ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ 2020 ᠣᠨ ᠤ | ᠥᠪᠡᠷᠲᠡᠭᠡᠨ ᠵᠠᠰᠠᠬᠤ ᠣᠷᠣᠨ ᠤ ︽ᠲᠠᠪᠤᠨ ᠰᠠᠶᠢᠨᠲᠠᠶ ᠬᠡᠷ ᠪᠦᠯᠢ︾ ᠪᠠ ︽ᠬᠠᠮᠤᠭ ᠤᠨ ᠭᠤᠶᠣ ᠬᠡᠷ ᠪᠦᠯᠢ︾ ᠶᠢ | ᠰᠢᠯᠭᠠᠷᠠᠭᠤᠯᠤᠨ ᠬᠥᠬᠢᠭᠦᠯᠵᠦ᠂ ᠮᠠᠨ ᠤ ᠬᠤᠲᠠ ᠶᠢᠨ ᠸᠠᠩ ᠼᠠᠢ ᠿᠦᠩ ᠤᠨ ᠬᠡᠷ ᠪᠦᠯᠢ ᠪᠠ ᠸᠠᠩ ᠵᠢᠶᠠᠩ | ᠫᠢᠩ ᠤᠨ ᠬᠡᠷ ᠪᠦᠯᠢ ᠥᠪᠡᠷᠲᠡᠭᠡᠨ ᠵᠠᠰᠠᠬᠤ ᠣᠷᠣᠨ ᠤ ︽ᠲᠠᠪᠤᠨ ᠰᠠᠶᠢᠨᠲᠠᠶ ᠬᠡᠷ ᠪᠦᠯᠢ︾ ᠪᠠᠷ ᠦᠨᠡᠯᠡᠭᠳᠡᠵᠦ᠂ | ᠶᠠᠩ ᠯᠢ ᠯᠢ ᠶᠢᠨ ᠬᠡᠷ ᠪᠦᠯᠢ ᠪᠠ ᠵᠠᠩ ᠵᠢᠩ ᠤᠨ ᠬᠡᠷ ᠪᠦᠯᠢ ᠥᠪᠡᠷᠲᠡᠭᠡᠨ ᠵᠠᠰᠠᠬᠤ ᠣᠷᠣᠨ ᠤ ︽ᠬᠠᠮᠤᠭ ᠤᠨ | ᠭᠤᠶᠣ ᠬᠡᠷ ᠪᠦᠯᠢ︾ ᠪᠠᠷ ᠦᠨᠡᠯᠡᠭᠳᠡᠪᠡ᠃ | ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠵᠦ᠂ | ᠭᠡᠷ ᠪᠦᠯᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ ᠣᠶᠢᠷ᠎ᠠ ᠶᠢᠨ ᠵᠢᠯ ᠤᠨ ᠲᠤᠷᠰᠢ᠂ | ᠮᠠᠨ ᠤ ᠬᠤᠲᠠ ᠶᠢᠨ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ | ᠠᠴᠠ ︽ᠬᠠᠮᠤᠭ ᠤᠨ ᠭᠤᠶᠤ ᠭᠡᠷ ᠪᠦᠯᠢ︾ ᠶᠢ ᠪᠦᠲᠦᠭᠡᠨ ᠪᠠᠶᠢᠭᠤᠯᠬᠤ ᠠᠵᠢᠯᠯᠠᠭ᠎ᠠ ᠶᠢ ᠨᠢᠭᠡ ᠵᠦᠢᠯ ᠤᠨ ᠴᠢᠬᠤᠯᠠ | ᠠᠵᠢᠯ ᠪᠣᠯᠭᠠᠨ ᠠᠳᠬᠤᠵᠤ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ᠂ ᠡᠯ᠎ᠡ ᠠᠵᠢᠯ ᠲᠥᠷᠥᠯ ᠤᠨ | ᠰᠢᠰᠲ᠋ᠧᠮ ᠳᠤ ᠰᠠᠭᠤᠷᠢᠯᠠᠨ᠂ ᠣᠯᠠᠨ ᠵᠦᠢᠯ ᠤᠨ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠠᠵᠢᠯᠯᠠᠭ᠎ᠠ ᠶᠢᠨ | ᠣᠯᠠᠨ ᠲᠦᠮᠡᠨᠴᠢ ᠴᠢᠨᠠᠷ᠂ ᠥᠷᠭᠡᠨ ᠳᠡᠯᠭᠡᠷ ᠴᠢᠨᠠᠷ ᠪᠠ ᠤᠷᠲᠤ ᠬᠤᠭᠤᠴᠠᠭᠠᠲᠤ ᠴᠢᠨᠠᠷ ᠢ ᠭᠦᠢᠴᠡᠳ ᠬᠠᠷᠠᠭᠤᠯᠵᠤ᠂ | ᠭᠡᠷ ᠪᠦᠯᠢ ᠶᠢᠨ ᠪᠣᠯᠪᠠᠰᠤᠨ ᠰᠤᠷᠲᠠᠯ ᠢ ᠥᠷᠭᠡᠨ ᠳᠡᠯᠭᠡᠷ ᠳᠡᠯᠭᠡᠷᠡᠭᠦᠯᠪᠡ᠃ | ᠣᠲᠣ ᠪᠣᠯᠲᠠᠯ᠎ᠠ᠂ ᠮᠠᠨ ᠤ ᠬᠤᠲᠠ ᠶᠢᠨ ᠨᠡᠶᠢᠲᠡ 6 ᠬᠡᠷ ᠪᠦᠯᠢ ᠪᠥᠬᠦ ᠤᠯᠤᠰ ᠤᠨ ᠬᠠᠮᠤᠭ ᠤᠨ ᠭᠤᠶᠣ ᠬᠡᠷ | ᠪᠦᠯᠢ᠂ ᠲᠠᠪᠤᠨ ᠰᠠᠶᠢᠨᠲᠠᠶ ᠬᠡᠷ ᠪᠦᠯᠢ᠂ ᠲᠠᠪᠤᠨ ᠰᠠᠶᠢᠨᠲᠠᠶ ᠪᠣᠯᠪᠠᠰᠤᠨ ᠬᠡᠷ ᠪᠦᠯᠢ᠂ 48 ᠡᠷᠦᠬᠡ ᠬᠡᠷ ᠪᠦᠯᠢ | ᠦᠪᠡᠷᠳᠡᠭᠡᠨ ᠵᠠᠰᠠᠬᠤ ᠣᠷᠣᠨ ᠤ ᠬᠠᠮᠤᠭ ᠤᠨ ᠭᠤᠶᠣ ᠬᠡᠷ ᠪᠦᠯᠢ᠂ ᠪᠣᠯᠪᠠᠰᠤᠨ ᠬᠡᠷ ᠪᠦᠯᠢ᠂ ᠲᠠᠪᠤᠨ ᠰᠠᠶᠢᠨᠲᠠᠶ ᠬᠡᠷ | ᠪᠦᠯᠢ ᠶᠢ ᠢᠷᠠᠭᠤ ᠠᠯᠳᠠᠷᠲᠠᠶ ᠪᠠᠷ ᠭᠥᠷᠳᠡᠪᠡ᠃ |