ᠡᠷᠡᠭᠦᠯ ᠬᠠᠮᠠᠭᠠᠯᠠᠯ ᠡᠷᠡᠭᠦᠯ ᠮᠡᠨᠲᠤ ᠶᠢᠨ ᠰᠢᠰᠲ᠋ᠧᠮ ︽ᠬᠢᠵᠢᠭ ᠢ ᠡᠰᠡᠷᠭᠦᠴᠡᠭᠰᠡᠨ ᠪᠠᠭᠠᠲᠤᠷᠴᠤᠳ ᠲᠤ ᠬᠦᠨᠳᠦᠳᠬᠡᠯ ᠳᠡᠪᠰᠢᠭᠦᠯᠵᠦ ᠡᠷᠡᠯᠬᠡᠭᠯᠡᠨ ᠤᠷᠤᠭᠰᠢᠯᠠᠵᠤ ᠬᠦᠴᠦᠨ ᠴᠢᠳᠠᠯ ᠢ ᠨᠢᠭᠳᠠᠷᠠᠭᠤᠯᠤᠶ᠎ᠠ︾ ᠬᠡᠬᠦ ᠲᠡᠷᠢᠭᠦᠨ ᠤ ᠦᠢᠯᠡ ᠠᠵᠢᠯᠯᠠᠭᠠᠨ ᠤ ᠮᠡᠳᠡᠭᠦᠯᠦᠯᠲᠡ ᠶᠢᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2020-05-12
     5 ᠰᠠᠷ᠎ᠠ ᠶᠢᠨ 11 ᠤ ᠡᠳᠦᠷ᠂ ᠮᠠᠨ ᠤ ᠬᠤᠲᠠ ︽5 · 12︾ ᠤᠨ ᠣᠯᠠᠨ ᠤᠯᠤᠰ ᠤᠨ ᠰᠤᠪᠢᠯᠠᠭᠴᠢᠳ ᠤᠨ ᠪᠠᠶᠠᠷ ᠵᠢᠴᠢ ᠪᠥᠬᠦ ᠬᠤᠲᠠ ᠶᠢᠨ ᠡᠷᠡᠭᠦᠯ ᠬᠠᠮᠠᠭᠠᠯᠠᠯ ᠡᠷᠡᠬᠦᠯ ᠮᠡᠨᠲᠤ ᠰᠢᠰᠲ᠋ᠧᠮ ᠤᠨ ︽ᠬᠢᠵᠢᠭ  ᠢ ᠡᠰᠡᠷᠭᠦᠴᠡᠭᠰᠡᠨ ᠪᠠᠭᠠᠲᠤᠷᠴᠤᠳ ᠲᠤ ᠬᠦᠨᠳᠦᠳᠬᠡᠯ ᠳᠡᠪᠰᠢᠭᠦᠯᠵᠦ ᠡᠷᠡᠯᠬᠡᠭᠯᠡᠨ ᠤᠷᠤᠭᠰᠢᠯᠠᠵᠤ ᠬᠦᠴᠦᠨ ᠴᠢᠳᠠᠯ ᠢ ᠨᠢᠭᠳᠠᠷᠠᠭᠤᠯᠤᠶ᠎ᠠ︾ ᠬᠡᠬᠦ ᠲᠡᠷᠢᠭᠦᠨ ᠤ ᠦᠢᠯᠡ ᠠᠵᠢᠯᠯᠠᠭᠠᠨ ᠤ ᠮᠡᠳᠡᠭᠦᠯᠦᠯᠲᠡ ᠶᠢᠨ ᠬᠤᠷᠠᠯ ᠡᠷᠭᠢᠯᠡᠪᠡ᠃      ᠮᠡᠳᠡᠭᠦᠯᠦᠯᠲᠡ ᠶᠢᠨ ᠬᠤᠷᠠᠯ ᠳᠡᠭᠡᠷ᠎ᠡ᠂ ᠮᠠᠨ ᠤ ᠬᠤᠲᠠ ᠶᠢᠨ 14 ᠡᠮᠨᠡᠯᠭᠡ ᠶᠢᠨ ᠠᠵᠢᠯᠲᠠᠨ ᠲᠡᠳᠡᠨ ᠤ ᠡᠭᠦᠷᠭᠡ ᠪᠠ ᠬᠠᠷᠢᠭᠤᠴᠠᠯᠭ᠎ᠠ ᠡᠪᠦᠷᠯᠡᠵᠦ ᠬᠤᠪᠸᠢ ᠶᠢᠨ ᠨᠢᠭᠡᠳᠦᠭᠡᠷ ᠹᠷᠣᠨᠲ ᠲᠤ ᠬᠦᠷᠴᠦ ᠬᠢᠵᠢᠭ ᠡᠰᠡᠷᠭᠦᠴᠡᠭᠰᠡᠨ ᠥᠩᠭᠡᠷᠡᠯᠲᠡ ᠪᠠ ᠥᠯᠢᠭᠡᠷ ᠵᠢᠴᠢ ᠬᠡᠷ ᠤᠨ ᠬᠥᠮᠦᠰ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠲᠡᠳᠡᠨ ᠢ ᠳᠡᠮᠵᠢᠵᠦ ᠵᠣᠷᠢᠭᠵᠢᠭᠤᠯᠵᠤ ᠪᠠᠶᠢᠬᠤ ᠪᠠᠨ ᠶᠠᠷᠢᠵᠠᠶ᠃ ᠲᠡᠳᠡᠨ ᠤ ᠠᠳᠠᠯᠢ ᠪᠤᠰᠤ ᠬᠠᠷᠠᠭᠠᠰᠤᠨ ᠤ ︽ᠰᠥᠷᠭᠡᠦ ᠠᠶᠠᠨ ᠲᠠᠶᠢᠨ︾ ᠤ ᠥᠩᠭᠡᠷᠡᠯᠲᠡ ᠨᠢ ᠬᠥᠮᠦᠰ ᠤᠨ ᠰᠡᠳᠬᠢᠯ ᠢ ᠬᠦᠭᠵᠢᠬᠡᠮ᠎ᠡ ᠳᠣᠭᠳᠣᠯᠤᠭᠤᠯᠤᠮ᠎ᠠ ᠪᠠᠶᠢᠵᠤ᠂ ᠲᠤᠬᠠᠢ ᠶᠢᠨ ᠲᠠᠯᠠᠪᠠᠢ ᠳᠤ ᠪᠠᠶᠢᠨ ᠪᠠᠶᠢᠨ ᠬᠠᠯᠠᠭᠤᠨ ᠠᠯᠠᠭ᠎ᠠ ᠲᠠᠰᠢᠵᠦ ᠪᠠᠶᠢᠯ᠎ᠠ᠃      ᠮᠡᠳᠡᠭᠦᠯᠦᠯᠲᠡ ᠶᠢᠨ ᠬᠤᠷᠠᠯ ᠤᠨ ᠵᠣᠷᠢᠯᠭ᠎ᠠ ᠪᠣᠯ ᠦᠪᠡᠷ ᠢ ᠪᠠᠨ ᠬᠠᠷᠠᠮ ᠦᠭᠡᠢ ᠪᠠᠷ ᠵᠣᠷᠢᠭᠤᠯᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠬᠢᠵᠢᠭ ᠢ ᠡᠰᠡᠷᠭᠦᠴᠡᠬᠦ ᠡᠮᠴᠢᠯᠡᠭᠡᠨ ᠤ ᠠᠵᠢᠯᠲᠠᠳ ᠪᠠᠭ᠎ᠠ ᠭᠡᠷ ᠢᠶᠠᠨ ᠦᠷᠡᠭᠳᠡᠭᠦᠯᠵᠦ ᠤᠯᠠᠨ ᠢ ᠬᠠᠷᠠᠭᠠᠯᠵᠠᠵᠤ᠂ ᠪᠠᠭ᠎ᠠ ᠬᠠᠶᠢᠷ᠎ᠠ ᠪᠠᠨ ᠲᠠᠶᠠᠭᠳᠠᠵᠦ ᠶᠡᠭᠡ ᠬᠠᠶᠢᠷ᠎ᠠ ᠶᠢ ᠪᠦᠲᠦᠭᠡᠬᠦ ᠪᠠᠭᠠᠲᠤᠷᠯᠢᠭ ᠦᠢᠯᠡ ᠠᠵᠢᠯᠯᠠᠭ᠎ᠠ ᠪᠣᠯᠤᠨ ᠬᠠᠶᠢᠷ᠎ᠠ ᠰᠡᠳᠬᠢᠯᠭᠡ ᠪᠢᠯᠬᠠᠭᠰᠠᠨ ᠦᠢᠯᠡ ᠠᠵᠢᠯᠯᠠᠭ᠎ᠠ ᠪᠠᠨ ᠤᠬᠠᠭᠤᠯᠵᠤ ᠂ ᠰᠢᠨᠲᠠᠷᠠᠰᠢ ᠦᠭᠡᠢ ᠴᠢᠷᠮᠠᠶᠢᠵᠦ᠂ ᠡᠷᠡᠯᠬᠡᠭᠯᠡᠨ ᠤᠷᠤᠭᠰᠢᠯᠠᠬᠤ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠬᠤ ᠶᠢᠨ ᠲᠥᠯᠥᠭᠡ ᠶᠤᠮ᠃ 
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map