ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠬᠠᠶᠢᠨᠠᠨ ᠲᠣᠭᠤᠷᠢᠭ ᠲᠤ ᠭᠦᠨᠵᠡᠭᠡᠶᠢᠷᠡᠨ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020-04-29

     

     ᠣᠶᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠬᠠᠶᠢᠨᠠᠨ ᠲᠣᠭᠤᠷᠢᠭ ᠲᠤ

ᠭᠦᠨᠵᠡᠭᠡᠶᠢᠷᠡᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ

ᠬᠥᠭᠵᠢᠯᠲᠡ ᠶᠢᠨ ᠠᠵᠢᠯ ᠢ ᠪᠠᠶᠢᠴᠠᠭᠠᠨ ᠰᠤᠳᠤᠯᠪᠠ᠃ ᠲᠡᠷᠡ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ

ᠫᠢᠩ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠶ

ᠬᠥᠭᠵᠢᠯᠲᠡ ᠶᠢ ᠠᠬᠢᠭᠤᠯᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠶᠡᠷᠦᠩᠬᠡᠶ

ᠱᠦᠵᠢ ᠰᠢ ᠶᠢᠨ ᠫᠢᠩ ᠤᠨ ︽ᠬᠠᠲᠤᠨ ᠭᠤᠤᠯ ᠢ ᠵᠠᠰᠠᠬᠤ ᠳᠤ ᠭᠤᠣᠯᠳᠠᠯᠭ᠎ᠠ ᠶᠢ ᠬᠠᠮᠠᠭᠠᠯᠠᠬᠤ ᠳᠤ ᠪᠣᠶ᠂

ᠵᠠᠰᠠᠬᠤ ᠳᠤ ᠪᠣᠶ︾ ᠭᠡᠬᠦ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠠᠲᠤᠨ

ᠭᠤᠤᠯ ᠤᠨ ᠦᠬᠠᠶ ᠶᠢᠨ ᠬᠡᠰᠡᠭ ᠤᠨ ᠠᠮᠢ ᠠᠬᠤᠶ ᠶᠢᠨ ᠬᠠᠮᠠᠭᠠᠯᠠᠯᠲᠠ ᠵᠠᠰᠠᠯᠲᠠ ᠶᠢ ᠪᠥᠬᠦ ᠲᠠᠯ᠎ᠠ ᠪᠠᠷ ᠰᠠᠶᠢᠲᠤᠷ

ᠠᠳᠬᠤᠵᠤ᠂ ᠠᠮᠢ ᠠᠬᠤᠶ ᠶᠢᠨ ᠣᠷᠴᠢᠨ ᠨᠥᠬᠦᠴᠡᠯ ᠢ ᠲᠠᠰᠤᠷᠠᠯᠲᠠ ᠥᠬᠡᠶ ᠰᠠᠶᠢᠵᠢᠷᠠᠭᠤᠯᠵᠤ᠂ ᠠᠵᠤ ᠠᠬᠤᠶ

ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ ᠭᠡᠵᠡᠶ᠃

     ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠰᠦ᠋ ᠵᠥᠩ

ᠱᠧᠩ ᠬᠠᠮᠲᠤ ᠪᠠᠶᠢᠴᠠᠭᠠᠨ ᠰᠤᠳᠤᠯᠪᠠ᠃

     ᠱᠢ ᠸᠠᠨ ᠵᠢᠶᠦ᠋ᠨ ᠨᠡᠷ ᠤᠷᠢᠳ ᠬᠤᠵᠢᠳ ᠬᠠᠶᠢᠨᠠᠨ ᠲᠣᠭᠤᠷᠢᠭ ᠤᠨ ᠰᠠᠶᠢᠬᠠᠨ ᠤᠰᠤ ᠲᠣᠰᠬᠤᠨ ᠤ ᠬᠠᠳᠤᠨ

ᠭᠤᠣᠯ ᠤᠨ ᠱᠢ ᠰᠢᠩ ᠵᠣᠴᠢᠳ ᠤᠨ ᠪᠠᠭᠤᠳᠠᠯ᠂ ᠶᠠᠩ ᠶᠠᠩ ᠲᠢᠶᠠᠨ ᠢᠦᠢ ᠲᠠᠷᠢᠶᠠᠯᠠᠩ ᠤᠨ ᠰᠢᠨᠵᠢᠯᠡᠬᠦ ᠤᠬᠠᠭᠠᠨ

ᠮᠡᠷᠭᠡᠵᠢᠯ ᠤᠨ ᠺᠣᠮᠫᠠᠨᠢ ᠳᠤ ᠬᠦᠷᠴᠦ᠂ ᠬᠠᠳᠤᠨ ᠭᠤᠣᠯ ᠤᠨ ᠡᠷᠭᠢ ᠳᠠᠭᠠᠤ ᠶᠢᠨ ᠠᠮᠢ ᠠᠬᠤᠢ ᠶᠢᠨ ᠣᠷᠴᠢᠨ

ᠲᠣᠭᠤᠷᠢᠨ᠂ ᠬᠠᠳᠤᠨ ᠭᠤᠣᠯ ᠤᠨ ᠴᠢᠯᠠᠭᠤ ᠪᠠᠷ ᠪᠤᠳᠤᠭᠯᠠᠨ ᠵᠢᠷᠤᠬᠤ ᠠᠵᠢᠯ ᠤᠨ ᠲᠠᠰᠤᠭ ᠢ ᠪᠠᠶᠢᠴᠠᠭᠠᠨ ᠦᠵᠡᠵᠦ᠂

ᠬᠠᠳᠤᠨ ᠭᠤᠣᠯ ᠤᠨ ᠤᠷᠤᠰᠴᠠ᠂ ᠬᠠᠳᠤᠨ ᠭᠤᠣᠯ ᠤᠨ ᠰᠣᠶᠣᠯ ᠤᠨ ᠤᠬᠠᠭᠤᠯᠭ᠎ᠠ᠂ ᠵᠢᠭᠤᠯᠴᠢᠯᠠᠯ ᠤᠨ ᠠᠵᠤ

ᠦᠢᠯᠡᠰ ᠤᠨ ᠲᠥᠯᠥᠪᠵᠢᠭᠦᠯᠭᠡ ᠵᠡᠷᠭᠡ ᠶᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ

ᠡᠵᠡᠩᠨᠡᠯᠲᠡ ᠪᠣᠯᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠵᠡᠷᠭᠡ ᠪᠠᠶᠢᠳᠠᠯ ᠢ ᠨᠠᠷᠢᠨ ᠨᠢᠮᠪᠠᠢ ᠯᠠᠪᠯᠠᠨ

ᠠᠰᠠᠭᠤᠪᠠ᠃

     ᠪᠠᠶᠢᠴᠠᠭᠠᠨ ᠰᠤᠳᠤᠯᠤᠯᠲᠠ ᠶᠢᠨ ᠳᠤᠮᠳᠠ᠂ ᠱᠢ ᠸᠠᠨ ᠵᠢᠶᠦ᠋ᠨ᠂ ᠬᠠᠳᠤᠨ ᠭᠤᠣᠯ ᠤᠨ ᠬᠦᠪᠡᠭᠡ ᠶᠢᠨ ᠠᠮᠢ

ᠠᠬᠤᠢ ᠶᠢᠨ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠵᠤ᠂ ᠬᠠᠳᠤᠨ ᠭᠤᠣᠯ ᠤᠨ ᠰᠣᠶᠣᠯ ᠢ ᠭᠦᠨᠵᠡᠭᠡᠢ

ᠠᠭᠤᠳᠠᠯᠵᠤ᠂ ᠬᠠᠮᠠᠭᠠᠯᠠᠵᠤ᠂ ᠤᠯᠠᠮᠵᠢᠯᠠᠵᠤ᠂ ᠪᠠᠳᠠᠷᠠᠭᠤᠯᠵᠤ᠂ ᠭᠠᠵᠠᠷ ᠣᠷᠣᠨ ᠤ ᠣᠨᠴᠠᠯᠢᠭ ᠪᠠ ᠨᠤᠲᠤᠭ ᠤᠨ

ᠠᠭᠤᠷ ᠠᠮᠢᠰᠬᠤᠯ ᠢ ᠳᠣᠪᠤᠶᠢᠯᠭᠠᠵᠤ᠂ ︽ᠬᠠᠳᠤᠨ ᠭᠤᠣᠯ ᠤᠨ ᠦᠯᠢᠬᠡᠷ︾ ᠢ ᠰᠠᠶᠢᠲᠤᠷ ᠶᠠᠷᠢᠬᠤ ᠬᠡᠷᠡᠭᠲᠡᠢ ᠭᠡᠵᠦ

ᠴᠢᠬᠤᠯᠠᠴᠢᠯᠠᠪᠠ᠃ ᠬᠠᠳᠤᠨ ᠭᠤᠤᠯ ᠢᠶᠠᠷ ᠲᠦᠰᠢᠭ ᠪᠣᠯᠭᠠᠭᠰᠠᠨ ᠠᠮᠢ ᠠᠬᠤᠢ ᠶᠢᠨ ᠵᠢᠭᠤᠯᠴᠢᠯᠠᠯ ᠤᠨ ᠦᠢᠯᠡᠰ ᠢ

ᠢᠳᠡᠪᠬᠢᠲᠡᠢ ᠬᠥᠭᠵᠢᠭᠦᠯᠵᠦ᠂ ᠰᠣᠶᠣᠯ ᠬᠢᠭᠡᠳ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃

ᠣᠲᠣ ᠦᠶ᠎ᠡ ᠶᠢᠨ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠦᠵᠦᠮ ᠤᠨ ᠶᠠᠰᠤ ᠴᠢᠨᠠᠷ ᠢ ᠳᠡᠭᠡᠭᠰᠢᠯᠡᠭᠦᠯᠦᠨ᠂

ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠤᠨᠴᠠᠯᠢᠬᠳᠤ ᠠᠵᠤ ᠦᠢᠯᠡᠰ ᠤᠨ ᠥᠷᠢᠰᠦᠯᠳᠦᠬᠦ ᠬᠦᠴᠦᠨ ᠢ

ᠴᠢᠩᠭᠠᠷᠠᠭᠤᠯᠤᠨ᠂ ᠦᠵᠦᠮ ᠤᠨ ᠲᠠᠷᠢᠮᠠᠯ ᠤᠨ ᠦᠢᠯᠡᠰ᠂ ᠦᠵᠦᠮ ᠤᠨ ᠠᠷᠢᠬᠢ ᠶᠢᠨ ᠠᠵᠤ ᠦᠢᠯᠡᠰ ᠵᠢᠴᠢ

ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠰ ᠤᠨ ᠭᠦᠨᠵᠡᠭᠡᠶ ᠠᠭᠤᠰᠤᠯᠳᠤᠨ ᠬᠥᠭᠵᠢᠬᠦ ᠶᠢ ᠠᠬᠢᠭᠤᠯᠬᠤ

ᠬᠡᠷᠡᠭᠲᠡᠶ᠃ ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠤᠯᠠᠮ ᠨᠢᠭᠡ

ᠠᠯᠬᠤᠮ ᠲᠡᠭᠦᠯᠲᠡᠷᠵᠢᠭᠦᠯᠵᠦ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠶᠠᠳᠠᠭᠤ ᠬᠦᠴᠢᠷᠳᠡᠯᠲᠡᠢ ᠤᠯᠠᠨ

ᠲᠦᠮᠡᠨ ᠤ ᠶᠠᠳᠠᠭᠤ ᠠᠴᠠ ᠠᠩᠭᠢᠵᠢᠷᠠᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠵᠤ᠂ ᠠᠮᠢ ᠠᠬᠤᠢ ᠶᠢᠨ ᠦᠷ᠎ᠡ

ᠠᠰᠢᠭ᠂ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠤᠨ ᠣᠷᠭᠠᠨᠢᠭ ᠨᠢᠭᠡᠳᠦᠯ ᠢ

ᠪᠡᠶᠡᠯᠡᠭᠦᠯᠬᠦ ᠬᠡᠷᠡᠭᠲᠡᠢ᠃ ᠵᠤᠭᠠᠴᠠᠯ ᠤᠨ ᠠᠵᠤ ᠦᠢᠯᠡᠰ ᠤᠨ ᠲᠥᠯᠥᠪᠵᠢᠭᠦᠯᠭᠡ ᠵᠢᠷᠤᠭ ᠲᠥᠯᠥᠪᠯᠡᠭᠡ ᠶᠢ ᠰᠠᠶᠢᠲᠤᠷ

ᠬᠢᠵᠦ᠂ ᠬᠠᠮᠢᠶᠠᠷᠤᠯᠲᠠ ᠦᠢᠯᠡᠴᠢᠯᠡᠭᠡ ᠶᠢ ᠰᠢᠯᠢᠳᠡᠭᠵᠢᠭᠦᠯᠵᠦ᠂ ᠤᠬᠠᠭᠤᠯᠤᠨ ᠲᠠᠨᠢᠯᠴᠠᠭᠤᠯᠬᠤ ᠪᠠᠨ ᠴᠢᠩᠭᠠᠳᠬᠠᠵᠤ᠂

ᠬᠥᠭᠵᠢᠯᠲᠡ ᠶᠢᠨ ᠲᠡᠰ ᠲᠠᠪᠬᠤᠷᠭ᠎ᠠ ᠪᠠ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ ᠬᠤᠳᠠ ᠶᠢᠨ

ᠠᠮᠢ ᠠᠬᠤᠢ ᠶᠢ ᠤᠷᠢᠳ ᠢᠶᠠᠷ ᠪᠣᠳᠣᠯᠬᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ

ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ ᠵᠢᠱᠢᠶ᠎ᠡ ᠦᠵᠡᠭᠦᠯᠵᠦ ᠬᠦᠳᠦᠯᠦᠨ

ᠳᠠᠭᠠᠭᠤᠯᠬᠤ ᠬᠡᠷᠡᠭᠲᠡᠢ ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map