ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠠᠷᠪᠠᠨ ᠳᠥᠷᠪᠡᠳᠦᠭᠡᠷ ᠣᠳᠠᠭᠠᠨ ᠬᠤᠷᠠᠯ ᠵᠢᠴᠢ 2020 ᠣᠨ ᠤ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠪᠠᠶᠢᠳᠠᠯ ᠢ ᠵᠠᠳᠠᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-04-26
     4 ᠰᠠᠷ᠎ᠠ ᠶᠢᠨ 24 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠠᠷᠪᠠᠨ ᠳᠥᠷᠪᠡᠳᠦᠭᠡᠷ ᠤᠳᠠᠭ᠎ᠠ ᠶᠢᠨ ᠬᠤᠷᠠᠯ ᠵᠢᠴᠢ 2020 ᠣᠨ ᠤ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠪᠠᠶᠢᠳᠠᠯ ᠤᠨ ᠵᠠᠳᠠᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠪᠠ ᠡᠯ᠎ᠡ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠠᠵᠤ ᠠᠬᠤᠶ ᠶᠢᠨ ᠪᠠᠶᠢᠳᠠᠯ ᠢ ᠵᠠᠳᠠᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠪᠠᠶᠢᠩᠭᠤᠵᠢᠭᠤᠯᠬᠤ ᠶᠢ ᠪᠠᠶᠢᠷᠢᠯᠠᠭᠤᠯᠪᠠ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳᠠᠩ ᠢ᠂ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠬᠠᠨ ᠬᠦᠸᠧ ᠦ᠋᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠴᠢ ᠹᠸᠢ ᠶᠦᠨ᠂ ᠬᠤᠲᠠ ᠶᠢᠨ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠳᠡᠳ᠋ ᠬᠤᠲᠠ ᠶᠢᠨ ᠳᠠᠷᠤᠭ᠎ᠠ ᠨᠠᠷ ᠬᠤᠷᠠᠯ ᠳᠤ ᠣᠷᠣᠯᠴᠠᠪᠠ᠃      ᠱᠢ ᠸᠠᠨ ᠵᠢᠶᠦ᠋ᠨ ᠵᠢᠭᠠᠵᠤ ᠭᠠᠷᠭᠠᠭᠰᠠᠨ ᠨᠢ᠂ ᠡᠨᠡ ᠵᠢᠯ ᠠᠴᠠ ᠨᠠᠰᠢ᠂ ᠪᠥᠬᠦ ᠬᠤᠲᠠ ᠶᠢᠨ ᠳᠡᠭᠡᠳᠦ ᠳᠣᠤᠷᠠᠳᠤ ᠱᠠᠲᠤ ᠪᠠᠷ ᠢᠶᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠣᠯᠵᠤ᠂ ᠠᠵᠤ ᠠᠬᠤᠶ ᠶᠢᠨ ᠠᠵᠢᠯᠯᠠᠭᠠᠨ ᠶᠡᠷᠦᠩᠬᠡᠶ ᠳᠡᠭᠡᠨ ᠨᠡᠯᠢᠶᠡᠳ ᠲᠣᠭᠲᠠᠭᠤᠨ ᠪᠤᠯᠵᠠᠢ᠃ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠦᠨᠲᠤ ᠬᠡᠴᠡᠭᠦᠤ ᠨᠠᠷᠢᠨ ᠪᠤᠳᠤᠯᠢᠶᠠᠨᠲᠠᠶ ᠪᠠᠶᠢᠳᠠᠯ ᠤᠨ ᠡᠮᠦᠨ᠎ᠡ᠂ ᠪᠢᠳᠡ ᠨᠡᠯᠢᠶᠡᠳ ᠤᠷᠳᠤ ᠬᠤᠭᠤᠴᠠᠭᠠᠨ ᠤ ᠲᠤᠷᠰᠢ ᠭᠠᠳᠠᠭᠠᠳᠤ ᠣᠷᠴᠢᠨ ᠨᠥᠬᠦᠴᠡᠯ ᠤᠨ ᠬᠤᠪᠢᠷᠠᠯᠲᠠ ᠶᠢ ᠠᠷᠭᠠᠴᠠᠭᠠᠬᠤ ᠦᠵᠡᠯ ᠰᠠᠨᠠᠭᠠᠨ ᠤ ᠪᠡᠯᠡᠳᠬᠡᠯ ᠪᠠ ᠠᠵᠢᠯ ᠤᠨ ᠪᠡᠯᠡᠳᠭᠡᠯ ᠢ ᠰᠠᠶᠢᠲᠤᠷ ᠬᠢᠵᠦ᠂ ᠪᠦᠬᠦ ᠲᠠᠯ᠎ᠠ ᠶᠢᠨ᠂ ᠬᠤᠪᠢᠰᠤᠩᠭᠤᠶ᠂ ᠠᠯᠤᠰ ᠬᠡᠳᠦ ᠶᠢᠨ ᠬᠠᠷᠠᠴᠠ ᠪᠠᠷ ᠪᠠᠶᠢᠳᠠᠯ ᠢ ᠵᠠᠳᠠᠯᠬᠤ᠂ ᠠᠰᠠᠭᠤᠳᠠᠯ ᠳᠤ ᠬᠠᠨᠳᠤᠬᠤ ᠶᠢ ᠪᠠᠷᠢᠮᠲᠠᠯᠠᠵᠤ᠂ ᠢᠲᠡᠭᠡᠯ ᠵᠣᠷᠢᠭ ᠢᠶᠠᠨ ᠪᠠᠲᠤᠳᠬᠠᠨ᠂ ᠬᠦᠴᠢᠷ ᠢ ᠰᠦᠷᠦᠨ ᠤᠷᠤᠭᠰᠢᠯᠠᠵᠤ᠂ ᠨᠠᠷᠢᠯᠢᠭ ᠣᠨᠣᠴᠠᠲᠠᠶ ᠪᠠᠷ ᠠᠷᠭ᠎ᠠ ᠪᠤᠳᠤᠯᠭ᠎ᠠ ᠬᠡᠷᠡᠭᠵᠢᠭᠦᠯᠵᠦ᠂ ᠪᠦᠲᠦᠮᠵᠢᠲᠡᠶ ᠠᠷᠭᠠᠴᠠᠭᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠲᠦᠷᠭᠡᠳᠭᠡᠨ ᠠᠬᠢᠭᠤᠯᠬᠤ ᠬᠡᠷᠡᠭᠲᠡᠶ ᠬᠡᠵᠡᠢ᠃      ᠱᠢ ᠸᠠᠨ ᠵᠢᠶᠦ᠋ᠨ ᠴᠢᠬᠤᠯᠠᠴᠢᠯᠠᠭᠰᠠᠨ ᠨᠢ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠶᠢ ᠦᠷᠭᠦᠯᠵᠢᠯᠡᠨ ᠴᠢᠩᠭᠠᠳᠬᠠᠵᠤ᠂ ᠲᠤᠭ᠎ᠠ ᠪᠠᠷᠢᠮᠲᠠ ᠶᠢ ᠵᠢᠭᠰᠠᠭᠠᠨ ᠪᠠᠶᠢᠴᠠᠭᠠᠬᠤ ᠪᠠ ᠬᠠᠮᠲᠤ ᠪᠠᠷ ᠡᠳ᠋ᠯᠡᠬᠦ ᠶᠢ ᠨᠠᠷᠢᠨ ᠪᠣᠳᠠᠲᠠᠶ ᠠᠳᠬᠤᠵᠤ᠂ ︽5 · 1︾ ᠤ ᠠᠮᠠᠷᠠᠯᠲᠠ ᠶᠢᠨ ᠬᠤᠭᠤᠴᠠᠭᠠᠨ ᠳᠤ ᠭᠠᠳᠠᠭᠰᠢ ᠭᠠᠷᠬᠤ᠂ ᠵᠢᠭᠤᠯᠴᠢᠯᠠᠯ ᠪᠠ ᠰᠣᠷᠭᠠᠭᠤᠯᠢ ᠡᠬᠢᠯᠡᠵᠦ ᠬᠢᠴᠢᠶᠡᠯ ᠰᠡᠷᠭᠦᠭᠡᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠨ ᠨᠢᠮᠪᠠᠶ ᠰᠠᠶᠢᠲᠤᠷ ᠬᠢᠵᠦ᠂ ᠭᠠᠳᠠᠭᠠᠳᠤ ᠠᠴᠠ ᠣᠷᠣᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠡᠬᠦᠰᠬᠦ ᠶᠢ ᠰᠡᠷᠭᠡᠶᠢᠯᠡᠨ ᠡᠵᠡᠮᠳᠡᠬᠦ ᠡᠷᠡᠰ ᠪᠡᠶᠡᠯᠡᠭᠦᠯᠬᠦ ᠬᠡᠷᠡᠭᠲᠡᠶ᠃ ᠠᠷᠭ᠎ᠠ ᠪᠦᠬᠦᠨ ᠢ ᠰᠦᠪᠡᠭᠴᠢᠯᠡᠨ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠲᠥᠷᠥᠯ ᠵᠦᠢᠯ ᠢ ᠨᠠᠷᠢᠨ ᠨᠢᠮᠪᠠᠶ ᠲᠦᠯᠦᠪᠯᠡᠵᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠪᠠᠷ ᠪᠠᠶᠢᠭᠤᠯᠬᠤ᠂ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠬᠤᠷᠳᠤᠴᠠ ᠪᠠᠨ ᠳᠡᠭᠡᠭᠰᠢᠯᠡᠭᠦᠯᠦᠨ ᠬᠡᠪᠴᠢᠶ᠎ᠡ ᠪᠠᠨ ᠦᠷᠭᠡᠳᠭᠡᠬᠦ ᠶᠢ ᠠᠬᠢᠭᠤᠯᠵᠤ᠂ ᠠᠵᠤ ᠠᠬᠤᠶᠢᠯᠠᠯ ᠤᠨ ᠠᠵᠢᠯᠯᠠᠭᠠᠨ ᠢ ᠲᠣᠭᠲᠠᠪᠤᠷᠢᠵᠢᠭᠤᠯᠤᠨ᠂ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠵᠤ ᠠᠬᠤᠶ ᠶᠢᠨ ᠲᠣᠭᠲᠠᠭᠤᠨ ᠠᠵᠢᠯᠯᠠᠭᠠᠨ ᠢ ᠪᠠᠲᠤᠯᠠᠬᠤ ᠬᠡᠷᠡᠭᠲᠡᠶ᠃ ᠠᠷᠭ᠎ᠠ ᠪᠦᠬᠦᠨ ᠢ ᠰᠦᠪᠡᠭᠴᠢᠯᠡᠨ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠵᠦ᠂ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠣᠨ ᠤ ᠥᠷᠢ ᠰᠢᠷᠢ ᠪᠠᠨ ᠠᠷᠢᠯᠭᠠᠬᠤ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠠᠵᠢᠯ ᠠᠯᠳᠠᠯᠲᠠ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠥᠮᠦᠰ ᠤᠨ ᠠᠵᠢᠯ ᠤᠯᠭᠤᠯᠳᠠ ᠶᠢ ᠰᠠᠶᠢᠲᠤᠷ ᠠᠳᠬᠤᠵᠤ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠦᠨᠳᠦᠰᠦᠨ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠰᠠᠶᠢᠲᠤᠷ ᠪᠠᠲᠤᠯᠠᠵᠤ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠦ᠂ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ᠂ ᠰᠤᠷᠭᠠᠨ ᠬᠥᠮᠦᠵᠢᠯ ᠡᠮ ᠡᠮᠨᠡᠯᠭᠡ ᠵᠡᠷᠭᠡ ᠬᠦᠷᠢᠶᠡᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠨᠡᠮᠡᠭᠳᠡᠭᠦᠯᠬᠦ ᠬᠡᠷᠡᠭᠲᠡᠢ ᠬᠡᠵᠡᠢ᠃      ᠱᠢ ᠸᠠᠨ ᠵᠢᠶᠦ᠋ᠨ ᠱᠠᠭᠠᠷᠳᠠᠭᠰᠠᠨ ᠨᠢ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠢᠯᠠᠩᠭᠤᠶ᠎ᠠ ᠤᠳᠤᠷᠢᠳᠬᠤ ᠺᠠᠳ᠋ᠷᠴᠣᠳ ᠨᠢᠭᠡᠳᠦᠯᠲᠡᠶ ᠲᠥᠯᠥᠪᠯᠡᠬᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠴᠢᠳᠠᠪᠤᠷᠢ ᠪᠠᠨ ᠲᠡᠭᠡᠭᠰᠢᠯᠡᠬᠦᠯᠬᠦ ᠪᠠᠨ ᠴᠢᠩᠭᠠᠳᠬᠠᠵᠦ᠂ ᠠᠷᠭ᠎ᠠ ᠪᠦᠬᠦᠨ ᠢ ᠰᠦᠪᠡᠭᠴᠢᠯᠡᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map