ᠮᠠᠨ ᠤ ᠬᠤᠲᠠ ︽5 · 19 ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠤᠬᠠᠭᠤᠯᠭ᠎ᠠ ᠶᠢᠨ ᠬᠥᠳᠡᠯᠭᠡᠭᠡᠨ ᠶᠠᠪᠤᠭᠤᠯᠪᠠ
ᠨᠡᠶᠢᠲᠡᠯᠡᠭᠰᠡᠨ ᠴᠠᠭ᠄
2020-05-19
     ᠬᠤᠲᠠ ᠶᠢᠨ ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠦᠬᠠᠢ ᠨᠠᠭᠤᠷ ᠤᠨ ᠨᠢᠭᠡᠳᠦᠭᠡᠷ ᠭᠠᠷᠠᠮ ᠳᠤ ︽ᠨᠤᠲᠤᠭ ᠮᠢᠨᠢ ᠭᠤᠶᠤ᠂ ᠥᠪᠥᠷ ᠮᠣᠩᠭᠤᠯ ᠤᠨ ᠬᠥᠮᠦᠨ ᠥᠪᠥᠷ ᠮᠣᠩᠭᠤᠯ ᠳᠤ ᠪᠠᠨ ᠵᠢᠭᠤᠯᠴᠢᠯᠠᠬᠤ︾ ᠪᠠᠷ ᠭᠤᠤᠯ ᠰᠡᠳᠦᠪ ᠪᠣᠯᠭᠠᠭᠰᠠᠨ ︽5 · 19 ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭᠠᠨ ᠤ ᠠᠬᠤᠶ ᠲᠠᠯᠠᠪᠠᠶ ᠳᠤ᠂ ᠮᠠᠨ ᠤ ᠬᠤᠲᠠ ᠶᠢᠨ ᠣᠯᠠᠨ ᠵᠢᠭᠤᠯᠴᠢᠯᠠᠯ ᠤᠨ ᠬᠤᠷᠢᠶ᠎ᠠ ᠪᠣᠯᠤᠨ ᠦᠵᠡᠮᠵᠢ ᠶᠢᠨ ᠣᠷᠣᠨ ᠠᠴᠠ ᠦᠵᠡᠮᠵᠢ ᠶᠢᠨ ᠣᠷᠣᠨ ᠤ ᠪᠠᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠵᠢᠴᠢ ᠰᠣᠳᠣᠨ ᠵᠢᠭᠤᠯᠴᠢᠯᠠᠯ ᠤᠨ ᠵᠠᠮ ᠱᠤᠭᠤᠮ ᠢ ᠰᠠᠨᠠᠭᠠᠴᠢᠯᠠᠨ ᠭᠠᠷᠭᠠᠵᠤ᠂ ᠮᠥᠨᠴᠦ ᠰᠦᠯᠵᠢᠶᠡᠨ ᠤ ᠰᠢᠭᠤᠳ ᠨᠡᠪᠲᠡᠷᠡᠯᠴᠡᠭᠡ᠂ ᠵᠢᠭᠤᠯᠴᠢᠯᠠᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠤᠬᠠᠭᠤᠯᠬᠤ᠂ ᠪᠣᠯᠪᠠᠰᠤᠨ ᠵᠢᠭᠤᠯᠴᠢᠯᠠᠯ ᠤᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠨ ᠮᠠᠨ ᠤ ᠬᠤᠲᠠ ᠶᠢᠨ ᠵᠢᠭᠤᠯᠴᠢᠯᠠᠯ ᠤᠨ ᠡᠬᠢ ᠪᠠᠶᠠᠯᠢᠭ ᠢ ᠤᠬᠠᠭᠤᠯᠵᠤ᠂ ᠵᠢᠭᠤᠯᠴᠢᠯᠠᠯ ᠤᠨ ᠬᠥᠮᠦᠰ ᠤᠨ ᠬᠦᠷᠢᠶᠡᠯᠡᠯ ᠢ ᠲᠥᠪᠯᠡᠷᠡᠭᠦᠯᠵᠦ᠂ ᠪᠣᠯᠪᠠᠰᠤᠨ ᠵᠢᠭᠤᠯᠴᠢᠯᠠᠯ ᠤᠨ ᠣᠶᠢᠯᠠᠭᠠᠭᠳᠠᠬᠤᠨ ᠢ ᠳᠡᠯᠭᠡᠷᠡᠭᠦᠯᠪᠡ᠃ ᠲᠤᠰ ᠤᠳᠠᠭᠠᠨ ᠤ ᠠᠵᠢᠯᠯᠠᠭ᠎ᠠ ᠳᠤ᠂ ᠬᠤᠲᠠ ᠶᠢᠨ ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ 900 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠲᠤᠬᠠᠶ ᠶᠢᠨ ᠲᠠᠯᠠᠪᠠᠢ ᠶᠢᠨ ᠰᠢᠭᠤᠳ ᠨᠡᠪᠲᠡᠷᠡᠭᠦᠯᠭᠡ ᠨᠢ ᠲᠦᠮᠡ ᠰᠢᠬᠠᠮ ᠬᠥᠮᠦᠨ ᠤ ᠠᠩᠬᠠᠷᠤᠯ ᠢ ᠲᠠᠲᠠᠵᠠᠶ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map