| | | | 4 ᠰᠠᠷ᠎ᠠ ᠶᠢᠨ 29 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠰᠢᠨ ᠨᠦᠩ ᠵᠢᠢ | ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠪᠣᠬᠢᠷᠲᠤᠯ ᠥᠬᠡᠶ ᠥᠨᠳᠥᠷ ᠪᠦᠲᠦᠮᠵᠢᠲᠡᠶ ᠡᠪᠡᠰᠦ | ᠠᠷᠢᠯᠭᠠᠭᠴᠢ ᠰᠢᠷᠢᠰ ᠤᠤᠯ ᠡᠮ ᠤᠨ ᠲᠥᠷᠥᠯ ᠵᠦᠢᠯ ᠤᠨ ᠰᠠᠭᠤᠷᠢ ᠲᠠᠯᠪᠢᠬᠤ ᠶᠣᠰᠣᠯᠠᠯ ᠤᠳᠠ ᠶᠢᠨ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠱᠢ | ᠸᠠᠨ ᠵᠢᠶᠦ᠋ᠨ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠲᠠᠩ ᠢ᠂ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠣ᠋ ᠵᠥᠩ ᠱᠧᠩ᠂ ᠸᠠᠩ ᠵᠣᠣ ᠱᠧᠩ᠂ ᠵᠢᠶᠠ ᠴᠢᠩ | ᠳ᠋ᠦᠩ᠂ ᠳᠡᠳ᠋ ᠬᠤᠲᠠ ᠶᠢᠨ ᠳᠠᠷᠤᠭ᠎ᠠ ᠰᠦᠨ ᠬᠤᠤ ᠰᠠᠭᠤᠷᠢ ᠲᠠᠯᠪᠢᠬᠤ ᠶᠣᠰᠣᠯᠠᠯ ᠳᠤ ᠤᠷᠤᠯᠴᠠᠵᠦ᠂ ᠬᠠᠮᠲᠤ ᠪᠠᠷ | ᠢᠶᠠᠨ ᠰᠠᠭᠤᠷᠢ ᠲᠠᠯᠪᠢᠭᠰᠠᠨ ᠪᠥᠭᠡᠳ ᠲᠥᠷᠥᠯ ᠵᠦᠢᠯ ᠤᠨ ᠬᠤᠯᠪᠣᠭᠳᠠᠯ ᠪᠥᠬᠦᠶ ᠪᠠᠶᠢᠳᠠᠯ ᠤᠨ ᠲᠠᠨᠢᠯᠴᠠᠭᠤᠯᠭ᠎ᠠ ᠶᠢ | ᠰᠣᠨᠣᠰᠪᠠ᠃ | | ᠥᠪᠥᠷ ᠮᠣᠩᠭᠤᠯ ᠤᠨ ᠰᠢᠨ ᠨᠦᠩ ᠵᠢᠢ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠶᠢ ᠽᠢ ᠪᠥᠸᠧ | ᠶᠢᠨ ᠰᠢᠩ ᠵᠢᠶ ᠬᠤᠪᠢ ᠡᠵᠡᠮᠳᠡᠭᠰᠡᠨ ᠬᠢᠵᠠᠭᠠᠷᠲᠤ ᠺᠣᠮᠫᠠᠨᠢ ᠪᠣᠯᠤᠨ ᠢᠴᠠᠩ ᠤᠨ ᠰᠢᠩ ᠹᠠ ᠪᠦᠯᠦᠭᠯᠡᠯ ᠤᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠴᠠ ᠬᠠᠮᠲᠤᠪᠠᠷ ᠪᠡᠯᠡ ᠣᠷᠣᠭᠤᠯᠤᠨ ᠪᠠᠶᠢᠭᠤᠯᠤᠭᠰᠠᠨ ᠨᠢᠭᠡᠨ ᠲᠠᠷᠢᠶᠠᠨ ᠡᠮ | ᠂ ᠲᠠᠷᠢᠶᠠᠨ ᠡᠮ ᠤᠨ ᠵᠠᠪᠰᠠᠷ ᠤᠨ ᠴᠣᠭᠴᠠ ᠵᠢᠴᠢ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠪᠦᠲᠦᠭᠡᠭᠳᠡᠬᠦᠨ ᠤ | ᠦᠢᠯᠡᠳᠪᠦᠷᠢᠯᠡᠯ᠂ ᠰᠤᠳᠤᠯᠤᠨ ᠨᠡᠭᠡᠭᠡᠬᠦ ᠵᠢᠴᠢ ᠠᠷᠠᠯᠵᠢᠶ᠎ᠠ ᠶᠢ ᠨᠢᠭᠡ ᠴᠣᠭᠴᠠᠵᠢᠭᠤᠯᠤᠭᠰᠠᠨ ᠠᠵᠤ ᠠᠬᠤᠶᠢᠯᠠᠯ | ᠪᠤᠯᠤᠨ᠎ᠠ᠃ ᠲᠣᠰ ᠺᠣᠮᠫᠠᠨᠢ ᠤᠳᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠣᠬᠢᠷᠲᠤᠯ ᠥᠬᠡᠶ | ᠥᠨᠳᠥᠷ ᠪᠦᠲᠦᠮᠵᠢᠲᠡᠶ ᠡᠪᠡᠰᠦ ᠠᠷᠢᠯᠭᠠᠭᠴᠢ ᠰᠢᠷᠢᠰ ᠤᠤᠯ ᠡᠮ ᠤᠨ ᠲᠥᠷᠥᠯ ᠵᠦᠢᠯ ᠢ ᠪᠠᠶᠢᠭᠤᠯᠵᠤ᠂ ᠭᠤᠤᠯᠳᠠᠭᠤ | ᠶᠠᠨ ᠮᠢ ᠬᠤᠸᠠᠩ ᠯᠦᠩ ᠪᠠ ᠮᠢ ᠼᠤᠤ ᠶᠠᠨ ᠡᠪᠡᠰᠦ ᠠᠷᠢᠯᠭᠠᠭᠴᠢ ᠡᠮ ᠤᠨ ᠦᠢᠯᠡᠳᠬᠦᠨ ᠢ ᠦᠢᠯᠡᠳᠪᠦᠷᠢᠯᠡᠬᠦ | ᠪᠤᠯᠤᠨ᠎ᠠ᠃ ᠵᠢᠯ ᠳᠤ 1750 ᠲᠣᠨ ᠪᠣᠬᠢᠷᠲᠤᠯ ᠦᠭᠡᠢ ᠥᠨᠳᠥᠷ ᠦᠷ᠎ᠡ ᠠᠰᠢᠭᠲᠤ ᠡᠪᠡᠰᠦ ᠠᠷᠢᠯᠭᠠᠭᠴᠢ ᠡᠮ ᠤᠨ | ᠰᠢᠷᠢᠰ ᠣᠣᠯ ᠡᠮ ᠤᠨ ᠲᠥᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 3.1 ᠳ᠋ᠦᠩᠰᠢᠭᠤᠷ ᠲᠥᠭᠦᠷᠢᠭ᠂ | ᠪᠦᠲᠦᠭᠡᠨ ᠪᠠᠶᠢᠭᠤᠯᠬᠤ ᠬᠤᠭᠤᠴᠠᠭ᠎ᠠ ᠨᠢ 2 ᠵᠢᠯ᠂ ᠬᠤᠶᠠᠷ ᠬᠤᠭᠤᠴᠠᠭ᠎ᠠ ᠬᠤᠪᠢᠶᠠᠵᠤ ᠪᠦᠲᠦᠭᠡᠨ ᠪᠠᠶᠢᠭᠤᠯᠤᠨ᠎ᠠ᠃ | ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠳᠤ ᠵᠢᠯ ᠳᠤ 500 ᠲᠣᠨ ᠶᠠᠨ ᠮᠢ ᠬᠤᠸᠠᠩ ᠯᠦᠩ ᠣᠣᠯ ᠡᠮ᠂ | 350 ᠲᠣᠨ ᠬᠦᠬᠦᠷᠠᠮᠢᠨ ︵ᠵᠠᠪᠰᠠᠷ ᠤᠨ ᠪᠡᠶ᠎ᠡ︶᠂ 50 ᠲᠣᠨ ᠮᠧᠲ᠋ᠢᠯ ᠮᠢ ᠽᠣᠣ ᠶᠠᠨ ᠦᠢᠯᠡᠳᠪᠦᠷᠢᠯᠡᠬᠦ | ᠪᠥᠲᠥᠭᠡᠨ ᠪᠠᠶᠢᠭᠤᠯᠤᠯᠲᠠ ᠶᠢ ᠪᠡᠶᠡᠯᠡᠬᠦᠯᠦᠨ᠎ᠡ︔ ᠬᠤᠶᠠᠳᠤᠭᠠᠷ ᠬᠤᠭᠤᠴᠠᠭᠠᠨ ᠳᠤ ᠵᠢᠯ ᠳᠤ 500 ᠲᠣᠨ ᠮᠢ ᠽᠣᠣ | ᠶᠠᠨ᠂ 200 ᠲᠣᠨ ᠮᠧᠲ᠋ᠤᠺᠰᠢ ᠮᠢ ᠽᠣᠣ ᠶᠠᠨ᠂ 500 ᠲᠣᠨ ᠶᠠᠨ ᠮᠢ ᠬᠤᠸᠠᠩ ᠯᠦᠩ ᠣᠣᠯ ᠡᠮ᠂ 350 | ᠲᠣᠨ ᠬᠦᠬᠦᠷᠠᠮᠢᠨ ︵ᠵᠠᠪᠰᠠᠷ ᠤᠨ ᠪᠡᠶ᠎ᠡ︶ ᠦᠢᠯᠡᠳᠪᠦᠷᠢᠯᠡᠬᠦ ᠪᠥᠲᠥᠭᠡᠨ ᠪᠠᠶᠢᠭᠤᠯᠤᠯᠲᠠ ᠶᠢ ᠪᠡᠶᠡᠯᠡᠬᠦᠯᠦᠨ᠎ᠡ᠃ | ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠵᠢᠱᠢᠯᠲᠡ ᠪᠠᠷ ᠡᠨᠡ ᠵᠢᠯ ᠤᠨ 8 ᠰᠠᠷ᠎ᠠ ᠳᠤ ᠦᠨᠳᠦᠰᠦᠨ ᠪᠥᠲᠥᠭᠡᠨ | ᠪᠠᠶᠢᠭᠤᠯᠤᠯᠳᠠ ᠪᠠᠨ ᠪᠡᠶᠡᠯᠡᠭᠦᠯᠵᠦ᠂ ᠵᠢᠯ ᠤᠨ ᠡᠴᠦᠰ ᠲᠤ ᠲᠤᠷᠰᠢᠨ ᠦᠢᠯᠡᠳᠪᠦᠷᠢᠯᠡᠨ᠎ᠡ᠃ ᠲᠥᠷᠥᠯ ᠵᠦᠢᠯ ᠢ | ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠱᠢᠯᠲᠡ ᠪᠠᠷ ᠵᠢᠯ ᠤᠨ | ᠦᠢᠯᠡᠳᠬᠦᠨ ᠤ ᠥᠷᠲᠡᠭ ᠨᠢ 5.05 ᠳ᠋ᠦᠩᠰᠢᠭᠤᠷ ᠲᠥᠭᠦᠷᠢᠭ ᠬᠦᠷᠴᠦ᠂ ᠵᠢᠯ ᠤᠨ ᠭᠠᠶᠢᠯᠢ ᠶᠢᠨ ᠣᠷᠣᠯᠭ᠎ᠠ ᠨᠢ | 6100 ᠲᠦᠮᠡᠨ ᠲᠥᠭᠦᠷᠢᠭ᠂ ᠠᠵᠢᠯ ᠣᠯᠭᠤᠬᠤ ᠠᠵᠢᠯ ᠤᠨ ᠪᠠᠶᠢᠷᠢ ᠶᠢ 264 ᠨᠡᠮᠡᠭᠳᠡᠭᠦᠯᠵᠦ ᠪᠣᠯᠤᠨ᠎ᠠ᠃ | ᠣᠶᠢᠯᠠᠭᠠᠭᠰᠠᠨ ᠢᠶᠠᠷ᠂ ᠡᠨᠡ ᠵᠢᠯ ᠮᠠᠨ ᠤ ᠬᠤᠲᠠ ᠵᠠᠰᠠᠭ ᠤᠨ ᠣᠷᠳᠣᠨ ᠤ 5000 ᠲᠦᠮᠡᠨ | ᠲᠥᠭᠦᠷᠢᠭ ᠠᠴᠠ ᠲᠡᠭᠡᠭᠰᠢᠬᠢ ᠪᠠᠯᠠ ᠣᠷᠣᠭᠤᠯᠤᠯᠲᠠ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠨᠡᠶᠢᠭᠡᠮ ᠤᠨ | ᠪᠠᠯᠠ ᠣᠷᠣᠭᠤᠯᠤᠯᠲᠠ ᠶᠢᠨ ᠴᠢᠬᠤᠯᠠ ᠶᠡᠭᠡ ᠲᠥᠷᠥᠯ ᠵᠦᠢᠯ 148᠂ ᠶᠡᠷᠦᠩᠬᠡᠶ ᠪᠠᠯᠠ ᠣᠷᠣᠭᠤᠯᠤᠯᠲᠠ 1024 | ᠳ᠋ᠦᠩᠰᠢᠭᠤᠷ ᠲᠥᠭᠦᠷᠢᠭ᠂ ᠪᠥᠬᠦ ᠵᠢᠯ ᠳᠤ 170 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ | ᠪᠡᠶᠡᠯᠡᠭᠦᠯᠬᠦ ᠪᠠᠷ ᠲᠥᠯᠥᠪᠯᠡᠵᠦ ᠪᠣᠶ᠃ ᠣᠳᠣᠬᠠᠨ ᠪᠣᠯᠲᠠᠯ᠎ᠠ᠂ 78 ᠲᠦᠷᠦᠯ ᠵᠦᠢᠯ ᠠᠵᠢᠯ ᠡᠬᠢᠯᠡᠭᠦᠯᠵᠦ᠂ ᠠᠵᠢᠯ | ᠰᠡᠷᠭᠦᠭᠡᠭᠰᠡᠨ ᠨᠣᠷᠮ᠎ᠠ 53% ᠬᠦᠷᠴᠦ᠂ 11 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ | ᠪᠡᠶᠡᠯᠡᠭᠦᠯᠪᠡ᠃ | |