5 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠱᠦᠵᠢ ᠱᠢ | ᠸᠠᠨ ᠵᠢᠶᠦ᠋ᠨ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ︵ᠥᠷᠭᠡᠳᠬᠡᠭᠰᠡᠨ︶ ᠤ ᠬᠤᠷᠠᠯ ᠢ | ᠡᠷᠭᠢᠯᠡᠨ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳᠠᠩ | ᠢ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ | ᠱᠦᠵᠢ ᠴᠢ ᠹᠸᠢ ᠶᠦᠨ᠂ ᠬᠤᠲᠠ ᠶᠢᠨ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ ᠬᠤᠷᠠᠯ ᠳᠤ | ᠣᠷᠣᠯᠴᠠᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠬᠠᠨ ᠬᠦᠸᠧ ᠡᠣ᠂ ᠬᠤᠲᠠ ᠶᠢᠨ ᠵᠠᠰᠠᠭ ᠤᠨ ᠣᠷᠳᠣᠨ᠂ ᠬᠤᠲᠠ ᠶᠢᠨ ᠤᠯᠤᠰ ᠲᠥᠷᠦ ᠶᠢᠨ | ᠵᠥᠪᠯᠡᠯᠭᠡᠨ ᠤ ᠬᠤᠯᠪᠤᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠰᠤᠯᠠ ᠣᠷᠣᠯᠴᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠱᠠᠨᠰᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ 4 ᠰᠠᠷ᠎ᠠ ᠶᠢᠨ 29 ᠤ ᠡᠳᠦᠷ᠂ 5 | ᠰᠠᠷ᠎ᠠ ᠶᠢᠨ 6 ᠤ ᠡᠳᠦᠷ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ | ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠤᠢᠢᠷ᠎ᠠ ᠶᠢᠨ ᠬᠤᠭᠤᠴᠠᠭᠠᠨ ᠳᠤ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠱᠢ ᠲᠠᠢ ᠹᠧᠩ ᠨᠡᠭᠦᠷᠡᠰᠦᠨ ᠤ ᠡᠬᠢ ᠪᠠᠶᠠᠯᠢᠭ ᠤᠨ | ᠬᠦᠷᠢᠶᠡᠨ ᠳᠠᠬᠢ ᠲᠦᠷᠢᠮ ᠲᠤᠭᠳᠠᠭᠠᠯ ᠠᠴᠠ ᠵᠦᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠤᠨ ᠲᠤᠬᠠᠢ | ᠲᠤᠰᠬᠠᠢ ᠴᠡᠭᠴᠡᠯᠡᠨ ᠵᠠᠰᠠᠬᠤ ᠠᠵᠢᠯ ᠤᠨ ᠠᠯᠢ ᠤᠯᠠᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ | ᠮᠠᠨ ᠤ ᠬᠤᠳᠠ ᠶᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠠᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ | ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ | ᠣᠶᠢᠯᠠᠭᠠᠵᠤ᠂ ᠢᠯᠠᠩᠭᠤᠶ᠎ᠠ ︽ᠣᠬᠠᠮᠰᠠᠷ ᠠᠴᠠ ᠪᠠᠨ ᠤᠯᠤᠰ ᠲᠥᠷᠥ ᠶᠢ ᠡᠷᠬᠢᠮᠯᠡᠬᠦ︾ ᠴᠢᠬᠤᠯᠠ ᠱᠠᠭᠠᠷᠳᠠᠯᠭ᠎ᠠ ᠶᠢ | ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠲᠠᠰᠤᠷᠠᠯᠲᠠ ᠥᠬᠡᠶ ᠴᠢᠩᠭᠠᠳᠬᠠᠵᠤ᠂ ︽ᠳᠥᠷᠪᠡᠨ ᠢᠲᠡᠭᠡᠯ︾ | ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠪᠣᠳᠠᠲᠠᠶ | ᠠᠵᠢᠯᠯᠠᠭ᠎ᠠ ᠪᠠ ᠦᠢᠯᠡᠳᠦᠯᠭᠡ ᠳᠤ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠶ᠃ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠪᠠᠶᠢᠩᠭᠤᠵᠢᠭᠰᠠᠨ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠢ᠃ ᠰᠤᠷᠤᠯᠭ᠎ᠠ ᠪᠠᠨ ᠰᠡᠷᠭᠦᠭᠡᠵᠦ | ᠬᠢᠴᠢᠶᠡᠯ ᠢᠶᠠᠨ ᠰᠡᠷᠭᠦᠭᠡᠬᠦ ᠶᠢ ᠯᠠᠪᠳᠠᠭᠤᠨ ᠢᠶᠠᠷ ᠠᠬᠢᠭᠤᠯᠵᠤ᠂ ᠰᠤᠷᠭᠠᠭᠤᠯᠢ ᠶᠢᠨ ᠭᠤᠤᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠪᠥᠭᠡᠳ ᠪᠣᠳᠠᠲᠠᠶᠢᠵᠢᠭᠤᠯᠵᠤ᠂ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢ | ᠨᠢᠭᠲᠠ ᠠᠩᠬᠠᠷᠴᠤ᠂ ᠰᠡᠳᠬᠢᠴᠡ ᠶᠢᠨ ᠬᠠᠪᠰᠤᠷᠤᠨ ᠵᠢᠯᠣᠭᠤᠳᠣᠯᠭ᠎ᠠ ᠶᠢ ᠴᠠᠭ ᠲᠤᠬᠠᠶ ᠳᠤᠨᠢ ᠰᠠᠶᠢᠲᠤᠷ ᠬᠢᠵᠦ᠂ | ᠰᠤᠷᠭᠠᠭᠤᠯᠢ ᠶᠢᠨ ᠬᠦᠷᠢᠶᠡᠨ ᠤ ᠬᠠᠷᠢᠴᠠᠯᠠᠰᠢᠭᠦᠶ ᠠᠮᠤᠷ ᠲᠦᠪᠰᠢᠨ᠂ ᠥᠴᠦᠬᠡᠨ ᠴᠦ ᠠᠯᠳᠠᠰᠢ ᠭᠠᠷᠬᠤ ᠥᠬᠡᠶ | ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ | ᠪᠠᠲᠤᠲᠠᠶ ᠠᠬᠢᠭᠤᠯᠵᠤ᠂ ᠠᠵᠤ ᠦᠢᠯᠡᠰ ᠤᠨ ᠲᠦᠷᠦᠯ ᠵᠦᠢᠯ ᠢ ᠢ ᠵᠦᠶ ᠵᠣᠬᠢᠰᠲᠠᠶ ᠲᠥᠯᠥᠪᠯᠡᠵᠦ᠂ ᠠᠮᠢ ᠠᠬᠤᠢ ᠶᠢ | ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠬᠤ ᠬᠡᠷᠡᠭᠲᠡᠢ᠃ ᠲᠣᠭᠲᠠᠭᠤᠨ ᠤ ᠳᠤᠮᠳᠠ ᠤᠷᠤᠭᠰᠢᠯᠠᠨ | ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠡᠳᠬᠢᠯ ᠢᠶᠠᠨ ᠲᠥᠪᠯᠡᠷᠡᠭᠦᠯᠦᠨ ᠬᠥᠭᠵᠢᠯᠲᠡ ᠶᠢ | ᠡᠷᠢᠯᠬᠢᠯᠡᠵᠦ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ | ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠭ᠎ᠠ ᠪᠦᠬᠦᠨ ᠢ | ᠰᠦᠪᠡᠭᠴᠢᠯᠡᠨ ᠬᠢᠵᠢᠭ ᠤᠨ ᠪᠠᠶᠢᠳᠠᠯ ᠤᠨ ᠨᠦᠯᠦᠭᠡ ᠶᠢ ᠨᠠᠮᠳᠠᠭᠤᠯᠵᠤ᠂ ᠠᠵᠤ ᠠᠬᠤᠢ ᠨᠡᠶᠢᠭᠡᠮ ᠤᠨ ᠦᠷᠭᠦᠯᠵᠢᠯᠡᠨ | ᠡᠷᠡᠭᠦᠯ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠢ ᠬᠡᠵᠡᠢ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠲᠣᠭᠤᠷᠢᠭ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠯᠤᠰ | ᠲᠦᠷᠦ ᠶᠢᠨ ᠵᠣᠭᠰᠣᠴᠠ ᠪᠠᠨ ᠲᠡᠭᠡᠭᠰᠢᠯᠡᠬᠦᠯᠵᠦ᠂ ᠲᠠᠷᠢᠬᠢ ᠲᠣᠯᠣᠭᠠᠢ ᠪᠠᠨ ᠢᠮᠠᠭᠲᠠ ᠰᠡᠷᠭᠡᠭ ᠪᠠᠶᠢᠯᠭᠠᠵᠤ᠂ ᠦᠵᠡᠯ | ᠰᠠᠨᠠᠭ᠎ᠠ ᠪᠠ ᠦᠢᠯᠡ ᠠᠵᠢᠯᠯᠠᠭ᠎ᠠ ᠪᠠᠨ ᠦᠨᠡᠨᠬᠦ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠳᠡᠭᠡᠷ᠎ᠡ ᠨᠢᠭᠡᠳᠭᠡᠵᠦ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ | ᠪᠠᠶᠢᠴᠠᠭᠠᠬᠤ ᠵᠥᠪᠯᠡᠯ ᠤᠨ ᠰᠠᠭᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠨᠠᠯ ᠳᠡᠭᠡᠷ᠎ᠡ ᠨᠢᠭᠡᠳᠬᠡᠵᠦ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠤ ᠲᠤᠰᠬᠠᠢ | ᠴᠡᠭᠴᠡᠯᠡᠨ ᠵᠠᠰᠠᠬᠤ ᠠᠵᠢᠯ ᠤᠨ ᠲᠤᠬᠠᠢ ᠡᠯ᠎ᠡ ᠵᠦᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠤᠨᠢᠨ | ᠳᠡᠭᠡᠷ᠎ᠡ ᠨᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠰᠬᠠᠢ ᠴᠡᠭᠴᠡᠯᠡᠨ ᠵᠠᠰᠠᠬᠤ ᠠᠵᠢᠯ ᠢ ᠪᠦᠬᠦ | ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠡᠯ᠎ᠡ ᠲᠣᠭᠤᠷᠢᠭ | ᠡᠯ᠎ᠡ ᠬᠤᠯᠪᠣᠭᠳᠠᠯ ᠪᠥᠬᠦᠶ ᠰᠠᠯᠠᠭ᠎ᠠ ᠮᠦᠴᠢᠷ ᠤᠨ ᠠᠵᠢᠯ ᠤᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠴᠢᠩᠭ᠎ᠠ | ᠳᠠᠷᠤᠵᠤ ᠪᠣᠳᠠᠲᠠᠶᠢᠵᠢᠭᠤᠯᠵᠤ᠂ ᠭᠤᠷᠪᠠᠨ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠨᠢᠭᠡᠳᠦᠭᠡᠷ | ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠬᠠᠷᠭᠤᠭᠤᠯᠤᠨ ᠪᠠᠶᠢᠴᠠᠭᠠᠬᠤ ᠠᠵᠢᠯ ᠢ | ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠠᠬᠢᠭᠤᠯᠵᠤ᠂ ᠡᠪᠡᠳᠴᠢᠨ ᠤ ᠭᠤᠯᠣᠮᠲᠠ ᠶᠢ ᠭᠦᠨᠵᠡᠭᠡᠶ ᠠᠭᠤᠳᠠᠯᠵᠤ᠂ | ᠡᠪᠡᠳᠴᠢᠨ ᠤ ᠦᠨᠳᠦᠰᠦ ᠶᠢ ᠣᠨᠣᠪᠴᠢᠲᠠᠶ ᠡᠷᠢᠵᠦ᠂ ᠠᠰᠠᠭᠤᠳᠠᠯ ᠢ ᠦᠨᠡᠨ ᠪᠣᠳᠠᠲᠠᠶ ᠪᠠᠷ ᠰᠢᠢᠳᠪᠦᠷᠢᠯᠡᠬᠦ ᠶᠢ | ᠦᠨᠡᠨ ᠬᠦ ᠪᠠᠲᠤᠯᠠᠬᠤ ᠬᠡᠷᠡᠭᠲᠡᠶ᠃ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠬᠠᠷᠠᠯᠲᠠ | ᠴᠢᠭᠯᠡᠯ ᠳᠤ ᠠᠩᠬᠠᠷᠤᠯ ᠢᠶᠠᠨ ᠲᠦᠪᠯᠡᠷᠡᠬᠦᠯᠦᠨ᠂ ᠰᠡᠳᠬᠢᠯ ᠢᠶᠠᠨ ᠨᠢᠭᠡᠳᠬᠡᠵᠦ᠂ ᠨᠢᠭᠲᠠ ᠨᠡᠪᠲᠡᠷᠡᠯᠴᠡᠵᠦ᠂ | ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠳᠤᠭᠤᠶᠢᠯᠠᠩ ᠲᠠᠢ ᠪᠥᠬᠦ ᠬᠦᠴᠦᠨ ᠢᠶᠠᠷ ᠢᠶᠠᠨ ᠬᠠᠮᠵᠢᠯᠴᠠᠨ | ᠬᠤᠯᠪᠤᠭᠳᠠᠯ ᠪᠥᠬᠦᠶ ᠠᠵᠢᠯ ᠥᠷᠨᠢᠭᠦᠯᠵᠦ᠂ ᠬᠢᠨᠠᠨ ᠪᠠᠶᠢᠴᠠᠭᠠᠬᠤ ᠬᠤᠭᠤᠴᠠᠭᠠᠨ ᠳᠠᠬᠢ ᠲᠤᠰᠬᠠᠶ ᠴᠡᠭᠴᠡᠯᠡᠨ ᠵᠠᠰᠠᠬᠤ | ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ ᠬᠡᠵᠡᠢ᠃ | ᠬᠤᠷᠠᠯ ᠠᠴᠠ ︽ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ | ᠡᠷᠡᠰ ᠤᠯᠬᠤ 2020 ᠣᠨ ᠤ ᠠᠵᠢᠯᠯᠠᠭᠠᠨ ᠤ ᠲᠥᠰᠦᠯ ︵ᠬᠦᠷᠭᠡᠨ ᠬᠢᠨᠠᠭᠤᠯᠬᠤ ᠨᠣᠤᠷᠠᠭ︶︾ ︽ᠦᠬᠠᠶ | ᠬᠤᠲᠠ ᠶᠢᠨ ︿ᠮᠠᠯ ᠠᠵᠤ ᠠᠬᠤᠶ ᠮᠠᠯᠵᠢᠬᠤ ᠣᠷᠣᠨ ᠮᠠᠯᠴᠢᠨ ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ﹀ ᠤ | ᠬᠦᠷᠢᠶ᠎ᠡ ᠴᠠᠷᠠᠭ᠎ᠠ ᠶᠢᠨ ᠶᠢᠨ ᠭᠤᠤᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ ᠬᠤᠭᠤᠴᠠᠭ᠎ᠠ ᠶᠣᠰᠣᠭᠠᠷ ᠴᠢᠨᠡᠭᠡᠯᠢᠭ | ᠨᠡᠶᠢᠭᠡᠮ ᠢ ᠪᠥᠬᠦ ᠲᠠᠯ ᠠ ᠪᠠᠷ ᠪᠡᠶᠡᠯᠡᠭᠦᠯᠬᠦ ᠶᠢ ᠪᠠᠲᠤᠯᠠᠬᠤ ᠲᠤᠬᠠᠶ ᠬᠡᠷᠡᠭᠵᠢᠭᠦᠯᠬᠦ ᠲᠥᠰᠦᠯ ︵ᠬᠦᠷᠭᠡᠨ ᠬᠢᠨᠠᠭᠤᠯᠬᠤ | ᠨᠣᠤᠷᠠᠭ︶︾ ︽ᠬᠤᠲᠠ ᠶᠢᠨ ᠬᠠᠷᠢᠶ᠎ᠠ ᠪᠥᠬᠦᠶ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢ ᠲᠥᠷᠥᠯ ᠬᠤᠪᠢᠶᠠᠨ ᠠᠬᠢᠭᠤᠯᠬᠤ | ᠲᠤᠬᠠᠶ ᠰᠠᠨᠠᠯ ︵ᠬᠦᠷᠭᠡᠨ ᠬᠢᠨᠠᠭᠤᠯᠬᠤ ᠨᠣᠤᠷᠠᠭ︶︾ ᠵᠡᠷᠭᠡ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ | ᠲᠣᠭᠲᠠᠭᠠᠪᠠ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ |