| | | | ᠴᠡᠴᠡᠭ ᠤᠨ ᠦᠨᠦᠷ ᠬᠠᠩᠬᠤᠯᠤᠭᠰᠠᠨ ᠲᠦᠷᠪᠡᠨ ᠰᠠᠷ᠎ᠠ ᠳᠤ ᠬᠠᠪᠤᠷ ᠤᠨ ᠠᠭᠤᠷ ᠢᠶᠠᠷ ᠪᠢᠯᠬᠠᠮ᠎ᠠ᠃ 4 | ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ | ᠬᠤᠲᠠ ᠶᠢᠨ ᠬᠤᠷᠢᠶ᠎ᠠ᠂ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ | ᠦᠬᠠᠶ ᠬᠤᠲᠠ ᠶᠢᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ᠂ ᠦᠬᠠᠶ | ᠬᠤᠲᠠ ᠶᠢᠨ ᠬᠠᠮ ᠵᠠᠭᠤᠴᠢᠯᠠᠭᠤᠷ ᠤᠨ ᠲᠥᠪ ᠠᠴᠠ ᠳᠠᠭᠠᠭᠠᠴᠢᠯᠠᠨ ᠡᠷᠭᠢᠯᠡᠭᠰᠡᠨ 2020 ᠣᠨ ᠤ ᠥᠪᠥᠷ | ᠮᠣᠩᠭᠤᠯ ᠤᠨ ᠦᠬᠠᠶ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠰᠦᠯᠵᠢᠶᠡᠨ ᠤ | ᠲᠠᠨᠢᠯᠴᠠᠭᠤᠯᠭ᠎ᠠ ᠶᠢᠨ ᠬᠤᠷᠠᠯ ᠢ ᠠᠮᠵᠢᠯᠲᠠ ᠲᠠᠢ ᠡᠷᠭᠢᠯᠡᠪᠡ᠃ ᠲᠣᠰ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠢ | ᠰᠢᠨᠬᠤᠸᠠ ᠰᠦᠯᠵᠢᠶ᠎ᠡ ᠵᠡᠷᠭᠡ ᠤᠯᠤᠰ ᠤᠨ ᠳᠣᠲᠣᠭᠠᠳᠤ ᠶᠢᠨ ᠵᠠᠭᠤ ᠭᠠᠷᠤᠶ ᠨᠠᠷᠠᠲᠤ ᠵᠠᠭᠤᠴᠢᠯᠠᠭᠤᠷ ᠪᠥᠬᠦ | ᠤᠯᠤᠰ ᠲᠤ ᠵᠡᠷᠭᠡ ᠪᠠᠷ ᠰᠢᠭᠤᠳ ᠨᠡᠪᠲᠡᠷᠡᠭᠦᠯᠵᠦ᠂ ᠪᠥᠬᠦ ᠤᠯᠤᠰ ᠤᠨ ᠡᠯ᠎ᠡ ᠭᠠᠵᠠᠷ ᠤᠨ ᠵᠣᠴᠢᠨ ᠬᠤᠳᠠᠯᠳᠤᠭᠠᠴᠢᠨ | ᠪᠠ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠣᠷᠣᠯᠴᠠᠵᠤ᠂ ᠲᠤᠬᠠᠶ ᠶᠢᠨ ᠲᠠᠯᠠᠪᠠᠶ ᠳᠤ 14 ᠲᠦᠷᠦᠯ ᠵᠦᠢᠯ | ᠯᠤᠭ᠎ᠠ ᠠᠮᠵᠢᠯᠳᠠ ᠲᠠᠢ ᠭᠡᠷ᠎ᠡ ᠲᠣᠭᠲᠠᠵᠤ᠂ ᠬᠡᠯᠡᠯᠴᠡᠭᠡᠷ ᠲᠣᠭᠲᠠᠭᠰᠠᠨ ᠵᠣᠭᠤᠰᠣᠨ ᠲᠤᠭ᠎ᠠ 112.6 ᠳ᠋ᠦᠩᠰᠢᠭᠤᠷ | ᠲᠥᠭᠦᠷᠢᠭ ᠲᠤ ᠬᠦᠷᠴᠡᠶ᠃ | ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠶᠢᠨ | ᠬᠦᠭᠵᠢᠯᠳᠡ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠬᠤ ᠲᠤᠬᠠᠶ ᠴᠣᠬᠤᠯᠠᠪᠤᠷᠢ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠬᠤ ᠶᠢᠨ ᠲᠥᠯᠥᠭᠡ᠂ ᠦᠬᠠᠶ ᠬᠤᠲᠠ ᠶᠢᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠰᠦᠯᠵᠢᠶᠡᠨ ᠤ ᠰᠢᠨ᠎ᠡ ᠵᠠᠭᠤᠴᠢᠯᠠᠭᠤᠷ ᠤᠨ ᠰᠢᠭᠤᠳ ᠨᠡᠪᠲᠡᠷᠡᠭᠦᠯᠬᠦ ᠲᠠᠪᠴᠠᠩ ᠢ ᠠᠰᠢᠭᠯᠠᠨ᠂ | ︽ᠨᠢᠭᠤᠷ ᠠᠭᠤᠯᠵᠠᠬᠤ ᠥᠬᠡᠶ︾ ︽ᠡᠭᠦᠯᠡᠨ ᠲᠡᠪᠴᠠᠩ ᠳᠤ ᠭᠡᠷ᠎ᠡ ᠲᠣᠭᠲᠠᠬᠤ︾ ᠰᠦᠯᠵᠢᠶᠡᠨ ᠳᠡᠭᠡᠷᠡᠬᠢ ᠪᠠ | ᠰᠦᠯᠵᠢᠶᠡᠨ ᠠᠴᠠ ᠭᠠᠳᠠᠨᠠᠬᠢ ᠶᠢ ᠣᠶᠠᠯᠳᠣᠭᠤᠯᠬᠤ ᠬᠡᠯᠪᠡᠷᠢ ᠶᠢ ᠠᠪᠴᠤ᠂ ᠪᠥᠬᠦ ᠤᠯᠤᠰ ᠤᠨ ᠡᠯ᠎ᠡ ᠭᠠᠵᠠᠷ ᠤᠨ | ᠵᠣᠴᠢᠨ ᠬᠤᠳᠠᠯᠳᠤᠭᠠᠴᠢᠨ ᠪᠠ ᠥᠷᠭᠡᠨ ᠣᠯᠠᠨ ᠰᠦᠯᠵᠢᠶᠡᠨ ᠠᠨᠳᠠ ᠨᠠᠷ ᠯᠤᠭ᠎ᠠ ᠰᠦᠯᠵᠢᠶᠡᠨ ᠤ ᠡᠭᠦᠯᠡᠨ ᠣᠷᠣᠨ | ᠵᠠᠶ ᠳᠤ ᠪᠤᠯᠵᠤᠵᠤ᠂ ᠦᠬᠠᠶ ᠶᠢᠨ ᠰᠢᠨ᠎ᠡ ᠳᠦᠷᠢ ᠲᠥᠷᠬᠦ ᠶᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ | ᠬᠥᠭᠵᠢᠯᠲᠡ ᠶᠢᠨ ᠰᠢᠨ᠎ᠡ ᠠᠵᠠ ᠲᠣᠬᠢᠶᠠᠯ ᠢ ᠡᠵᠡᠮᠳᠡᠵᠦ᠂ ᠬᠥᠭᠵᠢᠯᠲᠡ ᠶᠢᠨ ᠰᠢᠨ᠎ᠡ ᠪᠠᠶᠢᠳᠠᠯ ᠢ ᠬᠠᠮᠲᠤ ᠪᠠᠷ | ᠡᠭᠦᠳᠪᠡ᠃ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ᠂ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠬᠡᠰᠢᠬᠦᠨ᠂ ᠨᠠᠷᠢᠨ ᠪᠢᠴᠢᠭ ᠤᠨ ᠳᠠᠷᠤᠭ᠎ᠠ ᠰᠣ᠋ ᠵᠥᠩ ᠱᠧᠩ᠂ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠬᠡᠰᠢᠬᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠳ᠋ᠧᠩ ᠺᠠᠶ᠂ ᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ | ᠵᠢᠶᠠ ᠴᠢᠩ ᠳ᠋ᠦᠩ ᠬᠤᠷᠠᠯ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ | ᠳᠠᠷᠤᠭ᠎ᠠ ᠲᠠᠩ ᠢ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠵᠦ᠂ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠳᠡᠳ᠋ ᠬᠤᠲᠠ ᠶᠢᠨ ᠳᠠᠷᠤᠭ᠎ᠠ ᠸᠠᠩ ᠵᠣᠣ ᠱᠧᠩ ᠬᠤᠷᠠᠯ ᠢ ᠡᠷᠭᠢᠯᠡᠪᠡ᠃ | ᠳᠡᠳ᠋ ᠬᠤᠲᠠ ᠶᠢᠨ ᠳᠠᠷᠤᠭ᠎ᠠ ᠰᠦᠨ ᠬᠤᠤ ᠮᠠᠨ ᠤ ᠬᠤᠲᠠ ᠶᠢᠨ ᠦᠨᠳᠦᠰᠦᠨ ᠪᠠᠶᠢᠳᠠᠯ ᠢ ᠨᠠᠷᠢᠨ | ᠲᠠᠨᠢᠯᠴᠠᠭᠤᠯᠬᠤ ᠶᠢᠨ ᠬᠠᠮᠲᠤ ᠭᠤᠣᠯᠳᠠᠯᠭ᠎ᠠ ᠲᠠᠢ ᠠᠵᠤ ᠦᠢᠯᠡᠰ ᠤᠨ ᠲᠤᠬᠠᠢ ᠲᠠᠨᠢᠯᠴᠠᠭᠤᠯᠪᠠ᠃ ᠡᠯ᠎ᠡ ᠲᠣᠭᠤᠷᠢᠭ᠂ | ᠬᠤᠲᠠ ᠶᠢᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠦᠬᠠᠶ ᠶᠢᠨ ᠠᠵᠤ ᠠᠬᠤᠶ ᠶᠢᠨ | ᠨᠡᠭᠡᠭᠡᠯᠲᠡ ᠶᠢᠨ ᠤᠷᠤᠨ ᠤ ᠲᠤᠤᠷ᠎ᠠ ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠤᠨ | ᠬᠠᠮᠢᠶᠠᠷᠤᠯᠲᠠ ᠶᠢᠨ ᠵᠥᠪᠯᠡᠯ ᠤᠨ ᠭᠤᠤᠯ ᠬᠠᠷᠢᠭᠤᠴᠠᠯᠭᠠᠲᠠᠨ ᠠᠴᠠ ᠠᠵᠤ ᠦᠢᠯᠡᠰ ᠤᠨ ᠲᠥᠯᠥᠪᠵᠢᠭᠦᠯᠭᠡ᠂ ᠪᠠᠯᠠ | ᠣᠷᠣᠭᠤᠯᠤᠯᠲᠠ ᠶᠢᠨ ᠣᠷᠴᠢᠨ ᠲᠣᠭᠤᠷᠢᠨ᠂ ᠠᠵᠤ ᠦᠢᠯᠡᠰ ᠤᠨ ᠳᠠᠪᠠᠭᠤᠯᠢᠭ᠂ ᠭᠤᠤᠯᠳᠠᠯᠭ᠎ᠠ ᠲᠠᠢ ᠲᠥᠷᠥᠯ ᠵᠦᠢᠯ | ᠵᠢᠴᠢ ᠠᠵᠤ ᠦᠢᠯᠡᠰ ᠤᠨ ᠲᠥᠷᠥ ᠶᠢᠨ ᠪᠣᠳᠣᠯᠭ᠎ᠠ ᠵᠡᠷᠭᠡ ᠶᠢ ᠲᠠᠨᠢᠯᠴᠠᠭᠤᠯᠪᠠ᠃ ᠰᠧᠴᠤᠸᠠᠨ ᠮᠤᠵᠢ ᠶᠢᠨ ᠥᠪᠥᠷ | ᠮᠣᠩᠭᠤᠯ ᠤᠨ ᠬᠤᠳᠠᠯᠳᠤᠭᠠᠴᠢᠳ ᠤᠨ ᠡᠪᠯᠡᠯ᠂ ᠱᠠᠩᠬᠠᠶ ᠶᠢᠨ ᠴᠤᠸᠠᠩ ᠨᠦᠸᠧ ᠡᠮᠴᠢᠯᠡᠭᠡᠨ ᠤ ᠪᠦᠯᠦᠭᠯᠡᠯ ᠤᠨ | ᠲᠦᠯᠦᠭᠡᠯᠡᠭᠴᠢ ᠠᠵᠤ ᠠᠬᠤᠶᠢᠯᠠᠯ ᠢᠶᠠᠨ ᠲᠥᠯᠥᠭᠡᠯᠡᠨ ᠰᠦᠯᠵᠢᠶᠡᠨ ᠳᠡᠭᠡᠷ᠎ᠡ ᠬᠠᠷᠢᠯᠴᠠᠨ ᠬᠥᠳᠡᠯᠦᠯᠴᠡᠬᠦ ᠶᠠᠷᠢᠶ᠎ᠠ | ᠲᠠᠯᠪᠢᠵᠤ᠂ ᠪᠠᠯᠠ ᠣᠷᠣᠭᠤᠯᠤᠯᠲᠠ ᠶᠢᠨ ᠶᠠᠪᠤᠴᠠ ᠵᠢᠴᠢ ᠲᠥᠷᠥᠭᠳᠡᠯ ᠢᠶᠠᠨ ᠬᠤᠪᠢᠶᠠᠯᠴᠠᠪᠠ᠃ ᠬᠤᠷᠠᠯ ᠳᠡᠭᠡᠷ᠎ᠡ | ᠪᠠᠰᠠ ᠰᠢᠭᠤᠳ ᠨᠡᠪᠲᠡᠷᠡᠭᠦᠯᠬᠦ ᠬᠡᠯᠪᠡᠷᠢ ᠪᠠᠷ ᠳᠠᠮᠵᠢᠭᠤᠯᠤᠨ ᠬᠤᠳᠠᠯᠳᠤᠭᠠᠴᠢᠨ ᠤᠷᠢᠬᠤ ᠭᠤᠤᠯᠳᠠᠯᠭ᠎ᠠ ᠲᠠᠢ ᠲᠥᠷᠥᠯ | ᠵᠦᠢᠯ ᠢ 106 ᠨᠡᠶᠢᠲᠡᠯᠡᠵᠦ᠂ ᠲᠥᠷᠥᠯ ᠵᠦᠢᠯ ᠳᠤ ᠨᠠᠷᠢᠯᠢᠭ ᠬᠢᠮᠢ ᠶᠢᠨ ᠠᠵᠤ ᠦᠢᠯᠡᠳᠪᠦᠷᠢ᠂ ᠰᠢᠨ᠎ᠡ ᠡᠨᠧᠷᠭᠢ᠂ | ᠰᠢᠨ᠎ᠡ ᠮᠠᠲ᠋ᠧᠷᠢᠶᠠᠯ᠂ ᠠᠮᠢᠳᠤ ᠪᠣᠳᠠᠰ ᠤᠨ ᠡᠮ ᠡᠮᠨᠡᠯᠭᠡ᠂ ᠲᠣᠨᠤᠭ ᠲᠥᠬᠦᠭᠡᠷᠦᠮᠵᠢ ᠦᠢᠯᠡᠳᠬᠦ᠂ ᠣᠶᠤᠨᠴᠢ | ᠠᠦ᠋ᠲ᠋ᠣᠴᠢᠯᠠᠯᠲᠠ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ᠂ ᠴᠡᠷᠢᠭ ᠠᠷᠠᠳ ᠤᠨ ᠬᠡᠷᠡᠭᠯᠡᠭᠡ ᠶᠢ | ᠠᠭᠤᠰᠤᠯᠴᠠᠭᠤᠯᠬᠤ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠳᠡᠭᠡᠳᠦ ᠲᠠᠰ ᠤᠨ ᠠᠷᠠᠯᠵᠢᠶ᠎ᠠ | ᠬᠤᠳᠠᠯᠳᠤᠭᠠᠨ ᠤ ᠦᠢᠯᠡᠴᠢᠯᠡᠭᠡ᠂ ᠣᠲᠣ ᠦᠶ᠎ᠡ ᠶᠢᠨ ᠮᠥᠩᠭᠦᠨ ᠬᠦᠢᠯᠭᠡᠭᠡ ᠪᠠᠷᠠᠭᠠᠨ ᠤ ᠬᠦᠢᠭᠡᠭᠡ᠂ ᠰᠣᠶᠣᠯ | ᠵᠢᠭᠤᠯᠴᠢᠯᠠᠯ᠂ ᠣᠲᠣ ᠦᠶ᠎ᠡ ᠶᠢᠨ ᠲᠠᠷᠢᠶᠠᠯᠠᠩ ᠵᠡᠷᠭᠡ ᠭᠤᠷᠪᠠᠨ ᠠᠵᠤ ᠦᠢᠯᠡᠰ ᠤᠨ ᠣᠯᠠᠨ ᠬᠦᠷᠢᠶ᠎ᠡ ᠶᠢ ᠬᠠᠮᠤᠷᠴᠠᠶ | ᠃ | · ᠬᠢᠵᠢᠭ ᠤᠨ ᠪᠠᠶᠢᠳᠠᠯ ᠬᠡᠳᠦ᠋ᠢᠪᠡᠷ ᠠᠭᠤᠯᠵᠠᠬᠤ ᠶᠢ ᠬᠤᠷᠢᠭᠯᠠᠭᠰᠠᠨ ᠪᠣᠯᠪᠠᠴᠤ ᠪᠡᠯᠡ ᠣᠷᠣᠭᠤᠯᠵᠤ | ᠬᠠᠮᠲᠤᠷᠠᠨ ᠠᠵᠢᠯᠯᠠᠬᠤ ᠬᠠᠯᠠᠭᠤᠨ ᠰᠡᠳᠬᠢᠯᠭᠡ ᠪᠠ ᠬᠥᠭᠵᠢᠯᠲᠡ ᠶᠢᠨ ᠠᠯᠬᠤᠮ ᠢ ᠬᠤᠷᠢᠭᠯᠠᠵᠤ ᠳᠡᠶᠢᠯᠬᠦ ᠦᠭᠡᠢ ᠶᠤᠮ | ᠃ ᠲᠥᠷᠥᠯ ᠵᠦᠢᠯ ᠢ ᠵᠣᠯᠭᠠᠭᠤᠯᠬᠤ ᠪᠠ ᠬᠠᠷᠢᠯᠴᠠᠨ ᠵᠥᠪᠳᠡᠯᠴᠡᠬᠦ ᠪᠠᠷ ᠳᠠᠮᠵᠢᠨ᠄ | · ᠪᠡᠭᠡᠵᠢᠩ ᠤᠨ ᠵᠢᠩ ᠶᠦᠨ ᠲᠦᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ | ᠬᠢᠵᠠᠭᠠᠷᠲᠤ ᠺᠤᠮᠫᠠᠨᠢ ᠶᠢᠨ 23.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠣᠭᠰᠠᠨ 10GW ᠥᠨᠳᠥᠷ | ᠪᠦᠲᠦᠮᠵᠢᠲᠡᠶ ᠳᠠᠩ ᠲᠠᠯᠠᠰᠲᠤ ᠴᠠᠬᠢᠭᠤᠷ ᠰᠢᠳᠠᠮ ᠤᠨ ᠲᠦᠷᠦᠯ ᠵᠦᠢᠯ | · ᠪᠡᠭᠡᠵᠢᠩ ᠤᠨ ᠵᠢᠶᠠᠨ ᠯᠦᠩ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ | 15 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠭᠰᠠᠨ H ᠪᠣᠯᠣᠳ ᠲᠡᠮᠦᠷ ᠤᠨ ᠲᠥᠷᠥᠯ ᠵᠦᠢᠯ | · ᠽᠢ ᠪᠥᠸᠧ ᠶᠢᠨ ᠰᠢᠩ ᠵᠢᠶ ᠬᠤᠪᠢ ᠡᠵᠡᠮᠳᠡᠬᠦ ᠬᠢᠵᠠᠭᠠᠷᠲᠤ ᠺᠣᠮᠫᠠᠨᠢ ᠶᠢᠨ 8 ᠳ᠋ᠦᠩᠰᠢᠭᠤᠷ ᠲᠥᠭᠦᠷᠢᠭ ᠤᠨ | ᠪᠠᠯᠠ ᠣᠷᠣᠭᠤᠯᠤᠭᠰᠠᠨ ᠪᠣᠬᠢᠷᠲᠤᠯ ᠥᠬᠡᠶ ᠥᠨᠳᠥᠷ ᠦᠷ᠎ᠡ ᠠᠰᠢᠭᠲᠤ ᠡᠪᠡᠰᠦ ᠠᠷᠢᠯᠭᠠᠭᠴᠢ ᠡᠮ ᠤᠨ ᠲᠥᠷᠥᠯ | ᠵᠦᠢᠯ | · ᠾᠧᠪᠧᠶ ᠶᠢᠨ ᠳ᠋ᠡ ᠰᠢᠩ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ 10 ᠳ᠋ᠦᠩᠰᠢᠭᠤᠷ ᠲᠥᠭᠦᠷᠢᠭ ᠤᠨ | ᠪᠡᠯᠡ ᠣᠷᠣᠭᠤᠯᠤᠭᠰᠠᠨ ᠮᠧᠲ᠋ᠢᠯ ᠨᠠᠹᠲ᠋ᠤᠯᠧᠨ ᠤ ᠲᠥᠷᠥᠯ ᠵᠦᠢᠯ | · ᠦᠬᠠᠶ ᠬᠤᠲᠠ ᠶᠢᠨ ᠿᠦᠩ ᠰᠢᠨ ᠡᠨᠧᠷᠭᠢ ᠶᠢᠨ ᠠᠵᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠶᠢᠨ 12 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠭᠰᠠᠨ ᠵᠢᠯ ᠳᠤ 15 ᠲᠦᠮᠡᠨ ᠲᠣᠨ ᠪᠤᠨ᠋ᠽᠤᠨ᠋ᠳᠤ | ᠤᠰᠤᠲᠥ᠋ᠷᠥᠭᠴᠢ ᠦᠢᠯᠡᠳᠪᠦᠷᠢᠯᠡᠬᠦ ᠪᠠ 5 ᠲᠦᠮᠡᠨ ᠲᠣᠨ ᠵᠡᠭᠦᠯᠢᠭ ᠬᠡᠤᠷᠡᠰᠦ ᠦᠢᠯᠡᠳᠪᠦᠷᠢᠯᠡᠬᠦ ᠲᠥᠷᠥᠯ ᠵᠦᠢᠯ | · ᠥᠪᠥᠷ ᠮᠣᠩᠭᠤᠯ ᠤᠨ ᠵᠢᠶᠦ᠋ᠨ ᠲᠢᠶᠠᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠦᠯᠦᠭᠯᠡᠯ ᠤᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ 17.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠣᠭᠰᠠᠨ ︽ | ᠬᠠᠲᠤᠨ ᠭᠤᠤᠯ ᠤᠨ ︿几﹀ ᠦᠰᠦᠭᠲᠦ ᠲᠤᠬᠤᠢ ᠶᠢᠨ ᠰᠣᠶᠣᠯ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ︾ | ᠶᠢᠨ ᠲᠥᠷᠥᠯ ᠵᠦᠢᠯ | · ᠠᠨᠾᠦ᠋ᠢ ᠮᠤᠵᠢ ᠶᠢᠨ ᠱᠢ ᠯᠢᠶᠠᠨ ᠣᠨᠴᠠ ᠲᠥᠷᠥᠯ ᠤᠨ ᠠᠭᠤᠰᠬᠠᠭᠴᠢ ᠶᠢᠨ ᠬᠤᠪᠢ ᠣᠷᠣᠭᠤᠯᠤᠭᠰᠠᠨ | ᠬᠢᠵᠠᠭᠠᠷᠲᠤ ᠺᠤᠮᠫᠠᠨᠢ ᠶᠢᠨ 5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠭᠰᠠᠨ ᠵᠢᠯ ᠳᠤ 2 ᠲᠦᠮᠡᠨ ᠲᠣᠨ | ᠳᠡᠮ ᠪᠧᠨᠽᠧᠨ ᠬᠤᠶᠠᠷᠴᠢ ᠹᠧᠨᠣᠯ ᠦᠢᠯᠡᠳᠪᠦᠷᠢᠯᠡᠬᠦ ᠲᠥᠷᠥᠯ ᠵᠦᠢᠯ | · ᠦᠬᠠᠶ ᠬᠤᠲᠠ ᠶᠢᠨ ᠵᠧ ᠮᠧᠩ ᠬᠠᠢ ᠢᠯᠴᠢ ᠶᠢᠨ ᠴᠠᠬᠢᠯᠭᠠᠨ ᠤ ᠬᠢᠵᠠᠭᠠᠷᠲᠤ ᠺᠣᠮᠫᠠᠨᠢ ᠶᠢᠨ 4.5 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠭᠰᠠᠨ ᠦᠬᠠᠶ ᠶᠢᠨ ᠠᠵᠤ ᠠᠬᠤᠶ ᠶᠢᠨ ᠨᠡᠭᠡᠭᠡᠯᠲᠡ ᠶᠢᠨ ᠣᠷᠣᠨ ᠤ | ᠨᠲ᠋ᠤᠤᠷᠠ ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠤᠨ ᠢᠯᠴᠢ ᠶᠢᠨ ᠴᠠᠬᠢᠯᠭᠠᠨ ᠤ ᠬᠠᠮᠲᠤᠷᠠᠨ | ᠦᠢᠯᠡᠳᠪᠦᠷᠢᠯᠡᠬᠦ ᠲᠥᠷᠥᠯ ᠵᠦᠢᠯ | · ᠥᠪᠥᠷ ᠮᠣᠩᠭᠤᠯ ᠤᠨ ᠶᠠ ᠸᠧᠢ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ 6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠭᠰᠠᠨ ᠦᠬᠠᠶ | ᠬᠤᠲᠠ ᠶᠢᠨ ᠣᠲᠣ ᠦᠶ᠎ᠡ ᠶᠢᠨ ᠥᠨᠳᠥᠷ ᠦᠷ᠎ᠡ ᠠᠰᠢᠭᠲᠤ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ | ᠲᠣᠭᠤᠷᠢᠭ ᠤᠨ ᠲᠥᠷᠥᠯ ᠵᠦᠢᠯ | · ᠬᠠᠩᠵᠧᠦ ᠶᠢᠨ ᠯᠠᠨ ᠰᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ 4 ᠳ᠋ᠦᠩᠰᠢᠭᠤᠷ | ᠲᠦᠬᠦᠷᠢᠭ ᠤᠨ ᠪᠡᠯᠡ ᠤᠷᠤᠭᠤᠯᠤᠭᠰᠠᠨ ᠠᠵᠤ ᠦᠢᠯᠡᠳᠪᠦᠷᠢ ᠶᠢᠨ ᠤᠶᠤᠨᠲᠤ ᠮᠠᠰᠢᠨ ᠬᠥᠮᠦᠨ ᠤᠭᠰᠠᠷᠠᠬᠤ | ᠰᠠᠭᠤᠷᠢᠨ ᠭᠠᠵᠠᠷ ᠤᠨ ᠲᠥᠷᠥᠯ ᠵᠦᠢᠯ | · ᠵᠧᠵᠢᠶᠠᠩ ᠤᠨ ᠵᠢᠶᠠᠩ ᠱᠠᠨ ᠶᠤᠸᠠᠨ ᠵᠧᠩ ᠬᠢᠮᠢ ᠶᠢᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ | ᠮᠡᠷᠭᠡᠵᠢᠯ ᠦᠨ ᠬᠢᠵᠠᠭᠠᠷᠲᠤ ᠺᠣᠮᠫᠠᠨᠢ ᠶᠢᠨ 5 ᠳ᠋ᠦᠩᠰᠢᠭᠤᠷ ᠲᠥᠭᠦᠷᠢᠭ ᠤᠨ ᠣᠷᠭᠠᠨᠢᠭ ᠠᠯᠺᠣᠣᠯ ᠤᠨ ᠮᠧᠲ᠋ᠢᠯ | ᠪᠦᠯᠦᠭ ᠤᠨ ᠪᠢᠲ ᠡᠭᠡᠶ ᠦᠵᠦᠭᠦᠷ ᠤᠨ ᠲᠥᠷᠥᠯ ᠵᠦᠢᠯ | · ᠥᠪᠥᠷ ᠮᠣᠩᠭᠤᠯ ᠤᠨ ᠢ ᠵᠢᠶᠠ ᠡᠳ᠋ ᠪᠠᠷᠠᠭᠠᠨ ᠤ ᠬᠦᠢᠯᠭᠡᠭᠡᠨ ᠤ ᠬᠢᠵᠠᠭᠠᠷᠲᠤ ᠺᠣᠮᠫᠠᠨᠢ ᠶᠢᠨ 1.3 | ᠳ᠋ᠦᠩᠰᠢᠭᠤᠷ ᠲᠦᠭᠦᠷᠢᠭ ᠤᠨ ᠪᠠᠯᠠ ᠣᠷᠣᠭᠤᠯᠤᠭᠰᠠᠨ ᠣᠶᠤᠨᠴᠢ ᠮᠡᠳᠡᠭᠡ ᠵᠠᠩᠭᠢᠵᠢᠯᠲᠠ ᠶᠢᠨ ᠶᠡᠷᠦᠩᠬᠡᠶᠢᠯᠡᠭᠰᠡᠨ ᠡᠳ᠋ | ᠪᠠᠷᠠᠭᠠᠨ ᠤ ᠬᠦᠢᠯᠭᠡᠭᠡᠨ ᠤ ᠬᠦᠷᠢᠶᠡᠯᠡᠩ ᠤᠨ ᠲᠥᠷᠥᠯ ᠵᠦᠢᠯ | · ᠥᠪᠥᠷ ᠮᠣᠩᠭᠤᠯ ᠤᠨ ᠶᠦᠨ ᠵᠢᠶᠧ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ 1 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠭᠰᠠᠨ ᠠᠭᠤᠷᠬᠠᠶ ᠶᠢᠨ | ᠣᠷᠣᠨ ᠤ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢᠨ ᠬᠠᠲᠠᠭᠤ ᠬᠠᠶᠠᠭᠳᠠᠮᠠᠯ ᠵᠢᠴᠢ ᠬᠤᠭ ᠨᠣᠪᠰᠢ | ᠪᠤᠯᠠᠬᠤ ᠲᠠᠯᠠᠪᠠᠢ ᠶᠢᠨ ᠲᠥᠷᠥᠯ ᠵᠦᠢᠯ | · ᠥᠪᠥᠷ ᠮᠣᠩᠭᠤᠯ ᠤᠨ ᠤᠯᠠᠭᠠᠨᠨᠠᠭᠤᠷ ᠤᠨ ᠲᠠᠷᠢᠶᠠᠨ ᠭᠠᠵᠠᠷ ᠤᠨ ᠵᠢᠭᠤᠯᠴᠢᠯᠠᠯ ᠤᠨ ᠨᠡᠭᠡᠭᠡᠯᠲᠡ ᠶᠢᠨ | ᠬᠢᠵᠠᠭᠠᠷᠲᠤ ᠺᠣᠮᠫᠠᠨᠢ ᠶᠢᠨ 0.4 ᠳ᠋ᠦᠩᠰᠢᠭᠤᠷ ᠲᠥᠭᠦᠷᠢᠭ ᠤᠨ ᠤᠯᠠᠭᠠᠨᠨᠠᠭᠤᠷ ᠤᠨ ᠮᠠᠢ ᠵᠢᠢ ᠳ᠋ᠤᠤ ᠠᠷᠠᠯ ᠤᠨ TV | ᠰᠤᠳᠤᠯᠤᠨ ᠰᠤᠷᠤᠯᠴᠠᠬᠤ ᠵᠢᠵᠢᠭ ᠪᠠᠯᠭᠠᠰᠤᠨ ᠤ ᠲᠥᠷᠥᠯ ᠵᠦᠢᠯ | ᠵᠡᠷᠭᠡ 14 ᠲᠥᠷᠥᠯ ᠵᠦᠢᠯ ᠳᠤ ᠪᠠᠯᠠ ᠣᠷᠣᠭᠤᠯᠬᠤ ᠬᠡᠯᠡᠯᠴᠡᠭᠡᠷ ᠲᠣᠭᠲᠠᠵᠤ᠂ ᠭᠤᠷᠪᠠᠨ ᠠᠵᠤ ᠦᠢᠯᠡᠰ | ᠤᠨ ᠪᠥᠬᠦ ᠲᠠᠯ᠎ᠠ ᠶᠢᠨ ᠡᠯᠪᠡᠭ ᠬᠤᠷᠢᠶᠠᠯᠲᠠ ᠣᠯᠤᠭᠰᠠᠨ ᠪᠠᠶᠠᠷᠯᠠᠭᠤᠰᠢᠲᠠᠶ ᠪᠠᠶᠢᠳᠠᠯ ᠢᠯᠡᠷᠡᠵᠡᠢ᠃ | ᠦᠬᠠᠶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠡᠯ᠎ᠡ ᠲᠣᠭᠤᠷᠢᠭ᠂ ᠬᠤᠲᠠ ᠶᠢᠨ | ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠵᠢᠴᠢ ᠬᠡᠰᠡᠭ ᠠᠵᠤ ᠠᠬᠤᠶᠢᠯᠠᠯ ᠤᠨ | ᠲᠥᠯᠥᠭᠡᠯᠡᠭᠴᠢ᠂ ᠵᠠᠭᠤᠴᠢᠯᠠᠭᠤᠷ ᠤᠨ ᠰᠤᠷᠪᠤᠯᠵᠢᠯᠠᠭᠴᠢ ᠰᠢᠭᠤᠳ ᠨᠡᠪᠲᠡᠷᠡᠭᠦᠯᠭᠡ ᠶᠢᠨ ᠲᠤᠬᠠᠶ ᠶᠢᠨ ᠲᠠᠯᠠᠪᠠᠶ ᠳᠤ | ᠬᠤᠷᠠᠯ ᠳᠤ ᠣᠷᠣᠯᠴᠠᠪᠠ᠃ |