ᠮᠠᠨ ᠤ ᠬᠤᠲᠠ ᠰᠤᠷᠭᠠᠭᠤᠯᠢ ᠶᠢᠨ ᠬᠦᠷᠢᠶ᠎ᠡ ᠵᠢᠴᠢ ᠡᠷᠭᠢᠨ ᠲᠣᠭᠤᠷᠢᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠲᠤᠰᠬᠠᠶ ᠰᠢᠪᠠᠳᠠᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2020-05-15
     ᠤᠢᠢᠷ᠎ᠠ ᠶᠢᠨ ᠡᠳᠦᠷ᠂ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠳᠠ ᠶᠢᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ᠂ ᠬᠤᠳᠠ ᠶᠢᠨ ᠰᠤᠷᠭᠠᠨ ᠬᠥᠮᠦᠵᠢᠯ ᠤᠨ ᠳᠣᠪᠴᠢᠶ᠎ᠠ᠂ ᠬᠤᠳᠠ ᠶᠢᠨ ᠳᠣᠲᠤᠭᠠᠳᠤ ᠶᠢ ᠬᠠᠮᠠᠭᠠᠯᠠᠬᠤ ᠳᠣᠪᠴᠢᠶ᠎ᠠ ᠵᠡᠷᠭᠡ 8 ᠰᠠᠯᠠᠭ᠎ᠠ ᠮᠥᠴᠢᠷ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠤᠭᠤᠷᠢᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠲᠤᠰᠬᠠᠢ ᠱᠠᠯᠠᠪᠳᠠᠭᠤᠯᠤᠨ ᠪᠠᠶᠢᠴᠠᠭᠠᠯᠲᠠ ᠥᠷᠨᠢᠭᠦᠯᠵᠡᠢ᠃ ᠰᠢᠮᠳᠠᠭᠤᠯᠤᠨ ᠪᠠᠶᠢᠴᠠᠭᠠᠬᠤ ᠠᠵᠢᠯᠯᠠᠭ᠎ᠠ ᠶᠢᠨ ᠳᠤᠮᠳᠠ᠂ ᠠᠵᠢᠯᠲᠠᠳ ᠤᠷᠢᠳ ᠬᠤᠵᠢᠳ ᠬᠤᠲᠠ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ᠂ ᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ ᠪᠣᠯᠤᠨ  ᠬᠠᠶᠢᠷᠤᠪ ᠤᠨ ᠲᠤᠬᠤᠢ ᠲᠣᠭᠤᠷᠢᠭ ᠤᠨ ᠵᠢᠷᠭᠤᠳᠤᠭᠠᠷ ᠪᠠᠭ᠎ᠠ ᠰᠤᠷᠭᠠᠭᠤᠯᠢ ᠳᠤ ᠬᠦᠷᠴᠦ᠂ ᠰᠤᠷᠭᠠᠭᠤᠯᠢ ᠶᠢᠨ ᠬᠦᠷᠢᠶᠡᠨ ᠳᠠᠬᠢ ᠭᠠᠯ ᠤᠨᠲᠠᠷᠠᠭᠠᠬᠤ ᠲᠥᠬᠦᠭᠡᠷᠦᠮᠵᠢ ᠵᠢᠴᠢ ᠣᠶᠢᠷ᠎ᠠ ᠬᠠᠪᠢ ᠶᠢᠨ ᠬᠤᠭᠤᠯᠠ ᠤᠮᠳᠠᠭᠠᠨ᠂ ᠡᠮ ᠡᠮᠨᠡᠯᠭᠡ᠂ ᠢᠳᠡᠭᠡᠨ ᠵᠡᠷᠭᠡ ᠡᠵᠡᠩᠨᠡᠯᠲᠡ ᠶᠢᠨ ᠳᠡᠯᠭᠡᠭᠦᠷ ᠲᠤ ᠪᠠᠶᠢᠴᠠᠭᠠᠯᠲᠠ ᠬᠢᠵᠡᠶ᠃ ᠡᠭᠦᠨ ᠤ ᠳᠤ ᠬᠠᠮᠲᠤ ᠫᠢᠶᠣᠣ ᠪᠠᠷᠢᠮᠲᠠ ᠨᠢ ᠪᠦᠷᠢᠨ ᠪᠤᠰᠤ᠂ ᠲᠣᠭᠲᠠᠭᠠᠯ ᠠᠴᠠ ᠵᠥᠷᠢᠴᠡᠭᠰᠡᠨ ᠠᠵᠢᠯᠯᠠᠬᠤ ᠡᠵᠡᠭᠨᠡᠯᠲᠡ ᠶᠢᠨ ᠡᠷᠦᠬᠡ ᠶᠢ ᠵᠠᠷᠯᠢᠭᠳᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠳᠠᠷᠠᠭ᠎ᠠ ᠠᠯᠬᠤᠮ ᠳᠤ᠂ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠪᠠᠰᠠ ᠬᠤᠳᠠ ᠶᠢᠨ ᠰᠢᠭᠤᠳ ᠬᠠᠷᠢᠶ᠎ᠠ ᠰᠤᠷᠭᠠᠭᠤᠯᠢ ᠪᠣᠯᠤᠨ ᠭᠤᠷᠪᠠᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠭᠦᠨᠵᠡᠭᠡᠶᠢᠷᠡᠨ ᠱᠠᠯᠠᠪᠳᠠᠭᠤᠯᠤᠨ ᠪᠠᠶᠢᠴᠠᠭᠠᠵᠤ᠂ ᠰᠤᠷᠭᠠᠭᠤᠯᠢ ᠶᠢᠨ ᠠᠮᠤᠷ ᠲᠦᠪᠰᠢᠨ ᠵᠢᠴᠢ ᠡᠷᠬᠢᠨ ᠲᠣᠭᠤᠷᠢᠨ ᠤ ᠡᠮᠬᠢ ᠳᠢᠭᠯᠢᠮ ᠤᠨ ᠰᠠᠶᠢᠨ ᠰᠠᠶᠢᠬᠠᠨ ᠪᠠᠶᠢᠬᠤ ᠶᠢ ᠪᠠᠲᠤᠯᠠᠬᠤ ᠪᠣᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map