ᠬᠠᠶᠢᠷᠣᠪ ᠤᠨ ᠲᠤᠬᠤᠢ ᠲᠤᠭᠤᠷᠢᠭ ᠤᠨ ᠣᠯᠠᠨ ᠰᠠᠯᠠᠭ᠎ᠠ ᠮᠥᠴᠢᠷ ᠬᠠᠮᠲᠤᠷᠠᠨ ︽ᠠᠶᠠᠨᠴᠢᠳ ᠤᠨ ᠲᠡᠭᠡᠭᠡᠪᠦᠷᠢ ᠠᠶᠤᠯᠳᠠᠢ ᠪᠤᠳᠠᠰ ᠤᠨ ᠲᠡᠭᠡᠭᠡᠪᠤᠷᠢ︾ ᠶᠢ ᠵᠢᠭᠰᠠᠭᠠᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2020-05-12
     ᠠᠮᠤᠷ ᠲᠦᠪᠰᠢᠨ ᠤ ᠳᠠᠯᠳᠠ ᠬᠡᠮ ᠢ ᠤᠯᠠᠮ ᠨᠢᠭᠡ ᠠᠯᠬᠤᠮ ᠠᠷᠢᠯᠭᠠᠬᠤ ᠶᠢᠨ ᠲᠥᠯᠥᠭᠡ᠂ ᠣᠶᠢᠷ᠎ᠠ ᠳᠤ᠂ ᠬᠠᠶᠢᠷᠤᠪ ᠤᠨ ᠲᠤᠬᠤᠢ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠪᠣᠯᠤᠨ ᠠᠶᠤᠯᠬᠦᠢ ᠶᠢᠨ ᠬᠢᠨᠠᠯᠲᠠ ᠬᠠᠮᠢᠶᠠᠷᠣᠯᠳᠠ᠂ ᠲᠡᠭᠡᠭᠡᠪᠦᠷᠢ ᠶᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠠᠴᠠ ᠭᠤᠤᠯᠳᠠᠯᠭ᠎ᠠ ᠲᠠᠢ ︽ᠠᠶᠠᠨᠴᠢᠳ  ᠤᠨ ᠲᠡᠭᠡᠭᠡᠪᠦᠷᠢ ᠠᠶᠤᠯᠳᠠᠢ ᠪᠤᠳᠠᠰ ᠤᠨ ᠲᠡᠭᠡᠭᠡᠪᠤᠷᠢ︾ ᠶᠢᠨ ᠠᠵᠤ ᠠᠬᠤᠶᠢᠯᠠᠯ ᠳᠤ ᠭᠦᠨᠵᠡᠭᠡᠶᠢᠷᠡᠨ᠂ ᠬᠠᠷᠢᠶᠠᠨ  ᠳᠠᠬᠢ ᠵᠢᠯᠣᠭᠤᠴᠢ ᠶᠢᠨ ᠠᠮᠤᠷ ᠲᠦᠪᠰᠢᠨ ᠤ ᠬᠥᠮᠦᠵᠢᠯ᠂ GPS ︵ᠳᠣᠬᠢᠭᠤᠷ ᠲᠤᠯᠤᠭᠠᠨ ᠣᠲᠣ ᠠᠶᠠᠯᠠᠯ ᠵᠢᠯᠣᠭᠤᠳᠬᠤ︶ ᠢᠶᠠᠷ ᠬᠢᠨᠠᠨ ᠡᠵᠡᠮᠳᠡᠬᠦ ᠵᠢᠴᠢ ᠡᠳᠦᠷ ᠲᠤᠲᠤᠮ ᠤᠨ ᠥᠪᠡᠰᠦᠪᠡᠨ ᠪᠠᠶᠢᠴᠠᠭᠠᠬᠤ ᠵᠡᠷᠭᠡ ᠪᠠᠶᠢᠳᠠᠯ ᠢ ᠪᠠᠶᠢᠴᠠᠭᠠᠭᠰᠠᠨ ᠪᠥᠭᠡᠳ  ᠬᠠᠷᠢᠶᠠᠨ ᠳᠠᠬᠢ ᠡᠵᠡᠩᠨᠡᠯᠲᠡ ᠶᠢᠨ ᠲᠡᠷᠭᠡ ᠬᠥᠰᠬᠡ ᠶᠢᠨ ᠠᠮᠤᠷ ᠲᠦᠪᠰᠢᠨ ᠤ ᠮᠡᠷᠭᠡᠵᠢᠯ ᠤᠨ ᠪᠠᠶᠢᠳᠠᠯ ᠢ ᠪᠠᠶᠢᠴᠠᠭᠠᠵᠤ᠂ ᠠᠵᠤ ᠠᠬᠤᠶᠢᠯᠠᠯ ᠢ ᠣᠷᠣᠰᠢᠵᠤ ᠪᠠᠶᠢᠭ᠎ᠠ ᠬᠦᠷᠦᠯᠴᠡᠬᠦ ᠥᠬᠡᠶ ᠲᠠᠯ᠎ᠠ ᠪᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃      ᠪᠠᠶᠢᠴᠠᠭᠠᠬᠤ ᠳᠤᠭᠤᠶᠢᠯᠠᠩ ᠠᠴᠠ ᠠᠵᠤ ᠠᠬᠤᠶᠢᠯᠠᠯ ᠢ ᠵᠠᠮ ᠬᠠᠷᠢᠯᠴᠠᠭᠠᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠪᠠᠨ ᠴᠢᠩᠭᠠᠳᠬᠠᠨ᠂ ᠬᠤᠭᠤᠴᠠᠭ᠎ᠠ ᠬᠡᠲᠦᠷᠡᠲᠡᠯ᠎ᠡ ᠬᠢᠨᠠᠨ ᠰᠢᠯᠭᠠᠭᠰᠠᠨ ᠥᠬᠡᠶ᠂ ᠬᠤᠭᠤᠴᠠᠭ᠎ᠠ ᠬᠡᠲᠦᠷᠡᠲᠡᠯ᠎ᠡ ᠬᠡᠷᠡᠭᠯᠡᠭᠡᠨ ᠠᠴᠠ ᠭᠠᠷᠭᠠᠭᠰᠠᠨ ᠥᠬᠡᠶ ᠲᠡᠷᠭᠡ ᠬᠥᠰᠬᠡ ᠶᠢ ᠴᠠᠭ ᠲᠤᠬᠠᠶ ᠳᠤᠨᠢ ᠴᠡᠪᠡᠷᠯᠡᠵᠦ᠂ ᠠᠮᠤᠷ ᠲᠦᠪᠰᠢᠨ ᠤ ᠬᠡᠮ ᠰᠣᠭᠤᠭ ᠤᠨ ᠠᠰᠠᠭᠤᠳᠠᠯ ᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ︔ ᠠᠵᠤ ᠠᠬᠤᠶᠢᠯᠠᠯ ᠤᠨ ᠳᠣᠲᠣᠭᠠᠳᠤ ᠶᠢᠨ ᠠᠮᠤᠷ ᠲᠦᠪᠰᠢᠨ ᠤ ᠪᠠᠶᠢᠴᠠᠭᠠᠯᠲᠠ᠂ ᠨᠠᠶᠢᠳᠠᠪᠤᠷᠢᠵᠢᠭᠤᠯᠬᠤ ᠲᠣᠭᠲᠠᠴᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠴᠠᠭ ᠲᠤᠬᠠᠶ ᠳᠤᠨᠢ ᠬᠠᠮᠠᠭᠠᠯᠠᠨ ᠠᠷᠠᠴᠢᠯᠠᠵᠤ᠂ ᠲᠡᠷᠭᠡ ᠬᠥᠰᠬᠡ ᠶᠢᠨ ᠪᠡᠯᠡᠳᠬᠡᠮᠵᠢ ᠪᠦᠷᠢᠨ ᠬᠦᠢᠴᠡᠳ᠂ ᠴᠢᠳᠠᠮᠵᠢ ᠪᠦᠲᠦᠮᠵᠢᠲᠡᠶ ᠪᠠᠶᠢᠬᠤ ᠶᠢ ᠪᠠᠲᠤᠯᠠᠬᠤ ᠬᠡᠷᠡᠭᠲᠡᠶ︔ ᠠᠵᠤ ᠠᠬᠤᠶᠢᠯᠠᠯ ᠤᠨ ᠬᠠᠷᠢᠶ᠎ᠠ ᠪᠦᠬᠦᠢ ᠵᠢᠯᠣᠭᠤᠴᠢ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠥᠮᠦᠵᠢᠯ ᠬᠢᠵᠦ᠂ ᠠᠶᠠᠨᠴᠢᠳ ᠤᠨ ᠲᠡᠭᠡᠭᠡᠪᠦᠷᠢ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map