᠠᠲᠠᠨ ᠮᠠᠨ ᠤ ᠬᠤᠲᠠ ᠶᠢᠨ ᠬᠤᠲᠠ ᠶᠢᠨ ᠪᠠᠶᠢᠳᠠᠯ ᠤᠨ ᠲᠠᠨᠢᠯᠴᠠᠭᠤᠯᠭ᠎ᠠ ᠵᠢᠴᠢ ᠠᠵᠤ ᠦᠢᠯᠡᠰ ᠤᠨ ᠲᠠᠨᠢᠯᠴᠠᠭᠤᠯᠭ᠎ᠠ ᠬᠢᠵᠦ᠂ ᠭᠤᠤᠯᠳᠠᠯᠭ᠎ᠠ ᠲᠠᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠢ ᠨᠡᠶᠢᠲᠡᠯᠡᠵᠦ᠂ ᠡᠯ᠎ᠡ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠬᠤᠯᠪᠤᠭᠳᠠᠯ ᠪᠥᠬᠦᠶ ᠰᠠᠯᠠᠭ᠎ᠠ ᠮᠥᠴᠢᠷ᠂ ᠬᠦᠷᠢᠶᠡᠯᠡᠩ ᠲᠣᠭᠤᠷᠢᠭ ᠲᠤ ᠬᠤᠳᠠᠯᠳᠤᠭᠠᠴᠢᠨ ᠤᠷᠢᠬᠤ ᠲᠥᠷᠥᠯ ᠵᠦᠢᠯ ᠤᠨ ᠲᠠᠨᠢᠯᠴᠠᠭᠤᠯᠭ᠎ᠠ ᠬᠢᠨ᠎ᠠ᠃      ᠡᠭᠦᠨ ᠠᠴᠠ ᠭᠠᠳᠠᠨ᠎ᠠ᠂ ᠬᠤᠲᠠ ᠶᠢᠨ ᠵᠠᠰᠠᠭ ᠤᠨ ᠣᠷᠳᠣᠨ ᠤ ᠬᠤᠯᠪᠤᠭᠳᠠᠯ ᠪᠥᠬᠦᠶ ᠬᠠᠷᠢᠭᠤᠴᠠᠯᠭᠠᠲᠠᠨ ᠪᠠᠰᠠ ᠠᠵᠤ ᠠᠬᠤᠶᠢᠯᠠᠯ ᠤᠨ ᠲᠥᠯᠥᠭᠡᠯᠡᠭᠴᠢ ᠯᠤᠭ᠎ᠠ ᠬᠠᠷᠠᠭᠠᠨ ᠳᠠᠪᠲᠠᠮᠵᠢ ᠪᠠᠷ ᠬᠠᠷᠢᠯᠴᠠᠨ ᠬᠥᠳᠡᠯᠦᠯᠴᠡᠬᠦ ᠶᠢᠨ ᠬᠠᠮᠲᠤ ᠲᠥᠪᠯᠡᠷᠡᠭᠦᠯᠦᠨ ᠭᠡᠷ᠎ᠡ ᠲᠣᠭᠲᠠᠬᠤ ᠠᠵᠢᠯᠯᠠᠭ᠎ᠠ ᠥᠷᠨᠢᠭᠦᠯᠵᠦ᠂ ᠲᠦᠰᠦᠪᠯᠡᠯᠳᠡ ᠪᠠᠷ ᠭᠡᠷ᠎ᠡ ᠲᠣᠭᠲᠠᠬᠤ ᠲᠥᠷᠥᠯ ᠵᠦᠢᠯ 10 ᠭᠠᠷᠤᠶ ᠪᠠᠶᠢᠵᠤ᠂ ᠵᠦᠪᠯᠡᠯᠴᠡᠭᠡᠷ ᠤᠨ ᠪᠠᠯᠠ ᠮᠥᠩᠭᠦ ᠪᠠᠷᠤᠭ 100 ᠳ᠋ᠦᠩᠰᠢᠭᠤᠷ ᠲᠥᠭᠦᠷᠢᠭ ᠬᠦᠷᠬᠦ ᠪᠣᠯᠤᠨ᠎ᠠ᠃ ᠪᠥᠬᠦ ᠲᠠᠯᠠᠪᠤᠷ ᠤᠨ ᠲᠠᠨᠢᠯᠴᠠᠭᠤᠯᠭ᠎ᠠ ᠶᠢᠨ ᠬᠤᠷᠠᠯ ᠨᠢ ᠪᠠᠰᠠ ᠰᠢᠨᠬᠤᠸᠠ ᠰᠦᠯᠵᠢᠶ᠎ᠡ᠂ ᠠᠷᠠᠳ ᠤᠨ ᠰᠦᠯᠵᠢᠶ᠎ᠡ᠂ ᠤᠯᠤᠰ ᠤᠨ ᠵᠢᠭᠤᠯᠴᠢᠯᠠᠯ ᠤᠨ ᠭᠠᠵᠠᠷ ᠵᠦᠶ ᠶᠢᠨ ᠰᠦᠯᠵᠢᠶ᠎ᠡ᠂ ᠳᠤᠮᠳᠠᠳᠤ ᠤᠯᠤᠰ ᠤᠨ ᠬᠤᠳᠠᠯᠳᠤᠭᠠᠨ ᠤ ᠶᠠᠪᠤᠳᠠᠯ ᠤᠨ ᠰᠢᠨ᠎ᠡ ᠰᠦᠯᠵᠢᠶ᠎ᠡ᠂ ᠳᠤᠮᠳᠠᠳᠤ ᠤᠯᠤᠰ ᠤᠨ ᠵᠢᠶᠠᠩᠰᠦ ᠰᠦᠯᠵᠢᠶ᠎ᠡ᠂ ᠱᠠᠩᠬᠠᠶ ᠶᠢᠨ ᠠᠵᠤ ᠠᠬᠤᠶ ᠶᠢᠨ ᠰᠦᠯᠵᠢᠶ᠎ᠡ ᠵᠡᠷᠭᠡ ᠤᠯᠤᠰ ᠤᠨ ᠳᠣᠲᠣᠭᠠᠳᠤ ᠶᠢᠨ ᠵᠠᠭᠤᠭᠠᠳ ᠭᠤᠤᠯ ᠵᠠᠭᠤᠴᠢᠯᠠᠭᠤᠷ ᠵᠡᠷᠭᠡ ᠪᠠᠷ ᠰᠢᠭᠤᠳ ᠨᠡᠪᠲᠡᠷᠡᠭᠦᠯᠦᠨ᠎ᠡ᠃      ᠲᠣᠰ ᠤᠳᠠᠭᠠᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠰᠦᠯᠵᠢᠶᠡᠨ ᠤ ᠲᠠᠨᠢᠯᠴᠠᠭᠤᠯᠭ᠎ᠠ ᠶᠢᠨ ᠬᠤᠷᠠᠯ ᠪᠣᠯ ᠮᠠᠨ ᠤ ᠬᠤᠲᠠ ᠶᠢᠨ ᠬᠢᠵᠢᠭ ᠤᠨ ᠬᠤᠭᠤᠴᠠᠭᠠᠨ ᠳᠤ ᠬᠤᠷᠠᠯᠳᠤᠭᠤᠯᠤᠭᠰᠠᠨ ᠨᠢᠭᠡ ᠤᠳᠠᠭᠠᠨ ᠤ ᠰᠢᠨ᠎ᠡ ᠶᠢ ᠡᠭᠦᠳᠬᠦ ᠬᠡᠯᠪᠡᠷᠢ ᠶᠢᠨ ᠬᠤᠳᠠᠯᠳᠤᠭᠠᠴᠢᠨ ᠣᠷᠢᠬᠤ ᠲᠠᠨᠢᠯᠴᠠᠭᠤᠯᠭ᠎ᠠ ᠶᠢᠨ ᠠᠵᠢᠯᠯᠠᠭ᠎ᠠ ᠪᠣᠯᠤᠨ᠎ᠠ᠂ ᠡᠨᠡ ᠨᠢ ᠬᠤᠲᠠ ᠶᠢᠨ ᠬᠡᠪ ᠨᠠᠮᠪᠠ᠂ ᠪᠠᠯᠠ ᠣᠷᠣᠭᠤᠯᠤᠯᠲᠠ ᠶᠢᠨ ᠬᠥᠭᠵᠢᠯᠲᠡ ᠶᠢᠨ ᠣᠷᠴᠢᠨ ᠨᠥᠬᠦᠴᠡᠯ ᠢ ᠪᠥᠬᠦ ᠲᠠᠯ᠎ᠠ ᠪᠠᠷ ᠳᠡᠯᠭᠡᠨ ᠦᠵᠡᠭᠦᠯᠬᠦ ᠪᠠ ᠦᠪᠡᠷᠮᠢᠴᠡ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠪᠠᠶᠠᠯᠢᠭᠵᠢᠭᠤᠯᠬᠤ᠂ ᠡᠯ᠎ᠡ ᠮᠤᠵᠢ ᠬᠤᠲᠠ ᠡᠯ᠎ᠡ ᠬᠦᠷᠢᠶ᠎ᠡ ᠴᠠᠷᠠᠭ᠎ᠠ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠮᠠᠨ ᠤ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map