ᠡᠯᠧᠺᠲᠷᠣᠨ ᠬᠡᠷᠡᠭᠯᠡᠭᠡᠨ ᠤ ᠲᠡᠮᠳᠡᠭᠲᠦ ᠨᠢ ᠦᠬᠠᠶ ᠬᠤᠲᠠ ᠶᠢᠨ ᠬᠡᠷᠡᠭᠯᠡᠭᠡ ᠶᠢ ᠳᠠᠶᠢᠴᠢᠯᠠᠵᠤ ᠮᠢᠩᠭᠠᠨ ᠲᠦᠮᠡᠨ ᠲᠥᠭᠦᠷᠢᠭ ᠲᠤ ᠬᠦᠷᠭᠡᠪᠡ
ᠨᠡᠶᠢᠲᠡᠯᠡᠭᠰᠡᠨ ᠴᠠᠭ᠄
2020-05-15
     ᠬᠡᠷᠡᠭᠯᠡᠭᠡᠨ ᠤ ᠰᠠᠶᠢᠵᠢᠷᠠᠯᠲᠠ ᠶᠢ ᠤᠷᠮᠠᠰᠢᠭᠤᠯᠵᠤ᠂ ᠬᠡᠷᠡᠭᠯᠡᠭᠡᠨ ᠤ ᠢᠲᠡᠭᠡᠯ ᠵᠣᠷᠢᠭ ᠢ ᠬᠥᠪᠴᠢᠯᠡᠬᠦ ᠶᠢᠨ ᠲᠥᠯᠦᠭᠡ᠂ ᠮᠠᠨ ᠤ ᠬᠤᠲᠠ ᡁᠢ ᠹᠦ᠋ ᠪᠣᠣ ᠪᠠᠷ ᠳᠠᠮᠵᠢᠨ 350 ᠲᠦᠮᠡᠨ ᠲᠥᠭᠦᠷᠢᠭ ᠤᠨ ᠡᠯᠧᠺᠲᠷᠣᠨ ᠬᠡᠷᠡᠭᠯᠡᠭᠡᠨ ᠤ ᠲᠡᠮᠳᠡᠭᠲᠦ ᠲᠠᠷᠬᠠᠭᠠᠪᠠ᠃ ᠣᠳᠣᠬᠠᠨ ᠳᠤ᠂ ᠬᠤᠲᠠ ᠶᠢᠨ ᠬᠡᠷᠡᠭᠯᠡᠭᠡ ᠶᠢ ᠳᠠᠶᠢᠴᠢᠯᠠᠵᠤ ᠮᠢᠩᠭᠠᠨ ᠲᠦᠮᠡᠨ ᠲᠥᠭᠦᠷᠢᠭ ᠲᠤ ᠬᠦᠷᠭᠡᠪᠡ᠃      ᠡᠨᠡ ᠬᠡᠰᠡᠭ ᠬᠤᠭᠤᠴᠠᠭᠠᠨ ᠳᠤ᠂ ᠮᠠᠨ ᠤ ᠬᠤᠲᠠ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠲᠦᠷᠭᠡᠨ ᠰᠠᠶᠢᠵᠢᠷᠠᠪᠠ᠃ ᠡᠯᠧᠺᠲᠷᠣᠨ ᠬᠡᠷᠡᠭᠯᠡᠭᠡᠨ ᠤ ᠲᠡᠮᠳᠡᠭᠲᠦ ᠶᠢᠨ ᠰᠡᠳᠦᠯᠲᠡ ᠳᠣᠣᠷ᠎ᠠ᠂ ᠡᠯ᠎ᠡ ᠲᠣᠮᠣ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ ᠪᠣᠯᠤᠨ ᠬᠤᠭᠤᠯᠠᠨ ᠭᠡᠷ ᠨᠠᠩ ᠶᠠᠭᠠᠷᠠᠯᠲᠠᠶ ᠪᠣᠯᠵᠤ᠂ ᠠᠵᠢᠯ ᠢᠶᠠᠨ ᠰᠡᠷᠭᠦᠭᠡᠭᠰᠡᠨ ᠤ ᠳᠠᠷᠠᠭᠠᠬᠢ ᠬᠡᠷᠡᠭᠯᠡᠭᠡᠨ ᠤ ᠣᠷᠭᠢᠯ ᠢ ᠤᠭᠲᠤᠨ ᠠᠪᠴᠢᠷᠠᠵᠠᠶ᠃ ᠰᠤᠷᠪᠤᠯᠵᠢᠯᠠᠭᠴᠢ ᠦᠬᠠᠶ ᠶᠢᠨ ᠸᠠᠨ ᠳ᠋ᠠ ᠲᠠᠯᠠᠪᠠᠢ ᠳᠤ ᠣᠯᠵᠤ ᠦᠵᠡᠭᠰᠡᠨ ᠨᠢ᠂ ᠡᠯᠧᠺᠲᠷᠣᠨ ᠬᠡᠷᠡᠭᠯᠡᠭᠡᠨ ᠤ ᠲᠡᠮᠳᠡᠭᠲᠦ ᠪᠠ ᠬᠤᠳᠠᠯᠳᠤᠭᠠᠨ ᠤ ᠲᠠᠯᠠᠪᠤᠷ ᠤᠨ ᠬᠠᠷᠠᠭᠠᠯᠵᠠᠯ ᠤᠨ ᠠᠵᠢᠯᠯᠠᠭ᠎ᠠ ᠶᠢᠨ ᠳᠠᠪᠬᠤᠷ ᠠᠬᠢᠭᠤᠯᠤᠯ ᠢᠶᠠᠷ ᠬᠤᠲᠠ ᠶᠢᠨ ᠠᠷᠠᠳ ᠤᠨ ᠬᠡᠷᠡᠭᠯᠡᠭᠡᠨ ᠤ ᠬᠠᠯᠠᠭᠤᠨ ᠰᠡᠳᠬᠢᠯᠭᠡ ᠣᠷᠭᠢᠯᠵᠤ ᠪᠠᠶᠢᠨ᠎ᠠ᠃      ᠰᠤᠷᠪᠤᠯᠵᠢᠯᠠᠭᠴᠢ ᠬᠤᠲᠠ ᠶᠢᠨ ᠮᠡᠳᠡᠭᠡ ᠵᠠᠩᠭᠢ ᠶᠢᠨ ᠠᠯᠪᠠᠨ ᠭᠡᠷ ᠠᠴᠠ ᠣᠶᠢᠯᠠᠭᠠᠭᠰᠠᠨ ᠢᠶᠠᠷ᠂ 4 ᠰᠠᠷ᠎ᠠ ᠶᠢᠨ 15 ᠤ ᠡᠳᠦᠷ ᠠᠴᠠ ᠡᠬᠢᠯᠡᠨ᠂ ᠮᠠᠨ ᠤ ᠬᠤᠲᠠ ᠬᠤᠶᠠᠷ ᠪᠦᠯᠦᠭ ᠬᠤᠪᠢᠶᠠᠨ ᠨᠡᠶᠢᠲᠡ 350 ᠲᠦᠮᠡᠨ ᠲᠥᠭᠦᠷᠢᠭ ᠤᠨ ᠥᠷᠲᠡᠭ ᠪᠥᠬᠦᠶ ᠡᠯᠧᠺᠲᠷᠣᠨ ᠬᠡᠷᠡᠭᠯᠡᠭᠡᠨ ᠤ ᠲᠡᠮᠳᠡᠭᠲᠦ ᠶᠢ 7 ᠲᠦᠮᠡᠨ ᠬᠠᠭᠤᠳᠠᠰᠤ ᠲᠠᠷᠬᠠᠭᠠᠪᠠ᠃ ᠬᠤᠲᠠ ᠶᠢᠨ ᠠᠷᠠᠳ ᠨᠢᠭᠡᠪᠦᠷᠢ ᠤᠳᠠᠭ᠎ᠠ ᠪᠦᠷᠢ ᠵᠥᠪᠬᠡᠨ ᠨᠢᠭᠡ ᠬᠤᠪᠢ ᠠᠪᠬᠤ ᠪᠠᠷ ᠬᠢᠵᠠᠭᠠᠷᠯᠠᠵᠤ᠂ ᠬᠤᠪᠢ ᠪᠦᠷᠢ ᠶᠢᠨ ᠦᠨ᠎ᠡ ᠨᠢ 50 ᠲᠥᠭᠦᠷᠢᠭ ᠪᠣᠯᠤᠨ᠎ᠠ᠃ ᠤᠳᠠᠭ᠎ᠠ ᠪᠦᠷᠢ 150 ᠲᠥᠭᠦᠷᠢᠭ ᠵᠠᠷᠤᠴᠠᠭᠤᠯᠪᠠᠯ ᠨᠢᠭᠡ ᠬᠤᠪᠢ 50 ᠲᠥᠭᠦᠷᠢᠭ ᠤᠨ ᠡᠯᠧᠺᠲᠷᠣᠨ ᠬᠡᠷᠡᠭᠯᠡᠭᠡᠨ ᠤ ᠲᠡᠮᠳᠡᠭᠲᠦ ᠶᠢ ᠬᠡᠷᠡᠭᠯᠡᠵᠦ ᠪᠣᠯᠤᠨ᠎ᠠ᠂ ᠲᠣᠭᠠᠴᠠᠭ᠎ᠠ ᠬᠢᠬᠦ ᠦᠶᠡᠰ ᠬᠡᠷᠡᠭᠯᠡᠭᠴᠢᠳ ᠡᠯᠧᠺᠲᠷᠣᠨ ᠬᠡᠷᠡᠭᠯᠡᠭᠡᠨ ᠤ ᠲᠡᠮᠳᠡᠭᠲᠦ ᠶᠢ ᠪᠡᠯᠡᠨ ᠵᠣᠭᠤᠰ ᠢᠶᠠᠷ ᠬᠡᠷᠡᠭᠡᠯᠡᠵᠦ ᠪᠣᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map