ᠨᠢᠭᠡᠳᠦᠭᠡᠷ ᠤᠯᠠᠷᠢᠯ ᠳᠤ ᠮᠠᠨ ᠤ ᠬᠤᠲᠠ ᠶᠢᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠬᠡᠬᠦ  ᠶᠢ ᠡᠮᠬᠢ ᠵᠢᠷᠤᠮ ᠲᠠᠢ ᠪᠠᠷ ᠠᠬᠢᠵᠦ ᠠᠵᠤ ᠠᠬᠤᠶ ᠶᠢᠨ ᠭᠤᠤᠯ ᠬᠦᠢᠴᠡᠳᠬᠡᠯ ᠲᠤᠭ᠎ᠠ ᠠᠯᠬᠤᠮ ᠠᠯᠬᠤᠮ ᠢᠶᠠᠷ ᠳᠡᠭᠡᠭᠰᠢᠯᠡᠪᠡ
ᠨᠡᠶᠢᠲᠡᠯᠡᠭᠰᠡᠨ ᠴᠠᠭ᠄
2020-04-28
     ᠡᠨᠡ ᠵᠢᠯ ᠤᠨ ᠨᠢᠭᠡᠳᠦᠭᠡᠷ ᠤᠯᠠᠷᠢᠯ ᠳᠤ᠂ ᠮᠠᠨ ᠤ ᠬᠤᠲᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ︽ᠬᠤᠶᠠᠷ ᠲᠠᠯ᠎ᠠ ᠶᠢ ᠠᠳᠬᠤᠵᠤ᠂ ᠬᠤᠶᠠᠷ ᠢ ᠰᠠᠭᠠᠲᠠᠭᠠᠬᠤ ᠦᠭᠡᠢ︾ ᠶᠢ ᠪᠠᠷᠢᠮᠳᠠᠯᠠᠵᠦ᠂ ᠡᠯ᠎ᠡ ᠠᠵᠢᠯ ᠲᠥᠷᠥᠯ ᠤᠨ ᠬᠦᠷᠢᠶᠡᠨ ᠳᠠᠬᠢ ᠠᠵᠢᠯ ᠢᠶᠠᠨ ᠰᠡᠷᠭᠦᠬᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠤᠨᠤᠴᠢᠳᠠᠢ ᠡᠮᠬᠢ ᠵᠢᠷᠤᠮ ᠲᠠᠢ ᠪᠠᠷ ᠠᠬᠢᠭᠤᠯᠵᠤ᠂ ᠠᠵᠤ ᠠᠬᠤᠢ ᠨᠡᠶᠢᠭᠡᠮ ᠤᠨ ᠠᠵᠢᠯᠯᠠᠭᠠᠨ ᠤ ᠡᠮᠬᠢ ᠳᠢᠭᠯᠢᠮ ᠢ ᠲᠦᠷᠭᠡᠭᠡᠨ ᠰᠡᠷᠭᠦᠭᠡᠵᠦ᠂ 3 ᠳ᠋ᠤᠭᠠᠷ ᠰᠠᠷ᠎ᠠ ᠳᠤ ᠭᠤᠣᠯ ᠪᠣᠯᠬᠤ ᠠᠵᠤ ᠠᠬᠤᠢ ᠶᠢᠨ ᠬᠦᠢᠴᠡᠳᠭᠡᠯ ᠲᠤᠭ᠎ᠠ ᠦᠷᠭᠦᠯᠵᠢᠯᠡᠨ ᠲᠡᠭᠡᠭᠰᠢᠯᠡᠵᠦ᠂ ᠠᠵᠤ ᠦᠢᠯᠡᠳᠪᠦᠷᠢ ᠲᠣᠭᠲᠠᠭᠤᠨ ᠢᠶᠠᠷ ᠨᠡᠮᠡᠭᠳᠡᠵᠦ᠂ ᠪᠡᠯᠡ ᠣᠷᠣᠭᠤᠯᠤᠯᠲᠠ ᠶᠢᠨ ᠲᠥᠷᠥᠯ ᠵᠦᠢᠯ ᠨᠡᠮᠡᠭᠳᠡᠵᠦ᠂ ᠬᠡᠷᠡᠭᠯᠡᠭᠡ ᠲᠦᠷᠭᠡᠨ ᠰᠡᠷᠭᠦᠵᠦ᠂ ᠭᠤᠣᠯ ᠪᠣᠯᠬᠤ ᠬᠦᠢᠴᠡᠳᠭᠡᠯ ᠲᠤᠭᠠᠨ ᠤ ᠲᠤᠭ᠎ᠠ ᠪᠠᠷᠢᠮᠲᠠ ᠨᠢ ᠪᠦᠬᠦ ᠤᠯᠤᠰ᠂ ᠪᠦᠬᠦ ᠣᠷᠣᠨ ᠤ ᠳᠤᠮᠳᠠᠴᠢ ᠬᠢᠷᠢ ᠲᠦᠪᠰᠢᠨ ᠠᠴᠠ ᠥᠨᠳᠥᠷ ᠪᠣᠯᠵᠠᠢ᠃      ᠪᠣᠳᠠᠲᠠᠶ ᠬᠦᠢᠴᠡᠳᠬᠡᠯ ᠲᠤᠭ᠎ᠠ ᠠᠴᠠ ᠠᠪᠴᠤ ᠦᠵᠡᠪᠡᠯ᠂ ᠨᠢᠭᠡᠳᠦᠭᠡᠷ ᠤᠯᠠᠷᠢᠯ ᠳᠤ᠂ ᠮᠠᠨ ᠤ ᠬᠤᠲᠠ ᠶᠢᠨ GDP ᠠᠳᠠᠯᠢ ᠬᠤᠭᠤᠴᠠᠭᠠᠨ ᠤ ᠬᠢ ᠠᠴᠠ 1.7% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠪᠥᠬᠦ ᠣᠷᠣᠨ ᠤ ᠬᠠᠮᠤᠭ ᠪᠠᠭ᠎ᠠ ᠠᠶᠢᠮᠠᠭ ᠬᠤᠲᠠ ᠪᠣᠯᠤᠨ᠎ᠠ︔ ᠠᠵᠤ ᠦᠢᠯᠡᠳᠪᠦᠷᠢ ᠶᠢᠨ ᠠᠵᠤ ᠠᠬᠤᠶ ᠲᠤᠯᠭᠠᠭᠤᠷᠢᠯᠠᠯ  ᠤᠨ ᠦᠢᠯᠡᠳᠦᠯ ᠢᠶᠠᠨ ᠪᠠᠳᠠᠷᠠᠭᠤᠯᠵᠤ᠂ 8.1% ᠪᠠᠷ ᠨᠡᠮᠡᠭᠳᠡᠬᠦ ᠬᠤᠷᠳᠤᠴᠠ ᠪᠠᠷ ᠪᠥᠬᠦ ᠤᠷᠤᠨ ᠳᠤ ᠲᠡᠷᠢᠬᠦᠯᠡᠵᠦ᠂ ᠪᠥᠬᠦ ᠣᠷᠣᠨ ᠤ ᠬᠢᠷᠢ ᠲᠦᠪᠰᠢᠨ ᠠᠴᠠ 11 ᠵᠠᠭᠤᠨ ᠤ ᠨᠢᠭᠡᠴᠢ ᠥᠨᠳᠥᠷ ᠪᠣᠯᠪᠠ︔ ᠬᠡᠰᠡᠭ ᠠᠵᠤ ᠠᠬᠤᠶ ᠶᠢᠨ ᠬᠦᠢᠴᠡᠳᠬᠡᠯ ᠲᠤᠭ᠎ᠠ ᠢᠯᠡᠳᠲᠡ ᠰᠠᠶᠢᠵᠢᠷᠠᠵᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭᠠᠨ ᠤ ᠪᠠᠭᠤᠷᠠᠭᠰᠠᠨ ᠬᠡᠮᠵᠢᠶ᠎ᠡ ᠨᠢ ᠲᠦᠷᠦᠭᠦᠤ ᠬᠤᠶᠠᠷ ᠰᠠᠷ᠎ᠠ ᠶᠢᠨ ᠬᠢ ᠠᠴᠠ ᠵᠠᠭᠤᠨ ᠤ ᠬᠠᠷᠢᠴᠠᠯ ᠢᠶᠠᠷ 6.4 ᠬᠤᠪᠢ ᠪᠠᠭᠠᠰᠴᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠪᠦᠲᠦᠮᠵᠢᠲᠡᠶ ᠬᠢᠵᠠᠭᠠᠷᠯᠠᠭᠳᠠᠵᠤ᠂ ᠥᠰᠥᠯᠲᠡ ᠶᠢᠨ ᠬᠡᠮᠵᠢᠶ᠎ᠡ ᠨᠢ ᠲᠦᠷᠦᠭᠦᠤ ᠰᠠᠷ᠎ᠠ ᠶᠢᠨ ᠬᠢ ᠠᠴᠠ 0.5 ᠵᠠᠭᠤᠨ ᠤ ᠨᠢᠭᠡᠴᠢ ᠪᠠᠭᠤᠷᠠᠪᠠ᠃      ᠠᠵᠤ ᠠᠬᠤᠶ ᠶᠢᠨ ᠠᠵᠢᠯᠯᠠᠭᠠᠨ ᠤ ᠣᠨᠴᠠᠯᠢᠭ ᠠᠴᠠ ᠦᠵᠡᠪᠡᠯ᠂ ᠨᠢᠭᠡᠳᠦᠭᠡᠷ ᠤᠯᠠᠷᠢᠯ ᠳᠤ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠨᠡᠮᠡᠭᠳᠡᠯ ᠢᠶᠠᠨ ᠪᠠᠲᠤᠯᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 8.1% ᠪᠠᠷ ᠨᠡᠮᠡᠭᠳᠡᠵᠦ᠂ ᠲᠦᠷᠦᠭᠦᠤ ᠰᠠᠷ᠎ᠠ ᠶᠢᠨ ᠬᠢ ᠠᠴᠠ 0.5 ᠵᠠᠭᠤᠨ ᠤ ᠨᠢᠭᠡᠴᠢ ᠲᠦᠷᠭᠡᠨ ᠪᠣᠯᠪᠠ᠃ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ᠂ ᠪᠠᠷᠢᠯᠭ᠎ᠠ ᠶᠢᠨ ᠮᠠᠲ᠋ᠧᠷᠢᠶᠠᠯ ᠪᠠ ᠲᠡᠮᠦᠷᠯᠢᠭ ᠬᠠᠶᠢᠯᠤᠭᠤᠯᠬᠤ ᠦᠢᠯᠡᠰ ᠪᠣᠯ ᠨᠢᠭᠡᠳᠦᠭᠡᠷ ᠤᠯᠠᠷᠢᠯ ᠤᠨ ᠠᠵᠤ ᠦᠢᠯᠡᠳᠪᠦᠷᠢ ᠶᠢᠨ ᠲᠦᠷᠭᠡᠨ ᠨᠡᠮᠡᠭᠳᠡᠯ ᠢ ᠲᠤᠯᠭᠠᠭᠤᠷᠢᠯᠠᠬᠤ ᠭᠤᠤᠯ ᠬᠥᠳᠡᠯᠭᠡᠭᠴᠢ ᠬᠦᠴᠦᠨ ᠮᠥᠨ᠂ ᠭᠤᠷᠪᠠᠨ ᠶᠡᠭᠡ ᠠᠵᠢᠯ ᠲᠦᠷᠦᠯ ᠤᠨ ᠨᠡᠮᠡᠭᠳᠡᠯ ᠦᠷᠳᠡᠭ ᠲᠤᠰ ᠲᠤᠰ 12.2%᠂ 90.9%᠂ 176.5% ᠪᠠᠷ ᠨᠡᠮᠡᠭᠳᠡᠪᠡ᠃ ᠨᠡᠭᠦᠷᠡᠰᠦᠨ ᠤ ᠭᠠᠷᠤᠯᠲᠠ 1067 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19.6% ᠨᠡᠮᠡᠭᠳᠡᠪᠡ︔ ᠴᠡᠪᠡᠷ ᠨᠡᠭᠦᠷᠡᠰᠦ 567 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.5% ᠨᠡᠮᠡᠭᠳᠡᠪᠡ︔ ᠪᠣᠯᠣᠳ ᠮᠠᠲ᠋ᠧᠷᠢᠶᠠᠯ 37.05 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 579.2% ᠨᠡᠮᠡᠭᠳᠡᠪᠡ᠃ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠭᠰᠡᠨ ᠠᠵᠤ ᠠᠬᠤᠶᠢᠯᠠᠯ ᠦᠷᠭᠦᠯᠵᠢᠯᠡᠨ ᠨᠡᠮᠡᠭᠳᠡᠵᠦ᠂ ᠨᠢᠭᠡᠳᠦᠭᠡᠷ ᠤᠯᠠᠷᠢᠯ ᠳᠤ ᠪᠦᠬᠦ ᠬᠤᠲᠠ ᠶᠢᠨ 157 ᠡᠷᠦᠬᠡ ᠬᠡᠪᠴᠢᠶᠡᠵᠢᠯ ᠠᠴᠠ ᠳᠡᠭᠡᠷᠡᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ 150 ᠡᠷᠦᠬᠡ ᠨᠢ ᠠᠵᠢᠯ ᠢᠶᠠᠨ ᠰᠡᠷᠭᠦᠭᠡᠵᠦ᠂ 2 ᠳ᠋ᠣᠭᠠᠷ ᠰᠠᠷ᠎ᠠ ᠶᠢᠨ ᠬᠢ ᠠᠴᠠ 27 ᠡᠷᠦᠬᠡ ᠨᠡᠮᠡᠭᠳᠡᠪᠡ᠃ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ ᠳᠠᠶᠢᠴᠢᠯᠠᠯᠲᠠ ᠬᠦᠴᠦᠲᠡᠶ ᠪᠠᠶᠢᠵᠤ᠂ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 25.9% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠬᠢ ᠠᠴᠠ 17.8 ᠵᠠᠭᠤᠨ ᠤ ᠨᠢᠭᠡᠴᠢ ᠥᠨᠳᠥᠷ ᠪᠣᠯᠪᠠ᠃      ᠣᠳᠣᠬᠠᠨ ᠤ ᠪᠠᠶᠢᠳᠠᠯ ᠠᠴᠠ ᠦᠵᠡᠪᠡᠯ᠂ ᠪᠡᠯᠡ ᠣᠷᠣᠭᠤᠯᠤᠯᠲᠠ ᠶᠢᠨ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠵᠦ ᠪᠠᠶᠢᠭ᠎ᠠ ᠦᠨᠳᠦᠰᠦᠨ ᠪᠠᠶᠢᠳᠠᠯ ᠬᠤᠪᠢᠷᠠᠭ᠎ᠠ ᠦᠭᠡᠢ᠂ ᠮᠠᠨ ᠤ ᠬᠤᠲᠠ ᠶᠢᠨ ᠰᠢᠨ᠎ᠡ ᠪᠠᠷ ᠨᠡᠮᠡᠭᠳᠡᠭᠰᠡᠨ ᠪᠡᠯᠡ ᠤᠷᠤᠭᠤᠯᠤᠯᠳᠠ ᠶᠢᠨ ᠲᠥᠷᠥᠯ ᠵᠦᠢᠯ ᠤᠨ ᠲᠤᠭ᠎ᠠ ᠰᠠᠷ᠎ᠠ ᠳᠠᠷᠠᠭᠠᠯᠠᠨ ᠨᠡᠮᠡᠭᠳᠡᠵᠦ᠂ 3 ᠰᠠᠷ᠎ᠠ ᠳᠤ ᠰᠢᠨ᠎ᠡ ᠪᠠᠷ ᠨᠡᠮᠡᠭᠳᠡᠭᠰᠡᠨ ᠬᠥᠮᠥᠷᠭᠡ ᠳᠤ ᠣᠷᠣᠭᠤᠯᠬᠤ ᠲᠥᠷᠥᠯ ᠵᠦᠢᠯ 9 ᠪᠠᠶᠢᠵᠤ᠂ 4 ᠳ᠋ᠤᠭᠡᠷ ᠰᠠᠷ᠎ᠠ ᠳᠤ ᠬᠥᠮᠥᠷᠭᠡ ᠳᠤ ᠣᠷᠣᠭᠤᠯᠬᠤ ᠲᠥᠷᠥᠯ ᠵᠦᠢᠯ ᠰᠢᠨ᠎ᠡ ᠪᠠᠷ 20 ᠨᠡᠮᠡᠭᠳᠡᠬᠦ ᠪᠣᠯᠤᠨ᠎ᠠ᠃ ᠠᠵᠤ ᠦᠢᠯᠡᠳᠪᠦᠷᠢ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 37.9% ᠪᠠᠷ ᠨᠡᠮᠡᠭᠳᠡᠵᠦ᠂ ᠪᠥᠬᠦ ᠣᠷᠣᠨ ᠤ ᠵᠢᠷᠭᠤᠳᠤᠭᠠᠷ ᠲᠤ ᠣᠷᠣᠵᠤ᠂ ᠪᠥᠬᠦ ᠪᠠᠯᠠ ᠣᠷᠣᠭᠤᠯᠤᠯᠲᠠ ᠶᠢᠨ 50.2% ᠢ ᠡᠵᠡᠯᠡᠵᠦ᠂ ᠨᠢᠭᠡᠳᠦᠭᠡᠷ ᠣᠯᠠᠷᠢᠯ ᠤᠨ ᠪᠠᠯᠠ ᠣᠷᠣᠭᠤᠯᠤᠯᠲᠠ ᠳᠤ ᠦᠵᠡᠭᠦᠯᠦᠭᠰᠡᠨ ᠬᠤᠪᠢ ᠨᠡᠮᠡᠷᠢ ᠶᠢᠨ ᠦᠢᠯᠡᠳᠦᠯ ᠲᠣᠪᠤᠶᠢᠮ᠎ᠠ ᠪᠠᠶᠢᠨ᠎ᠠ᠃ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠪᠠᠯᠠ ᠣᠷᠣᠭᠤᠯᠤᠯᠲᠠ 56.5% ᠨᠡᠮᠡᠭᠳᠡᠵᠦ᠂ ᠭᠤᠤᠯᠳᠠᠭᠤ ᠨᠡᠭᠦᠷᠡᠰᠦ ᠬᠡᠤᠷᠰᠢᠭᠦᠯᠬᠦ᠂ ᠬᠢᠮᠢ ᠶᠢᠨ ᠠᠵᠤ ᠦᠢᠯᠡᠳᠪᠦᠷᠢ ᠪᠠ ᠲᠡᠮᠦᠷᠯᠢᠭ ᠪᠣᠯᠪᠠᠰᠤᠷᠠᠭᠤᠯᠬᠤ ᠠᠵᠢᠯ ᠲᠦᠷᠦᠯ ᠳᠤ ᠲᠥᠪᠯᠡᠷᠡᠵᠦ᠂ ᠲᠣᠰ ᠲᠣᠰ 7.1 ᠳᠠᠬᠢᠨ᠂ 12.1 ᠳᠠᠬᠢᠨ᠂ 77 ᠳᠠᠬᠢᠨ ᠨᠡᠮᠡᠭᠳᠡᠵᠦ᠂ ᠬᠠᠩᠭᠠᠯᠭ᠎ᠠ ᠶᠢᠨ ᠶᠠᠰᠤ ᠴᠢᠨᠠᠷ ᠪᠠ ᠪᠦᠲᠦᠴᠡ ᠶᠢ ᠰᠢᠯᠢᠳᠡᠭᠵᠢᠭᠦᠯᠬᠦ᠂ ᠮᠡᠷᠭᠡᠵᠢᠯ ᠤᠨ ᠳᠠᠪᠰᠢᠯᠲᠠ ᠶᠢ ᠠᠬᠢᠭᠤᠯᠬᠤ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠳᠤ ᠢᠳᠡᠪᠬᠢᠲᠡᠶ ᠦᠢᠯᠡᠳᠦᠯ ᠦᠵᠡᠬᠦᠯᠬᠦ ᠪᠤᠯᠤᠨ᠎ᠠ      ᠦᠢᠯᠡᠴᠢᠯᠡᠭᠡᠨ ᠤ ᠦᠢᠯᠡᠰ ᠬᠢᠵᠢᠭ ᠤᠨ ᠪᠠᠶᠢᠳᠠᠯ ᠤᠨ ᠨᠥᠯᠥᠭᠡ ᠶᠢ ᠨᠡᠯᠢᠶᠡᠳ ᠬᠦᠨᠳᠦ ᠨᠣᠴᠢᠲᠠᠶ ᠭᠥᠷᠳᠡᠭᠰᠡᠨ ᠪᠤᠯᠪᠠᠴᠦ ᠪᠠᠭᠤᠷᠠᠯᠲᠠ ᠶᠢᠨ ᠬᠡᠮᠵᠢᠶ᠎ᠡ ᠨᠢ ᠪᠠᠭᠠᠰᠴᠤ᠂ ᠵᠠᠷᠢᠮ ᠠᠵᠢᠯ ᠲᠥᠷᠥᠯ ᠵᠢᠱᠢᠶᠡᠯᠡᠪᠡᠯ ᠵᠠᠬᠢᠶᠠᠯᠠᠭ᠎ᠠ  ᠶᠢᠨ ᠲᠠᠪᠴᠠᠩ᠂ ᠳᠣᠭᠢᠷᠠᠭᠤᠯᠤᠨ ᠬᠦᠷᠭᠡᠬᠦ ᠦᠢᠯᠡᠴᠢᠯᠡᠭᠡ ᠵᠡᠷᠭᠡ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠨᠡᠯᠢᠶᠡᠳ ᠲᠦᠷᠭᠡᠨ ᠪᠠᠶᠢᠨ᠎ᠠ᠂ ᠵᠢᠱᠢᠶᠡᠯᠡᠪᠡᠯ ᠥᠪᠥᠷ ᠮᠣᠩᠭᠤᠯ ᠤᠨ ᠴᠢᠶᠠᠨ ᠹᠠᠩ ᠲᠤᠭ᠎ᠠ ᠪᠠᠷᠢᠮᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠬᠢᠵᠢᠭ ᠤᠨ ᠬᠤᠭᠤᠴᠠᠭᠠᠨ ᠤ ᠨᠢᠭᠡᠳᠦᠭᠡᠷ ᠤᠯᠠᠷᠢᠯ ᠳᠤ ᠡᠵᠡᠩᠨᠡᠯᠲᠡ ᠶᠢᠨ ᠣᠷᠣᠯᠭ᠎ᠠ ᠪᠠᠨ 1752 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 30% ᠪᠠᠷ ᠳᠡᠭᠡᠭᠰᠢᠯᠡᠪᠡ  ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map