4 ᠰᠠᠷ᠎ᠠ ᠶᠢᠨ 29 ᠤ ᠡᠳᠦᠷ᠂ ᠮᠠᠨ ᠤ ᠬᠤᠲᠠ ︽ᠬᠢᠵᠢᠭ ᠢ ᠡᠰᠡᠷᠭᠦᠴᠡᠭᠰᠡᠨ ᠬᠤᠰᠢᠭᠤᠴᠢ ᠳᠤ | ᠬᠦᠨᠳᠦᠳᠬᠡᠯ ᠳᠡᠪᠰᠢᠭᠦᠯᠵᠦ᠂ ᠰᠠᠶᠢᠨ ᠬᠥᠮᠦᠨ ᠤ ᠬᠦᠴᠦᠨ ᠢ ᠲᠠᠮᠵᠢᠭᠤᠯᠤᠨ ᠤᠯᠠᠮᠵᠢᠯᠠᠶ᠎ᠠ︾ ᠬᠡᠬᠦ 2020 ᠣᠨ ᠤ | ᠨᠢᠭᠡᠳᠦᠭᠡᠷ ᠤᠯᠠᠷᠢᠯ ᠤᠨ ︽ᠦᠬᠠᠶ ᠶᠢᠨ ᠳᠡᠷᠭᠡᠳᠡᠬᠢ ᠰᠠᠶᠢᠨ ᠬᠥᠮᠦᠨ︾ ᠤ ᠰᠣᠨᠢᠨ ᠮᠡᠳᠡᠭᠡ ᠨᠡᠶᠢᠲᠡᠯᠡᠬᠦ ᠬᠤᠷᠠᠯ | ᠬᠤᠷᠠᠯᠳᠣᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ | ᠳᠠᠷᠤᠭ᠎ᠠ ᠵᠢᠶ ᠰᠢᠶᠣᠤ ᠴᠢᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠹᠦ᠋ ᠲᠢᠩ | ᠯᠢᠨ ᠬᠤᠷᠠᠯ ᠳᠤ ᠣᠷᠣᠯᠴᠠᠪᠠ᠃ | ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠦᠬᠠᠶ ᠶᠢᠨ ᠬᠤᠪᠸᠢ ᠶᠢ ᠲᠣᠰᠠᠯᠠᠨ ᠲᠡᠮᠵᠢᠭᠰᠡᠨ | ᠡᠮᠴᠢᠯᠡᠭᠡᠨ ᠤ ᠠᠩᠭᠢ ᠵᠡᠷᠭᠡ 37 ᠬᠤᠪᠢ ᠬᠥᠮᠦᠨ ︵ᠬᠠᠮᠲᠤ ᠨᠡᠶᠢᠲᠡ︶ 2020 ᠣᠨ ᠤ ᠨᠢᠭᠡᠳᠦᠭᠡᠷ ᠤᠯᠠᠷᠢᠯ | ᠤᠨ ︽ᠦᠬᠠᠶ ᠶᠢᠨ ᠳᠡᠷᠭᠡᠳᠡᠬᠢ ᠰᠠᠶᠢᠨ ᠬᠦ ᠮᠦᠨ︾ ᠤ ᠢᠷᠠᠭᠤ ᠠᠯᠳᠠᠷ ᠤᠨ ᠴᠣᠯᠠ ᠭᠥᠷᠳᠡᠵᠦ᠂ 4 ᠬᠤᠪᠢ | ᠬᠥᠮᠦᠨ ︵ᠬᠠᠮᠲᠤ ᠨᠡᠶᠢᠲᠡ︶ ︽ᠥᠪᠥᠷ ᠮᠣᠩᠭᠤᠯ ᠤᠨ ᠰᠠᠶᠢᠨ ᠬᠥᠮᠦᠨ︾ ᠢᠶᠠᠷ ᠰᠣᠩᠭᠤᠭᠳᠠᠪᠠ᠃ 2015 | ᠣᠨ ᠠᠴᠠ ᠣᠲᠣ ᠪᠣᠯᠲᠠᠯ᠎ᠠ᠂ ᠮᠠᠨ ᠤ ᠬᠤᠲᠠ ᠨᠡᠶᠢᠲᠡ 77 ᠬᠤᠪᠢ ᠬᠥᠮᠦᠨ ︵ᠬᠠᠮᠲᠤ ᠨᠡᠶᠢᠲᠡ︶ ᠥᠪᠥᠷ | ᠮᠤᠩᠭᠤᠯ ᠤᠨ ᠰᠠᠶᠢᠨ ᠬᠥᠮᠦᠨ ᠤ ᠨᠡᠷᠡᠰ ᠲᠤ ᠰᠣᠩᠭᠤᠭᠳᠠᠪᠠ᠃ ᠬᠤᠷᠠᠯ ᠳᠡᠭᠡᠷ᠎ᠡ ᠪᠠᠰᠠ ︽ᠮᠠᠨ ᠤ ᠪᠠᠶᠠᠷ ᠤᠨ | ᠡᠳᠦᠷ · ᠬᠠᠩᠰᠢ︾ ᠶᠢᠨ ᠰᠦᠯᠵᠢᠶᠡᠨ ᠤ ᠬᠢᠵᠢᠭ ᠢ ᠡᠰᠡᠷᠭᠦᠴᠡᠭᠰᠡᠨ ᠣᠷᠣᠯᠳᠣᠭᠠᠨ ᠤ ᠦᠷ᠎ᠡ ᠳ᠋ᠦᠩ ᠢ ᠨᠡᠶᠢᠲᠡᠯᠡᠪᠡ᠃ | | ᠤᠶᠢᠷ᠎ᠠ ᠶᠢᠨ ᠵᠢᠯ ᠤᠨ ᠲᠤᠷᠰᠢ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠶᠡᠬᠡᠪᠡᠷ | ᠪᠤᠶᠢᠵᠢᠭᠤᠯᠤᠨ ᠦᠢᠯᠡᠳᠦᠯᠬᠡᠵᠢᠬᠦᠯᠵᠦ᠂ ᠣᠯᠠᠨ ᠲᠦᠮᠡᠨ ᠤ ᠳᠡᠷᠭᠡᠳᠡᠬᠢ ᠲᠡᠷᠢᠭᠦᠨ ᠤ ᠨᠡᠶᠢᠲᠡᠯᠢᠭ ᠵᠢᠱᠢᠶ᠎ᠡ ᠶᠢᠨ | ᠳᠠᠶᠢᠴᠢᠯᠠᠬᠤ ᠦᠢᠯᠡᠳᠦᠯ ᠢ ᠪᠠᠳᠠᠷᠠᠭᠤᠯᠬᠤ ᠶᠢᠨ ᠲᠥᠯᠥᠭᠡ᠂ ᠮᠠᠨ ᠤ ᠬᠤᠲᠠ ︽ᠪᠢ ᠳᠡᠷᠭᠡᠳᠡᠬᠢ ᠰᠠᠶᠢᠨ ᠬᠥᠮᠦᠨ | ᠢᠶᠠᠨ ᠲᠠᠨᠢᠯᠴᠠᠭᠤᠯᠤᠶ᠎ᠠ︾ ᠬᠡᠬᠦ ᠠᠵᠢᠯᠯᠠᠭ᠎ᠠ ᠶᠢ ᠥᠷᠭᠡᠨ ᠳᠡᠯᠭᠡᠷᠡᠩᠭᠦᠢ ᠪᠠᠷ ᠥᠷᠨᠢᠭᠦᠯᠵᠦ᠂ ᠡᠯ᠎ᠡ ᠠᠵᠢᠯ ᠲᠥᠷᠥᠯ᠂ | ᠡᠯ᠎ᠡ ᠹᠷᠣᠨᠲ ᠤᠨ ᠬᠢᠨ ᠳᠤ ᠣᠯᠠᠨ ᠰᠠᠶᠢᠨ ᠬᠥᠮᠦᠨ᠂ ᠨᠡᠶᠢᠲᠡᠯᠢᠭ ᠬᠥᠮᠦᠰ ᠴᠣᠯᠭᠤᠷᠠᠨ ᠭᠠᠷᠪᠠ᠃ ᠲᠣᠰ | ᠤᠳᠠᠭᠠᠨ ᠤ ︽ᠳᠡᠷᠭᠡᠳᠡᠬᠢ ᠰᠠᠶᠢᠨ ᠬᠥᠮᠦᠨ︾ ᠤ ᠰᠣᠨᠢᠨ ᠮᠡᠳᠡᠭᠡ ᠨᠡᠶᠢᠲᠡᠯᠡᠬᠦ ᠬᠤᠷᠠᠯ ᠨᠢ ᠨᠡᠶᠢᠭᠡᠮ ᠳᠤ ᠰᠠᠶᠢᠨ | ᠬᠥᠮᠦᠨ ᠢ ᠲᠠᠨᠢᠯᠴᠠᠭᠤᠯᠬᠤ᠂ ᠰᠠᠶᠢᠨ ᠬᠥᠮᠦᠨ ᠢ ᠬᠠᠯᠠᠮᠵᠢᠯᠠᠬᠤ᠂ ᠰᠠᠶᠢᠨ ᠬᠥᠮᠦᠨ ᠪᠣᠯᠬᠤ ᠪᠠᠷ ᠴᠢᠷᠮᠠᠶᠢᠬᠤ ᠭᠦᠨ | ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠥᠷᠭᠡᠨ ᠣᠯᠠᠨ ᠬᠤᠲᠠ ᠶᠢᠨ ᠠᠷᠠᠳ ᠢ ᠬᠥᠲᠥᠯᠥᠨ ᠵᠢᠯᠤᠭᠤᠳᠴᠦ | ᠪᠠᠶᠢᠭᠠᠳ ᠶᠣᠰᠣ ᠰᠤᠷᠲᠠᠬᠤᠨ ᠤ ᠪᠣᠯᠪᠠᠰᠤᠷᠠᠯ ᠢᠶᠠᠨ ᠴᠢᠩᠭᠠᠳᠬᠠᠵᠤ᠂ ᠠᠷᠠᠳ ᠢᠷᠭᠡᠳ ᠤᠨ ᠶᠣᠰᠣ ᠮᠣᠷᠠᠯ ᠤᠨ ᠬᠡᠪ | ᠴᠢᠨᠠᠷ ᠪᠠ ᠨᠡᠶᠢᠭᠡᠮ ᠤᠨ ᠪᠣᠯᠪᠠᠰᠤᠨ ᠤ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠬᠦ ᠶᠢ ᠠᠭᠢᠭᠤᠯᠬᠤ ᠶᠢᠨ | ᠲᠥᠯᠥᠭᠡ ᠶᠤᠮ᠃ |