| | | | 4 ᠳ᠋ᠦ᠋ᠭᠡᠷ ᠰᠠᠷ᠎ᠠ ᠶᠢᠨ 29 ᠤ ᠡᠳᠦᠷ᠂ 2020 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠳᠠᠶᠢᠴᠢᠯᠠᠯᠲᠠ ᠶᠢᠨ ᠬᠤᠷᠠᠯ ᠬᠤᠷᠠᠯᠳᠤᠪᠠ᠃ ᠬᠤᠷᠠᠯ ᠨᠢ ︽ᠡᠭᠦᠯᠡᠨ ᠮᠡᠳᠡᠭᠡᠯᠡᠯ︾ ᠶᠢᠨ ᠠᠬᠤᠶ | ᠲᠠᠯᠠᠪᠠᠶ ᠶᠢᠨ ᠬᠠᠷᠠᠭᠠᠨ ᠳᠠᠪᠲᠠᠮᠵᠢ ᠶᠢᠨ ᠬᠤᠷᠠᠯ ᠤᠨ ᠬᠡᠯᠪᠡᠷᠢ ᠪᠠᠷ ᠬᠤᠷᠠᠯᠳᠤᠵᠤ᠂ ᠭᠤᠤᠯ ᠬᠤᠷᠠᠯ ᠤᠨ ᠲᠠᠯᠠᠪᠠᠶ ᠶᠢ | ᠬᠥᠬᠡᠬᠤᠲᠠ ᠶᠢᠨ ᠢ ᠯᠢ ᠣᠲᠣ ᠦᠶ᠎ᠡ ᠶᠢᠨ ᠣᠶᠤᠨ ᠤᠬᠠᠭᠠᠨ ᠡᠷᠡᠭᠦᠯ ᠮᠡᠨᠳᠦ ᠶᠢᠨ ᠬᠥᠨᠳᠡᠶ ᠶᠢᠨ ᠲᠥᠷᠥᠯ ᠵᠦᠢᠯ | ᠤᠨ ᠲᠤᠬᠠᠶ ᠶᠢᠨ ᠲᠠᠯᠠᠪᠠᠶ ᠳᠤ ᠪᠠᠶᠢᠷᠢᠯᠠᠭᠤᠯᠵᠤ᠂ ᠬᠤᠲᠠ ᠶᠢᠨ ᠤᠳᠤᠷᠢᠳᠤᠯᠭ᠎ᠠ ᠦᠬᠠᠶ ᠶᠢᠨ ᠬᠤᠪᠢᠶᠠᠷᠢ | ᠲᠠᠯᠠᠪᠠᠶ ᠶᠢᠨ ᠠᠬᠤᠶ ᠲᠠᠯᠠᠪᠠᠶ ᠶᠢᠨ ᠬᠠᠷᠠᠭᠠᠨ ᠳᠠᠪᠲᠠᠮᠵᠢ ᠪᠠᠷ ᠮᠠᠨ ᠤ ᠬᠤᠲᠠ ᠶᠢᠨ ᠡᠨᠡ ᠵᠢᠯ ᠤᠨ ᠴᠢᠬᠤᠯᠠ ᠶᠡᠭᠡ | ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠢ ᠬᠠᠷᠢᠭᠤ ᠮᠡᠳᠡᠭᠦᠯᠪᠡ᠃ | | | | | ᠵᠢᠯ ᠤᠨ ᠡᠬᠢᠨ ᠠᠴᠠ ᠨᠠᠰᠢ᠂ ᠦᠬᠠᠶ ᠬᠤᠲᠠ ᠶᠡᠷᠦᠩᠬᠡᠶ ᠱᠦᠵᠢ ᠰᠢ ᠶᠢᠨ ᠫᠢᠩ ᠤᠨ ᠠᠭᠤᠰᠬᠢᠨ | ᠦᠷᠪᠢᠰᠦᠯ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ | ᠲᠥᠯᠥᠪᠯᠡᠨ ᠠᠬᠢᠭᠤᠯᠬᠤ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠤᠱᠯᠠᠭᠤᠯᠵᠤ᠂ ᠱᠢ ᠲᠠᠢ ᠹᠧᠩ ᠱᠦᠵᠢ᠂ ᠪᠦᠦ ᠰᠢᠶᠤᠤ ᠯᠢᠨ ᠲᠡᠷᠢᠭᠦᠯᠡᠭᠴᠢ ᠣᠶᠢᠷ᠎ᠠ ᠳᠤ | ᠦᠬᠠᠶ ᠳᠤ ᠰᠢᠨᠵᠢᠯᠡᠨ ᠪᠠᠶᠢᠴᠠᠭᠠᠵᠤ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠱᠠᠭᠠᠷᠳᠠᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ︽ᠲᠥᠪᠯᠡᠷᠡᠭᠦᠯᠦᠨ ᠬᠢᠨᠠᠨ ᠵᠥᠪᠰᠢᠶᠡᠷᠡᠬᠦ ᠰᠠᠷ᠎ᠠ︾ ᠶᠢᠨ ᠠᠵᠢᠯ ᠢ ᠥᠷᠨᠢᠭᠦᠯᠪᠡ᠃ | ᠤᠳᠤᠷᠢᠳᠬᠤ ᠺᠠᠳ᠋ᠷ ᠤᠨ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ᠂ | ᠬᠠᠪᠤᠷ ᠤᠨ ᠤᠯᠠᠷᠢᠯ ᠤᠨ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠲᠦᠷᠦᠯ ᠵᠦᠢᠯ ᠢ ᠲᠥᠪᠯᠡᠷᠡᠭᠦᠯᠦᠨ ᠠᠵᠢᠯ | ᠡᠬᠢᠯᠡᠭᠦᠯᠬᠦ ᠶᠣᠰᠣᠯᠠᠯ ᠶᠠᠪᠤᠭᠤᠯᠵᠤ᠂ 2020 ᠣᠨ ᠤ ᠦᠬᠠᠢ ᠬᠤᠲᠠ ᠶᠢᠨ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠰᠦᠯᠵᠢᠶᠡᠨ ᠤ ᠲᠠᠨᠢᠯᠴᠠᠭᠤᠯᠭ᠎ᠠ ᠶᠢᠨ ᠬᠤᠷᠠᠯ ᠢ ᠡᠷᠬᠢᠯᠡᠵᠦ᠂ ︽ᠠᠭᠤᠯᠵᠠᠬᠤ ᠦᠭᠡᠢ︾᠂ ︽ᠡᠭᠦᠯᠡᠨ | ᠭᠡᠷ᠎ᠡ ᠲᠣᠭᠲᠠᠬᠤ︾ ᠬᠡᠯᠪᠡᠷᠢ ᠶᠢ ᠠᠪᠴᠤ᠂ 14 ᠲᠦᠷᠦᠯ ᠵᠦᠢᠯ ᠲᠤᠬᠢᠷᠠᠯᠴᠠᠵᠤ᠂ ᠬᠡᠯᠡᠯᠴᠡᠭᠡᠷ ᠲᠣᠭᠲᠠᠭᠰᠠᠨ | ᠵᠣᠭᠤᠰ ᠤᠨ ᠲᠤᠭ᠎ᠠ 112 ᠳ᠋ᠦᠩᠰᠢᠭᠤᠷ ᠲᠥᠭᠦᠷᠢᠭ ᠲᠤ ᠬᠦᠷᠴᠦ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ | ᠬᠡᠷᠡᠭᠯᠡᠵᠦ ᠲᠦᠷᠦᠯ ᠵᠦᠢᠯ ᠤᠨ ᠪᠥᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠴᠢᠨᠠᠷ ᠰᠠᠶᠢᠲᠠᠢ | ᠬᠥᠭᠵᠢᠯᠲᠡ ᠶᠢᠨ ᠪᠣᠳᠠᠲᠤ ᠲᠤᠯᠭᠠᠭᠤᠷᠢᠯᠠᠯ ᠢ ᠲᠠᠰᠤᠷᠠᠯᠲᠠ ᠦᠭᠡᠢ ᠴᠢᠩᠭᠠᠳᠬᠠᠪᠠ᠃ | ᠡᠨᠡ ᠵᠢᠯ᠂ ᠮᠠᠨ ᠤ ᠬᠤᠲᠠ 5000 ᠲᠦᠮᠡᠨ ᠲᠥᠭᠦᠷᠢᠭ ᠠᠴᠠ ᠳᠡᠭᠡᠭᠰᠢᠬᠢ ᠵᠠᠰᠠᠭ ᠤᠨ ᠣᠷᠳᠣᠨ ᠤ ᠪᠡᠯᠡ | ᠣᠷᠣᠭᠤᠯᠤᠯᠲᠠ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠨᠡᠶᠢᠭᠡᠮ ᠤᠨ ᠪᠡᠯᠡ ᠣᠷᠣᠭᠤᠯᠤᠯᠲᠠ ᠶᠢᠨ ᠴᠢᠬᠤᠯᠠ | ᠶᠡᠭᠡ ᠲᠥᠷᠦᠯ ᠵᠦᠢᠯ 148 ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ 1024 ᠳ᠋ᠦᠩᠰᠢᠭᠤᠷ ᠲᠥᠭᠦᠷᠢᠭ᠂ | ᠪᠦᠬᠦ ᠵᠢᠯ ᠳᠤ 171 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ | ᠪᠠᠶᠢᠨ᠎ᠠ᠃ ᠣᠳᠣᠬᠠᠨ ᠪᠣᠯᠲᠠᠯ᠎ᠠ᠂ ᠨᠢᠭᠡᠨᠲᠡ 78 ᠠᠵᠢᠯ ᠡᠬᠢᠯᠡᠭᠦᠯᠵᠦ᠂ ᠠᠵᠢᠯ ᠰᠡᠷᠭᠦᠭᠡᠭᠰᠡᠨ ᠨᠣᠷᠮ᠎ᠠ ᠨᠢ 53% | ᠬᠦᠷᠴᠦ᠂ 11 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ | ᠥᠨᠥᠳᠦᠷ᠂ ᠲᠣᠰ ᠤᠳᠠᠭᠠᠨ ᠤ ᠶᠡᠭᠡ ᠬᠤᠷᠠᠯ ᠲᠠᠢ ᠵᠡᠷᠭᠡᠪᠡᠷ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ | ᠴᠢᠬᠤᠯᠠ ᠶᠡᠭᠡ ᠲᠥᠷᠥᠯ ᠵᠦᠢᠯ 4 ᠪᠠᠶᠢᠵᠤ᠂ ᠵᠢᠱᠢᠯᠲᠡ ᠪᠠᠷ ᠬᠤᠶᠠᠳᠤᠭᠠᠷ ᠤᠯᠠᠷᠢᠯ ᠳᠤ ᠪᠠᠰᠠ 60 ᠲᠥᠷᠦᠯ | ᠵᠦᠢᠯ ᠨᠢ ᠠᠵᠢᠯ ᠢᠶᠠᠨ ᠡᠬᠢᠯᠡᠭᠦᠯᠬᠦ ᠪᠣᠯᠣᠨ᠎ᠠ᠂ ᠳᠡᠭᠡᠷ᠎ᠡ ᠬᠠᠭᠠᠰ ᠵᠢᠯ ᠤᠨ ᠠᠵᠢᠯ ᠢᠶᠠᠨ ᠡᠬᠢᠯᠡᠭᠦᠯᠦᠭᠰᠡᠨ ᠪᠠ | ᠰᠡᠷᠭᠦᠭᠡᠭᠰᠡᠨ ᠨᠣᠷᠮ᠎ᠠ 93% ᠬᠦᠷᠴᠦ᠂ 75 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ | ᠪᠡᠶᠡᠯᠡᠭᠦᠯᠦᠨ᠎ᠡ︔ ᠳᠣᠣᠷ᠎ᠠ ᠬᠠᠭᠠᠰ ᠵᠢᠯ ᠳᠤ᠂ ᠦᠯᠡᠳᠡᠭᠰᠡᠨ 10 ᠴᠢᠬᠤᠯᠠ ᠶᠡᠭᠡ ᠲᠦᠷᠦᠯ ᠵᠦᠢᠯ ᠢ ᠪᠦᠬᠦᠨ ᠢ | ᠡᠬᠢᠯᠡᠨ ᠪᠦᠳᠦᠭᠡᠨ ᠪᠠᠶᠢᠭᠤᠯᠬᠤ ᠪᠣᠯᠣᠨ᠎ᠠ᠃ | ᠲᠠᠷᠠᠭᠠᠴᠢ ᠶᠢᠨ ᠠᠯᠬᠤᠮ ᠳᠤ᠂ ᠦᠬᠠᠶ ᠬᠤᠲᠠ ᠲᠣᠰ ᠤᠳᠠᠭᠠᠨ ᠤ ᠶᠡᠭᠡ ᠬᠤᠷᠠᠯ ᠢᠶᠠᠷ ᠰᠢᠨ᠎ᠡ ᠡᠬᠢᠯᠡᠯᠲᠡ | ᠪᠣᠯᠭᠠᠵᠤ᠂ ᠨᠠᠮ ᠤᠨ ᠲᠥᠪ ᠬᠤᠷᠢᠶ᠎ᠠ ᠶᠢᠨ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ︽ᠵᠢᠷᠭᠤᠭ᠎ᠠ ᠶᠢ | ᠪᠠᠲᠤᠯᠠᠬᠤ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ︽ | ᠰᠢᠵᠢᠷ ᠠᠯᠲᠠᠨ ᠬᠤᠭᠤᠴᠠᠭ᠎ᠠ︾ ᠶᠢ ᠴᠢᠩᠭ᠎ᠠ ᠠᠳᠬᠤᠵᠤ᠂ ᠴᠢᠬᠤᠯᠠ ᠶᠡᠭᠡ ᠲᠥᠷᠥᠯ ᠵᠦᠢᠯ ᠤᠨ ︽ᠡᠭᠦᠷᠭᠡ ᠶᠢ | ᠬᠡᠷᠡᠮ ᠳᠡᠭᠡᠷ᠎ᠡ ᠭᠠᠷᠭᠠᠬᠤ᠂ ᠵᠢᠷᠤᠭ ᠡᠯᠭᠦᠵᠦ ᠪᠠᠶᠢᠯᠳᠤᠭᠠᠨ ᠬᠢᠬᠦ᠂ ᠬᠦᠰᠦᠨᠦᠭᠯᠡᠨ ᠠᠬᠢᠭᠤᠯᠬᠤ᠂ ᠰᠠᠷ᠎ᠠ ᠪᠠᠷ ᠵᠠᠷᠯᠠᠨ | ᠨᠡᠶᠢᠲᠡᠯᠡᠬᠦ︾ ᠬᠠᠮᠢᠶᠠᠷᠤᠯᠲᠠ ᠶᠢᠨ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ ︽ᠠᠵᠤ ᠠᠬᠤᠶᠢᠯᠠᠯ ᠱᠦᠭᠯᠦ | ᠦᠯᠢᠶᠡᠬᠦ᠂ ᠰᠠᠯᠠᠭ᠎ᠠ ᠮᠥᠴᠢᠷ ᠨᠡᠷ᠎ᠡ ᠮᠡᠳᠡᠭᠦᠯᠬᠦ︾ ᠲᠦᠷᠭᠡᠨ ᠲᠤᠰᠬᠠᠬᠤ ᠲᠣᠭᠲᠠᠴᠠ ᠶᠢ ᠶᠡᠬᠡᠪᠡᠷ ᠬᠡᠷᠡᠭᠵᠢᠭᠦᠯᠵᠦ᠂ | ᠲᠥᠷᠥᠯ ᠵᠦᠢᠯ ᠤᠨ ᠠᠵᠢᠯ ᠡᠬᠢᠯᠡᠭᠦᠯᠬᠦ ᠨᠣᠷᠮ᠎ᠠ᠂ ᠪᠠᠯᠠ ᠣᠷᠣᠭᠤᠯᠤᠯᠲᠠ ᠶᠢᠨ ᠨᠣᠷᠮ᠎ᠠ᠂ ᠠᠰᠢᠭᠯᠠᠯᠲᠠ ᠳᠤ | ᠣᠷᠣᠬᠤ ᠨᠣᠷᠮ᠎ᠠ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠠᠷᠠᠳ ᠤᠨ | ᠪᠡᠯᠡ ᠣᠷᠣᠭᠤᠯᠤᠯᠲᠠ ᠶᠢ ᠥᠷᠭᠡᠳᠬᠡᠵᠦ᠂ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠵᠦ᠂ ᠬᠢᠵᠢᠭ ᠤᠨ | ᠪᠠᠶᠢᠳᠠᠯ ᠢ ᠨᠥᠯᠥᠭᠡᠯᠡᠬᠦ ᠪᠠᠷ ᠴᠢᠷᠮᠠᠶᠢᠵᠤ᠂ ᠪᠦᠬᠦ ᠵᠢᠯ ᠤᠨ ᠲᠣᠭᠲᠠᠮᠠᠯ ᠬᠥᠷᠦᠩᠭᠡ ᠶᠢᠨ ᠪᠡᠯᠡ ᠣᠷᠣᠭᠤᠯᠤᠯᠲᠠ ᠶᠢ | 8% ᠪᠠᠷ ᠨᠡᠮᠡᠭᠳᠡᠭᠦᠯᠬᠦ ᠵᠢᠱᠢᠭᠰᠡᠨ ᠬᠠᠷᠠᠯᠲᠠ ᠶᠢ ᠪᠡᠶᠡᠯᠡᠭᠦᠯᠵᠦ᠂ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢ ᠪᠦᠬᠦ ᠬᠦᠴᠦᠨ ᠢᠶᠠᠷ ᠲᠦᠯᠬᠢᠨ ᠠᠬᠢᠭᠤᠯᠬᠤ ᠪᠣᠯᠣᠨ᠎ᠠ᠃ | | | |