5 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠪᠥᠬᠦ ᠬᠤᠲᠠ ᠶᠢᠨ ᠰᠢᠶᠠᠨ ᠭᠠᠵᠠᠷ ᠤᠨ ᠲᠠᠰ ᠤᠨ | ᠺᠠᠳ᠋ᠷᠴᠤᠳ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠶ ᠰᠡᠳᠦᠪᠲᠦ ᠡᠭᠡᠯᠵᠢᠯᠡᠨ ᠪᠣᠯᠪᠠᠰᠤᠷᠠᠭᠤᠯᠬᠤ | ᠠᠩᠭᠢ ︵3 ᠳ᠋ᠤᠭᠠᠷ ᠬᠤᠭᠤᠴᠠᠭ᠎ᠠ︶᠂ 27 ᠳ᠋ᠤᠭᠠᠷ ᠬᠤᠭᠤᠴᠠᠭᠠᠨ ᠤ ᠢᠳᠡᠷ ᠵᠠᠯᠠᠭᠤ ᠺᠠᠳ᠋ᠷᠴᠤᠳ ᠤᠨ | ᠪᠣᠯᠪᠠᠰᠤᠷᠠᠯ ᠤᠨ ᠠᠩᠭᠢ ᠶᠢᠨ ᠠᠩᠭᠢ ᠡᠬᠢᠯᠡᠬᠦ ᠶᠣᠰᠣᠯᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠨᠠᠮ ᠤᠨ | ᠰᠤᠷᠭᠠᠭᠤᠯᠢ ᠶᠢᠨ ᠠᠵᠢᠯ ᠤᠨ ᠬᠤᠷᠠᠯ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠬᠤᠷᠠᠯᠳᠤᠵᠤ | ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ | ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠵᠠᠬᠢᠷᠤᠯ ᠹᠧᠩ ᠰᠢᠤᠸᠠᠢ ᠲᠤᠤ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠪᠠ᠃ | | | | | ᠹᠧᠩ ᠰᠢᠤᠸᠠᠢ ᠲᠤᠤ ᠵᠢᠭᠠᠵᠤ ᠭᠠᠷᠭᠠᠭᠰᠠᠨ ᠨᠢ᠂ ᠣᠳᠣᠬᠠᠨ ᠳᠤ ᠮᠠᠨ ᠤ ᠤᠯᠤᠰ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠳᠠ ᠶᠢᠨ ᠳᠠᠶᠢᠨ ᠨᠢᠭᠡᠨᠲᠡ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ | ᠦᠷ᠎ᠡ ᠪᠦᠲᠦᠭᠡᠯ ᠣᠯᠵᠤ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠢ ᠨᠢᠭᠡᠨᠲᠡ ᠦᠨᠳᠦᠰᠦᠨ ᠳᠡᠭᠡᠨ | ᠡᠵᠡᠮᠳᠡᠵᠡᠢ᠃ ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠤᠨ ᠠᠵᠢᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠤᠳᠠᠳᠣ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠵᠤ᠂ 5 ᠰᠠᠷ᠎ᠠ ᠶᠢᠨ 11 ᠤ ᠡᠳᠦᠷ ᠠᠴᠠ ᠡᠬᠢᠯᠡᠨ᠂ | 2020 ᠣᠨ ᠤ ᠪᠥᠬᠦ ᠬᠤᠲᠠ ᠶᠢᠨ ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠤᠨ ᠡᠯ᠎ᠡ ᠲᠥᠷᠥᠯ ᠤᠨ | ᠲᠥᠯᠥᠪᠯᠡᠭᠡ ᠶᠢᠨ ᠠᠩᠭᠢ ᠶᠢ ᠪᠥᠬᠦ ᠲᠠᠯ᠎ᠠ ᠪᠠᠷ ᠡᠬᠢᠯᠡᠭᠦᠯᠬᠦ ᠪᠠᠷ ᠲᠣᠭᠲᠠᠪᠠ᠃ ᠬᠤᠲᠠ ᠶᠢᠨ ᠨᠠᠮ ᠤᠨ ᠬᠤᠷᠢᠶᠠᠨ ᠤ | ᠨᠠᠮ ᠤᠨ ᠰᠤᠷᠭᠠᠭᠤᠯᠢ ᠨᠢ ᠨᠠᠮ ᠤᠨ ᠭᠡᠰᠢᠭᠦᠨ ᠺᠠᠳ᠋ᠷ ᠢ ᠪᠣᠯᠪᠠᠰᠤᠷᠠᠭᠤᠯᠬᠤ ᠭᠤᠤᠯ ᠠᠷᠭ᠎ᠠ ᠵᠠᠮ᠂ ᠣᠨᠣᠯ ᠤᠨ | ᠪᠠᠶᠢᠭᠤᠯᠤᠯᠲᠠ ᠪᠠ ᠦᠵᠡᠯ ᠰᠠᠨᠠᠭᠠᠨ ᠤ ᠵᠢᠯᠣᠭᠤᠳᠤᠮᠵᠢ ᠶᠢᠨ ᠭᠤᠣᠯ ᠵᠢᠭᠰᠠᠭᠠᠯ ᠤᠨ ᠭᠠᠵᠠᠷ ᠪᠣᠯᠤᠭᠰᠠᠨ ᠤ | ᠬᠤᠪᠢ ᠳᠤ᠂ ᠭᠦᠨᠵᠡᠭᠡᠢ ᠰᠡᠳᠬᠢᠨ ᠪᠣᠳᠣᠯᠬᠢᠯᠠᠵᠤ᠂ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠵᠢᠭᠠᠨ ᠰᠤᠷᠭᠠᠬᠤ | ᠶᠠᠰᠤ ᠴᠢᠨᠠᠷ ᠢ ᠬᠢᠵᠠᠭᠠᠷᠯᠠᠵᠤ ᠪᠠᠶᠢᠭ᠎ᠠ ᠵᠠᠷᠢᠮ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ ᠦᠨᠡᠨ ᠬᠦ ᠠᠬᠢᠭᠤᠯᠵᠤ᠂ | ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠤᠯᠤᠰ ᠲᠥᠷᠦ ᠶᠢᠨ ᠬᠡᠪ ᠴᠢᠨᠠᠷ | ᠪᠠ ᠴᠢᠳᠠᠪᠤᠷᠢ ᠶᠢᠨ ᠬᠡᠪ ᠴᠢᠨᠠᠷ ᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ ᠬᠡᠵᠡᠢ᠃ | | | | | ᠹᠧᠩ ᠰᠢᠤᠸᠠᠢ ᠲᠤᠤ ᠴᠢᠬᠤᠯᠠᠴᠢᠯᠠᠭᠰᠠᠨ ᠨᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠲᠦᠷᠪᠡᠳᠦᠭᠡᠷ ᠪᠥᠬᠦᠳᠡ ᠬᠤᠷᠠᠯ ᠪᠣᠯ ᠮᠠᠨ ᠤ ᠨᠠᠮ ᠤᠨ ︽ᠬᠤᠤᠰ ᠵᠠᠭᠤᠨ ᠵᠢᠯ︾ ᠤᠨ ᠲᠡᠮᠡᠴᠡᠬᠦ | ᠬᠠᠷᠠᠯᠲᠠ ᠶᠢᠨ ᠲᠡᠤᠬᠡᠨ ᠠᠭᠤᠯᠵᠠᠷ ᠴᠡᠭ ᠳᠡᠭᠡᠷ᠎ᠡ ᠬᠤᠷᠠᠯᠳᠤᠭᠤᠯᠤᠭᠰᠠᠨ ᠨᠢᠭᠡ ᠤᠳᠠᠭᠠᠨ ᠤ ᠲᠦᠢᠯ ᠤᠨ ᠴᠢᠬᠤᠯᠠ | ᠬᠤᠷᠠᠯ ᠮᠥᠨ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠶ ᠶᠢᠨ ᠲᠠᠰᠢᠷᠠᠮ ᠳᠤ᠂ ᠮᠠᠨ ᠤ | ᠤᠯᠤᠰ ᠤᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠵᠠᠩᠭᠢᠯᠠᠭ᠎ᠠ ᠶᠢᠨ ᠦᠶ᠎ᠡ ᠳᠤ | ᠬᠤᠷᠠᠯᠳᠤᠭᠤᠯᠤᠭᠰᠠᠨ ᠨᠢᠭᠡ ᠤᠳᠠᠭᠠᠨ ᠤ ᠡᠭᠦᠳᠦᠯᠲᠡ ᠶᠢᠨ ᠴᠢᠨᠠᠷᠲᠠᠶ᠂ ᠬᠥᠰᠢᠶ᠎ᠡ ᠳᠤᠷᠠᠰᠬᠠᠯ ᠤᠨ ᠠᠴᠢ | ᠬᠤᠯᠪᠣᠭᠳᠠᠯ ᠲᠠᠢ ᠬᠤᠷᠠᠯ ᠮᠥᠨ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠬᠤ ᠪᠣᠯ ᠮᠠᠨ ᠤ | ᠤᠳᠤᠷᠢᠳᠬᠤ ᠺᠠᠳ᠋ᠷ ᠨᠢᠭᠡᠪᠦᠷᠢ ᠶᠢᠨ ᠣᠳᠣᠬᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠮᠥᠨ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ᠂ | ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠢᠨ | ᠴᠢᠬᠤᠯᠠ ᠶᠡᠭᠡ ᠠᠴᠢ ᠬᠤᠯᠪᠣᠭᠳᠠᠯ᠂ ᠢᠯᠡᠷᠭᠡᠢ ᠲᠠᠪᠠᠭᠤᠯᠢᠭ᠂ ᠶᠡᠷᠦᠩᠬᠡᠶ ᠱᠠᠭᠠᠷᠳᠠᠯᠭ᠎ᠠ᠂ ᠶᠡᠷᠦᠩᠬᠡᠶ ᠬᠠᠷᠠᠯᠲᠠ ᠪᠠ | ᠭᠤᠤᠯᠳᠠᠯᠭ᠎ᠠ ᠲᠠᠢ ᠡᠭᠦᠷᠭᠡ ᠶᠢ ᠬᠦᠨᠵᠡᠬᠡᠢ ᠤᠢᠢᠯᠠᠭᠠᠨ ᠣᠨᠣᠪᠴᠢᠲᠠᠶ ᠡᠵᠡᠮᠰᠢᠵᠦ᠂ ᠪᠠᠶᠢᠭᠤᠯᠤᠯ ᠤᠨ ᠤᠬᠠᠮᠰᠠᠷ ᠢᠶᠠᠨ | ᠤᠯᠠᠮ ᠨᠢᠭᠡ ᠠᠯᠬᠤᠮ ᠴᠢᠩᠭᠠᠳᠬᠠᠵᠤ᠂ ᠪᠠᠶᠢᠭᠤᠯᠤᠯ ᠤᠨ ᠡᠷᠬᠡ ᠰᠦᠷ ᠢ ᠲᠦᠷᠦᠭᠦᠯᠡᠨ ᠬᠠᠮᠠᠭᠠᠯᠠᠵᠤ᠂ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠯᠠᠪᠳᠠᠭᠤᠨ ᠪᠠᠲᠤᠲᠠᠶ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ | ᠬᠡᠵᠡᠢ᠃ | ᠹᠧᠩ ᠰᠢᠤᠸᠠᠢ ᠲᠤᠤ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠰᠤᠷᠤᠯᠴᠠᠨ | ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠳᠡᠭᠡᠷ᠎ᠡ ᠬᠦᠴᠦ ᠲᠠᠯᠪᠢᠵᠤ᠂ ᠦᠨᠡᠨᠴᠢ ᠰᠢᠳᠤᠷᠭᠤ | ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠬᠠᠲᠠᠭᠤ ᠴᠢᠳᠠᠪᠤᠷᠢ ᠶᠢ ᠲᠠᠰᠤᠷᠠᠯᠲᠠ ᠥᠬᠡᠶ ᠳᠠᠪᠲᠠᠨ | ᠪᠣᠯᠪᠠᠰᠤᠷᠠᠭᠤᠯᠬᠤ ᠬᠡᠷᠡᠭᠲᠡᠶ᠃ ᠦᠨᠡᠨᠴᠢ ᠰᠢᠳᠤᠷᠭᠤ ᠪᠠᠷ ᠬᠠᠷᠢᠴᠠᠯᠠᠰᠢ ᠦᠭᠡᠢ ᠰᠤᠷᠤᠯᠴᠠᠵᠤ᠂ ᠬᠠᠷᠢᠴᠠᠯᠠᠰᠢ ᠦᠭᠡᠢ | ᠪᠠᠷ ᠦᠨᠡᠨᠴᠢ ᠰᠢᠳᠤᠷᠭᠤ ᠪᠠᠶᠢᠬᠤ ᠶᠢ ᠰᠣᠷᠣᠯᠴᠠᠵᠤ᠂ ᠰᠤᠷᠤᠯᠴᠠᠯᠭ᠎ᠠ ᠶᠢᠨ ᠳᠤᠮᠳᠠ ᠤᠯᠤᠰ ᠲᠦᠷᠦ ᠶᠢᠨ | ᠤᠬᠠᠮᠰᠠᠷ ᠢᠶᠠᠨ ᠴᠢᠩᠭᠠᠳᠬᠠᠵᠤ᠂ ᠰᠤᠷᠤᠯᠴᠠᠯᠭ᠎ᠠ ᠶᠢᠨ ᠳᠤᠮᠳᠠ ᠤᠯᠤᠰ ᠲᠦᠷᠦ ᠶᠢᠨ ᠪᠠᠷᠢᠮᠵᠢᠶ᠎ᠠ ᠶᠢ ᠴᠢᠩᠭ᠎ᠠ | ᠰᠠᠬᠢᠵᠤ᠂ ᠰᠤᠷᠤᠯᠴᠠᠯᠭ᠎ᠠ ᠶᠢᠨ ᠳᠤᠮᠳᠠ ᠤᠯᠤᠰ ᠲᠦᠷᠦ ᠶᠢᠨ ᠪᠤᠯᠪᠠᠰᠣᠷᠠᠯ ᠢᠶᠠᠨ ᠴᠢᠩᠭᠠᠳᠬᠠᠵᠤ᠂ | ᠰᠤᠷᠤᠯᠴᠠᠯᠭ᠎ᠠ ᠶᠢᠨ ᠳᠤᠮᠳᠠ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠤᠷᠤᠯᠴᠠᠯᠭ᠎ᠠ ᠶᠢᠨ ᠦᠷ᠎ᠡ | ᠪᠦᠲᠦᠭᠡᠯ ᠢᠶᠠᠷ ᠲᠠᠷᠢᠬᠢ ᠲᠣᠯᠣᠭᠠᠢ ᠪᠠᠨ ᠦᠨᠡᠨ ᠬᠦ ᠵᠡᠪᠰᠡᠭᠯᠡᠬᠦ᠂ ᠦᠢᠯᠡᠳᠦᠯᠭᠡ ᠪᠠᠨ ᠵᠢᠯᠤᠭᠤᠳᠤᠭᠤᠯᠬᠤ᠂ | ᠠᠵᠢᠯ ᠢᠶᠠᠨ ᠠᠬᠢᠭᠤᠯᠬᠤ᠂ ᠪᠤᠰᠤᠳᠴᠢ ᠶᠢᠷᠲᠢᠨᠴᠦ ᠶᠢ ᠥᠭᠡᠷᠡᠴᠢᠯᠡᠬᠦ ᠤᠯᠤᠰ ᠲᠦᠷᠦ ᠶᠢᠨ ᠤᠬᠠᠮᠰᠠᠷ᠂ ᠦᠵᠡᠯ | ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠪᠣᠯᠭᠠᠨ ᠬᠤᠪᠢᠷᠠᠭᠤᠯᠬᠤ ᠬᠡᠷᠡᠭᠲᠡᠢ᠃ | ᠬᠠᠷᠢᠭᠤᠴᠠᠯᠭ᠎ᠠ ᠡᠭᠦᠷᠭᠡᠯᠡᠯ ᠲᠠᠢ ᠪᠠᠷ ᠰᠤᠷᠤᠯᠴᠠᠵᠤ᠂ ᠬᠠᠷᠢᠭᠤᠴᠠᠯᠭ᠎ᠠ ᠡᠭᠦᠷᠭᠡᠯᠡᠯ ᠢ ᠰᠤᠷᠤᠯᠴᠠᠵᠤ᠂ | ᠰᠣᠷᠣᠯᠴᠠᠯᠭ᠎ᠠ ᠶᠢᠨ ᠳᠤᠮᠳᠠ ᠬᠦᠨᠳᠦ ᠠᠮᠢᠵᠢᠷᠠᠯ ᠤᠨ ᠪᠣᠳᠠᠲᠤ ᠬᠦᠴᠦᠨ ᠢᠶᠠᠨ ᠳᠡᠭᠡᠭᠰᠢᠯᠡᠭᠦᠯᠵᠦ᠂ | ᠰᠤᠷᠤᠯᠴᠠᠯᠭ᠎ᠠ ᠶᠢᠨ ᠳᠤᠮᠳᠠ ᠬᠠᠲᠠᠭᠤ ᠳᠠᠶᠢᠯᠠᠯᠳᠤᠭᠠᠨ ᠬᠢᠬᠦ ᠴᠢᠳᠠᠪᠤᠷᠢ ᠪᠠᠨ ᠳᠡᠭᠡᠭᠰᠢᠯᠡᠭᠦᠯᠵᠦ᠂ ᠰᠤᠷᠤᠯᠴᠠᠯᠭ᠎ᠠ ᠶᠢᠨ | ᠳᠤᠮᠳᠠ ᠬᠠᠯᠠ ᠵᠣᠪᠠᠯᠠᠩ ᠢ ᠳᠠᠭᠠᠭᠠᠵᠤ ᠳᠡᠶᠢᠯᠬᠦ ᠰᠥᠰᠥ ᠵᠣᠷᠢᠭ ᠢᠶᠠᠨ ᠳᠡᠭᠡᠭᠰᠢᠯᠡᠭᠦᠯᠵᠦ᠂ ᠡᠭᠦᠷᠭᠡᠯᠡᠯ ᠢ ᠡᠯ᠎ᠡ | ᠱᠠᠳᠣᠨ ᠤ ᠺᠠᠳ᠋ᠷ ᠢᠯᠠᠩᠭᠤᠶ᠎ᠠ ᠵᠠᠯᠠᠭᠤ ᠺᠠᠳ᠋ᠷᠴᠤᠳ ᠤᠨ ᠬᠠᠮᠤᠭ ᠤᠨ ᠴᠡᠪᠡᠷ ᠳᠡᠪᠢᠰᠬᠡᠷ ᠥᠩᠭᠡ᠂ ᠬᠠᠮᠤᠭ ᠤᠨ ᠢᠯᠡ | ᠲᠣᠳᠣ ᠱᠣᠰᠢᠭ᠎ᠠ ᠲᠡᠮᠳᠡᠭ ᠪᠣᠯᠭᠠᠬᠤ ᠬᠡᠷᠡᠭᠲᠡᠶ᠃ ᠰᠠᠬᠢᠯᠭ᠎ᠠ ᠪᠠᠲᠤ ᠶᠣᠰᠣ ᠲᠦᠷᠢᠮ ᠲᠠᠢ ᠪᠠᠷ ᠰᠤᠷᠤᠯᠴᠠᠵᠤ᠂ | ᠰᠠᠬᠢᠯᠭ᠎ᠠ ᠪᠠᠲᠤ ᠶᠣᠰᠣ ᠲᠦᠷᠢᠮ ᠢ ᠰᠤᠷᠤᠯᠴᠠᠵᠤ᠂ ᠰᠣᠷᠣᠯᠴᠠᠬᠤ ᠳᠤᠮᠳᠠ ᠪᠠᠨ ᠵᠠᠰᠠᠭ ᠤᠨ ᠮᠣᠷᠠᠯ ᠤᠨ | ᠪᠣᠯᠪᠠᠰᠤᠷᠠᠯ ᠢᠶᠠᠨ ᠴᠢᠩᠭᠠᠳᠬᠠᠵᠤ᠂ ᠰᠤᠷᠤᠯᠴᠠᠬᠤ ᠳᠤᠮᠳᠠ ᠪᠠᠨ ᠡᠷᠬᠡ ᠶᠢ ᠪᠢᠰᠢᠷᠡᠨ ᠵᠢᠷᠦᠬᠡᠰᠢᠶᠡᠵᠦ᠂ ᠰᠤᠷᠤᠯᠴᠠᠬᠤ | ᠳᠤᠮᠳᠠ ᠪᠠᠨ ᠪᠡᠶ᠎ᠡ ᠪᠠᠨ ᠱᠠᠭᠠᠷᠳᠠᠬᠤ ᠪᠠᠨ ᠴᠢᠩᠭᠠᠳᠬᠠᠵᠤ᠂ ᠢᠮᠠᠭᠲᠠ ᠰᠠᠬᠢᠯᠭ᠎ᠠ ᠪᠠᠲᠤ ᠪᠠ ᠶᠣᠰᠣ ᠲᠦᠷᠢᠮ ᠢ | ᠲᠡᠷᠢᠭᠦᠨ ᠳᠤ ᠲᠠᠯᠪᠢᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ | ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠡᠯ᠎ᠡ ᠵᠦᠢᠯ ᠤᠨ ᠰᠠᠬᠢᠯᠭ᠎ᠠ | ᠪᠠᠲᠤ ᠲᠦᠷᠢᠮ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠶ ᠬᠡᠵᠡᠢ᠃ | ᠹᠧᠩ ᠰᠢᠤᠸᠠᠢ ᠲᠤᠤ ᠴᠢᠬᠤᠯᠠᠴᠢᠯᠠᠭᠰᠠᠨ ᠨᠢ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ | ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠤᠨ ᠭᠤᠤᠯ ᠵᠢᠭᠰᠠᠭᠠᠯ ᠤᠨ ᠭᠠᠵᠠᠷ ᠪᠣᠯᠤᠭᠰᠠᠨ ᠤ ᠬᠤᠪᠢ ᠳᠤ᠂ ︽ | ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ | ᠶᠢᠨ ᠠᠵᠢᠯ ᠤᠨ ᠲᠦᠷᠢᠮ︾ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠢᠭᠠᠨ ᠰᠤᠷᠭᠠᠯᠲᠠ ᠶᠢᠨ | ᠬᠠᠮᠢᠶᠠᠷᠤᠯᠲᠠ ᠲᠡᠭᠡᠷ᠎ᠡ ᠪᠠᠨ ᠬᠦᠴᠦ ᠲᠠᠯᠪᠢᠵᠤ᠂ ᠨᠠᠮ ᠤᠨ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠶᠠᠰᠤ | ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠨᠠᠮ ᠤᠨ ᠰᠤᠷᠭᠠᠭᠤᠯᠢ ᠶᠢᠨ ᠤᠳᠤᠷᠢᠳᠬᠤ ᠪᠠᠭ ᠤᠨ | ᠪᠠᠶᠢᠭᠤᠯᠤᠯᠲᠠ ᠪᠠᠨ ᠴᠢᠩᠭᠠᠳᠬᠠᠵᠤ᠂ ᠨᠠᠮ ᠢ ᠴᠢᠩᠭ᠎ᠠ ᠵᠠᠰᠠᠬᠤ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠰᠤᠷᠭᠠᠭᠤᠯᠢ ᠶᠢ ᠴᠢᠩᠭ᠎ᠠ ᠵᠠᠰᠠᠬᠤ᠂ ᠬᠦᠮᠦᠵᠢᠯ ᠢ ᠴᠢᠩᠭ᠎ᠠ ᠵᠠᠰᠠᠬᠤ᠂ ᠰᠤᠷᠤᠯᠴᠠᠯᠭ᠎ᠠ ᠶᠢ ᠴᠢᠩᠭ᠎ᠠ ᠵᠠᠰᠠᠬᠤ ᠶᠢ | ᠴᠢᠩᠭ᠎ᠠ ᠠᠳᠬᠤᠵᠤ᠂ ᠨᠠᠮ ᠤᠨ ᠰᠤᠷᠲᠠᠯ ᠤᠨ ᠪᠠᠶᠢᠭᠤᠯᠤᠯᠲᠠ ᠪᠠᠷ ᠰᠤᠷᠭᠠᠭᠤᠯᠢ ᠶᠢᠨ ᠰᠤᠷᠲᠠᠯ᠂ ᠬᠥᠮᠦᠵᠢᠯ ᠤᠨ | ᠰᠤᠷᠲᠠᠯ ᠪᠠ ᠰᠤᠷᠤᠯᠴᠠᠬᠤ ᠰᠤᠷᠲᠠᠯ ᠤᠨ ᠪᠠᠶᠢᠭᠤᠯᠤᠯᠲᠠ ᠶᠢ ᠳᠠᠶᠢᠴᠢᠯᠠᠬᠤ ᠬᠡᠷᠡᠭᠲᠡᠢ᠃ ᠰᠤᠷᠭᠠᠭᠤᠯᠢ ᠶᠢᠨ | ᠬᠠᠮᠢᠶᠠᠷᠤᠯᠲᠠ ᠶᠢᠨ ᠲᠦᠪᠰᠢᠨ ᠢᠶᠠᠨ ᠬᠦᠴᠦᠯᠡᠨ ᠳᠡᠭᠡᠭᠰᠢᠯᠡᠭᠦᠯᠵᠦ᠂ ᠣᠨᠣᠯ ᠢ ᠪᠣᠳᠠᠲᠠᠶ ᠲᠠᠢ ᠣᠶᠠᠯᠳᠣᠭᠤᠯᠬᠤ | ᠮᠠᠷᠺᠰ ᠤᠨ ᠦᠵᠡᠯ ᠤᠨ ᠰᠤᠷᠤᠯᠴᠠᠬᠤ ᠰᠤᠷᠲᠠᠯ ᠢ ᠶᠡᠬᠡᠪᠡᠷ ᠪᠠᠳᠠᠷᠠᠭᠤᠯᠤᠨ᠂ ᠰᠣᠷᠣᠯᠭᠠᠳᠠᠨ ᠢ ᠰᠣᠩᠭᠤᠨ | ᠰᠢᠯᠵᠢᠬᠦᠯᠬᠦ᠂ ᠬᠢᠴᠢᠶᠡᠯ ᠤᠨ ᠲᠠᠩᠬᠢᠮ ᠤᠨ ᠬᠠᠮᠢᠶᠠᠷᠤᠯᠲᠠ᠂ ᠰᠤᠷᠤᠯᠴᠠᠯᠭ᠎ᠠ ᠶᠢᠨ ᠬᠢᠨᠠᠨ ᠰᠢᠯᠭᠠᠯᠲᠠ᠂ ᠰᠢᠨᠵᠢᠯᠡᠬᠦ | ᠤᠬᠠᠭᠠᠨ ᠤ ᠰᠤᠳᠤᠯᠭᠠᠨ ᠤ ᠬᠠᠮᠢᠶᠠᠷᠤᠯᠲᠠ᠂ ᠠᠵᠢᠯᠯᠠᠭᠠᠨ ᠤ ᠪᠠᠲᠤᠯᠠᠭ᠎ᠠ ᠵᠡᠷᠭᠡ ᠭᠤᠭᠴᠤᠭ᠎ᠠ ᠶᠢᠨ ᠲᠦᠷᠢᠮ | ᠲᠣᠭᠲᠠᠭᠠᠯ ᠢ ᠪᠠᠶᠢᠭᠤᠯᠤᠨ ᠲᠡᠭᠦᠯᠳᠡᠷᠵᠢᠭᠦᠯᠵᠦ᠂ ᠲᠦᠷᠢᠮ ᠢᠶᠠᠷ ᠰᠤᠷᠭᠠᠭᠤᠯᠢ ᠶᠢ ᠬᠠᠮᠢᠶᠠᠷᠬᠤ᠂ ᠲᠦᠷᠢᠮ ᠢᠶᠠᠷ | ᠬᠥᠮᠦᠨ ᠢ ᠬᠠᠮᠢᠶᠠᠷᠬᠤ᠂ ᠲᠦᠷᠢᠮ ᠢᠶᠠᠷ ᠠᠵᠢᠯ ᠶᠠᠪᠤᠳᠠᠯ ᠰᠢᠢᠳᠪᠦᠷᠢᠯᠡᠬᠦ ᠶᠢ ᠪᠠᠷᠢᠮᠲᠠᠯᠠᠬᠤ ᠬᠡᠷᠡᠭᠲᠡᠶ᠃ ᠵᠢᠭᠠᠨ | ᠰᠤᠷᠭᠠᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠬᠦᠴᠦᠯᠡᠨ ᠳᠡᠭᠡᠭᠰᠢᠯᠡᠭᠦᠯᠵᠦ᠂ ᠰᠤᠷᠭᠠᠭᠤᠯᠢ ᠡᠷᠭᠢᠯᠡᠬᠦ | ᠣᠶᠢᠯᠠᠭᠠᠭᠳᠠᠬᠤᠨ ᠢ ᠲᠠᠰᠤᠷᠠᠯᠲᠠ ᠥᠬᠡᠶ ᠰᠢᠨᠡᠳᠬᠡᠵᠦ᠂ ᠵᠢᠭᠠᠨ ᠰᠤᠷᠭᠠᠯᠲᠠ ᠶᠢᠨ ᠠᠷᠭ᠎ᠠ ᠪᠠᠨ ᠰᠢᠯᠢᠳᠡᠭᠵᠢᠬᠦᠯᠦᠨ᠂ | ᠶᠠᠰᠤ ᠴᠢᠨᠠᠷ ᠢ ᠦᠨᠡᠯᠡᠨ ᠵᠢᠱᠢᠬᠦ ᠶᠢ ᠴᠢᠩᠭᠠᠷᠠᠭᠤᠯᠵᠤ᠂ ᠰᠣᠳᠣᠨ ᠬᠢᠴᠢᠶᠡᠯ ᠢ ᠪᠣᠶ ᠪᠣᠯᠭᠠᠵᠤ᠂ ᠵᠢᠭᠠᠨ | ᠰᠤᠷᠭᠠᠯᠲᠠ ᠶᠢᠨ ᠶᠠᠰᠤ ᠴᠢᠨᠠᠷ ᠤᠨ ᠬᠢᠷᠢ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠪᠠᠭᠰᠢ ᠶᠢᠨ | ᠡᠩᠨᠡᠭᠡ ᠶᠢᠨ ᠪᠠᠶᠢᠭᠤᠯᠤᠯᠲᠠ ᠪᠠᠨ ᠬᠦᠴᠦᠯᠡᠨ ᠴᠢᠩᠭᠠᠳᠬᠠᠵᠤ᠂ ︽ᠨᠠᠷᠠᠲᠤ ᠪᠠᠭᠰᠢ ᠶᠢᠨ ᠢᠨᠵᠧᠨᠧᠷᠢᠩ︾ ᠢ ᠶᠡᠬᠡᠪᠡᠷ | ᠬᠡᠷᠡᠭᠵᠢᠭᠦᠯᠵᠦ᠂ ᠤᠷᠮᠠᠰᠢᠭᠤᠯᠬᠤ ᠥᠷᠢᠰᠥᠯᠳᠦᠭᠡᠨ ᠤ ᠲᠣᠭᠲᠠᠴᠠ ᠪᠠᠨ ᠲᠡᠭᠦᠯᠳᠡᠷᠵᠢᠭᠦᠯᠦᠨ᠂ ᠵᠢᠭᠠᠨ ᠰᠤᠷᠭᠠᠯᠲᠠ᠂ | ᠰᠢᠨᠵᠢᠯᠡᠬᠦ ᠤᠬᠠᠭᠠᠨ ᠤ ᠰᠤᠳᠤᠯᠭᠠᠨ᠂ ᠰᠢᠢᠳᠪᠦᠷᠢᠲᠤ ᠪᠣᠳᠣᠯᠭ᠎ᠠ ᠶᠢᠨ ᠵᠥᠪᠯᠡᠯᠭᠡ᠂ ᠬᠠᠮᠢᠶᠠᠷᠣᠯᠳᠠ | ᠦᠢᠯᠡᠴᠢᠯᠡᠭᠡᠨ ᠤ ᠴᠢᠳᠠᠪᠤᠷᠢ ᠪᠠᠷ ᠴᠢᠩᠭ᠎ᠠ ᠪᠠᠭᠰᠢ ᠶᠢᠨ ᠡᠩᠨᠡᠭᠡ ᠶᠢ ᠪᠠᠶᠢᠭᠤᠯᠬᠤ ᠬᠡᠷᠡᠭᠲᠡᠶ ᠬᠡᠵᠡᠢ᠃ | ᠹᠧᠩ ᠰᠢᠤᠸᠠᠢ ᠲᠤᠤ ᠱᠠᠭᠠᠷᠳᠠᠭᠰᠠᠨ ᠨᠢ᠂ ᠪᠥᠬᠦ ᠰᠣᠷᠣᠯᠭᠠᠳᠠᠨ ᠰᠤᠷᠤᠯᠴᠠᠬᠤ ᠰᠤᠷᠲᠠᠯ ᠰᠠᠬᠢᠯᠭ᠎ᠠ | ᠪᠠᠲᠤ ᠶᠢᠨ ᠲᠠᠯ᠎ᠠ ᠪᠠᠷ ᠬᠦᠴᠦ ᠲᠠᠯᠪᠢᠵᠤ᠂ ᠮᠠᠷᠺᠰ ᠤᠨ ᠦᠵᠡᠯ ᠤᠨ ᠰᠢᠯᠢᠳᠡᠭ ᠰᠤᠷᠤᠯᠴᠠᠬᠤ ᠰᠤᠷᠲᠠᠯ ᠢ | ᠤᠬᠠᠮᠰᠠᠷ ᠠᠴᠠ ᠪᠠᠨ ᠪᠠᠳᠠᠷᠠᠭᠤᠯᠵᠤ᠂ ᠰᠤᠷᠤᠯᠴᠠᠬᠤ ᠣᠪᠣᠷ ᠢᠶᠠᠨ ᠲᠥᠪ ᠪᠣᠯᠭᠠᠵᠤ᠂ ᠪᠣᠯᠪᠠᠰᠤᠷᠠᠭᠤᠯᠤᠯ ᠤᠨ | ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ | ᠰᠤᠷᠤᠯᠴᠠᠯᠭ᠎ᠠ ᠳᠤ ᠣᠷᠣᠯᠴᠠᠵᠤ᠂ ᠰᠤᠷᠤᠯᠴᠠᠪᠠᠯ ᠰᠡᠳᠬᠢᠬᠦ᠂ ᠰᠤᠷᠤᠯᠴᠠᠪᠠᠯ ᠤᠬᠠᠬᠤ᠂ ᠰᠤᠷᠤᠯᠴᠠᠪᠠᠯ ᠣᠯᠬᠤ᠂ | ᠰᠤᠷᠤᠯᠴᠠᠪᠠᠯ ᠦᠷ᠎ᠡ ᠪᠦᠲᠦᠮᠵᠢ ᠣᠯᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ ᠬᠡᠵᠡᠢ᠃ | ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠨᠠᠷ ︽ᠬᠦᠰᠡᠯᠡᠩ ᠢᠲᠡᠭᠡᠯ | ᠪᠢᠰᠢᠷᠡᠯ ᠢᠶᠠᠨ ᠪᠠᠲᠤᠳᠬᠠᠵᠤ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠶ᠎ᠡ — ︿ᠤᠯᠠᠭᠠᠨ | ᠣᠩᠭᠤᠴᠠ ᠶᠢᠨ ᠵᠣᠷᠢᠭ ᠰᠠᠨᠠᠭ᠎ᠠ﹀ ᠶᠢ ᠰᠤᠷᠤᠯᠴᠠᠨ ᠤᠩᠰᠢᠬᠤ︾ ᠭᠡᠬᠦ ᠰᠡᠳᠦᠪ ᠢᠶᠠᠷ ᠲᠤᠰᠬᠠᠶ ᠰᠡᠳᠦᠪᠲᠦ | ᠲᠠᠶᠢᠯᠤᠮᠵᠢ ᠬᠢᠪᠠ᠃ ᠬᠤᠷᠠᠯ ᠠᠴᠠ ᠪᠠᠰᠠ ᠮᠠᠨ ᠤ ᠬᠤᠲᠠ ᠶᠢᠨ ᠬᠤᠪᠸᠢ ᠶᠢ ᠲᠤᠰᠠᠯᠠᠨ ᠲᠡᠮᠵᠢᠭᠰᠡᠨ ᠡᠮᠴᠢᠯᠡᠭᠡᠨ ᠤ | ᠠᠩᠭᠢ ᠶᠢᠨ 4 ᠬᠡᠰᠢᠬᠦᠨ ᠢ ᠤᠷᠢᠵᠦ ᠬᠢᠵᠢᠭ ᠢ ᠡᠰᠡᠷᠭᠦᠴᠡᠭᠰᠡᠨ ᠦᠢᠯᠡ ᠠᠵᠢᠯᠯᠠᠭ᠎ᠠ ᠶᠢᠨ ᠲᠤᠰᠬᠠᠶ ᠰᠡᠳᠦᠪᠲᠦ | ᠮᠡᠳᠡᠭᠦᠯᠦᠯᠲᠡ ᠬᠢᠯᠭᠡᠵᠦ᠂ 4 ᠬᠡᠰᠢᠬᠦᠨ ᠲᠣᠰ ᠲᠣᠰ ᠥᠪᠡᠷ ᠤᠨ ᠪᠣᠳᠠᠲᠤ ᠪᠠᠶᠢᠳᠠᠯ ᠠᠴᠠ ᠪᠠᠨ ᠡᠭᠦᠰᠴᠦ᠂ ᠠᠳᠠᠯᠢ | ᠪᠤᠰᠤ ᠬᠠᠷᠠᠭᠠᠰᠤ ᠠᠴᠠ ᠪᠥᠬᠦ ᠰᠣᠷᠣᠯᠭᠠᠳᠠᠨ ᠳᠤ ᠬᠢᠵᠢᠭ ᠢ ᠡᠰᠡᠷᠭᠦᠴᠡᠭᠰᠡᠨ ᠦᠯᠢᠭᠡᠷ ᠪᠠ ᠥᠩᠭᠡᠷᠡᠯᠲᠡ ᠪᠠᠨ | ᠬᠤᠪᠢᠶᠠᠯᠴᠠᠪᠠ᠃ | ᠪᠦᠬᠦ ᠬᠤᠲᠠ ᠶᠢᠨ ᠰᠢᠶᠠᠨ ᠭᠠᠵᠠᠷ ᠤᠨ ᠲᠡᠰ ᠤᠨ ᠺᠠᠳ᠋ᠷ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ | ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ | ᠲᠤᠰᠬᠠᠢ ᠰᠡᠳᠦᠪᠲᠦ ᠡᠭᠡᠯᠵᠢᠯᠡᠨ ᠪᠣᠯᠪᠠᠰᠤᠷᠠᠭᠤᠯᠬᠤ ᠠᠩᠭᠢ ︵3 ᠳ᠋ᠤᠭᠠᠷ ᠬᠤᠭᠤᠴᠠᠭ᠎ᠠ︶᠂ 27 ᠳ᠋ᠤᠭᠠᠷ | ᠬᠤᠭᠤᠴᠠᠭᠠᠨ ᠤ ᠢᠳᠡᠷ ᠵᠠᠯᠠᠭᠤ ᠺᠠᠳ᠋ᠷ ᠤᠨ ᠪᠣᠯᠪᠠᠰᠤᠷᠠᠯ ᠤᠨ ᠠᠩᠭᠢ ᠶᠢᠨ ᠪᠦᠬᠦ ᠰᠤᠷᠤᠭᠴᠢ ᠵᠢᠴᠢ ᠬᠤᠲᠠ ᠶᠢᠨ | ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠦᠬᠦ ᠪᠠᠭᠰᠢ ᠠᠵᠢᠯᠲᠠᠨ 220 ᠭᠠᠷᠤᠢ ᠬᠥᠮᠦᠨ ᠬᠤᠷᠠᠯ ᠳᠤ | ᠣᠷᠣᠯᠴᠠᠪᠠ᠃ | | |