ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠦᠬᠠᠶ ᠬᠤᠲᠠ ᠳᠤ ᠰᠢᠮᠳᠠᠭᠤᠯᠤᠨ ᠪᠠᠶᠢᠴᠠᠭᠠᠭᠰᠠᠨ ᠰᠠᠨᠠᠯ ᠢᠶᠠᠨ ᠬᠠᠷᠢᠭᠤ ᠲᠤᠰᠬᠠᠪᠠ
ᠨᠡᠶᠢᠲᠡᠯᠡᠭᠰᠡᠨ ᠴᠠᠭ᠄
2020-05-19
     ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠳᠠ ᠶᠢᠨ ᠬᠢᠨᠠᠨ ᠪᠠᠶᠢᠴᠠᠭᠠᠯᠲᠠ ᠶᠢᠨ ᠲᠤᠬᠠᠶ ᠴᠢᠬᠤᠯᠠ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 2019 ᠣᠨ ᠤ 11 ᠰᠠᠷ᠎ᠠ ᠶᠢᠨ 15 ᠤ ᠡᠳᠦᠷ ᠠᠴᠠ 12 ᠰᠠᠷ᠎ᠠ ᠶᠢᠨ 10 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠦᠬᠠᠶ ᠬᠤᠲᠠ ᠳᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠥᠷᠨᠢᠭᠦᠯᠦᠭᠰᠡᠨ ᠤ ᠬᠠᠮᠲᠤ ᠰᠢᠮᠳᠠᠭᠤᠯᠤᠨ ᠪᠠᠶᠢᠴᠠᠭᠠᠬᠤ ᠰᠠᠨᠠᠯ ᠢ ᠪᠣᠶ ᠪᠣᠯᠭᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ 2020 ᠣᠨ ᠤ 5 ᠰᠠᠷ᠎ᠠ ᠶᠢᠨ 18 ᠤ ᠡᠳᠦᠷ ᠦᠬᠠᠶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠬᠠᠷᠢᠭᠤ ᠲᠤᠰᠬᠠᠪᠠ᠃ ᠬᠠᠷᠢᠭᠤ ᠲᠤᠰᠬᠠᠬᠤ ᠬᠤᠷᠠᠯ ᠳᠡᠭᠡᠷ᠎ᠡ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠰᠦᠨ ᠾᠦᠢ ᠮᠢᠨ ᠰᠢᠮᠳᠠᠭᠤᠯᠤᠨ ᠪᠠᠶᠢᠴᠠᠭᠠᠭᠰᠠᠨ ᠰᠠᠨᠠᠯ ᠢᠶᠠᠨ ᠮᠡᠳᠡᠭᠳᠡᠵᠦ᠂ ᠦᠬᠠᠢ ᠬᠤᠳᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠣᠪᠣᠷ ᠢᠶᠠᠨ ᠢᠯᠡᠳᠬᠡᠬᠦ ᠦᠭᠡ ᠬᠡᠯᠡᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳᠠᠩ ᠢ ᠬᠤᠷᠠᠯ ᠡᠷᠬᠢᠯᠡᠵᠦ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠤᠯᠪᠣᠭᠳᠠᠯ ᠪᠦᠬᠦᠢ ᠬᠥᠮᠦᠰ᠂ ᠦᠬᠠᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠬᠤ ᠨᠥᠬᠦᠳ ᠵᠢᠴᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠨᠥᠬᠦᠳ ᠵᠢᠴᠢ ᠵᠠᠰᠠᠭ ᠤᠨ ᠣᠷᠳᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃      ᠰᠢᠮᠳᠠᠭᠤᠯᠤᠨ ᠪᠠᠶᠢᠴᠠᠭᠠᠭᠰᠠᠨ ᠢᠶᠠᠷ᠂ ᠦᠬᠠᠢ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠪᠠ᠃ 2016 ᠣᠨ ᠠᠴᠠ ᠨᠠᠰᠢ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ᠂ ᠱᠦᠵᠢ ᠶᠢᠨ ᠲᠤᠰᠬᠠᠶ ᠰᠡᠳᠦᠪᠲᠦ ᠬᠤᠷᠠᠯ ᠠᠴᠠ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠬᠦ ᠰᠡᠳᠦᠪ 52 ᠪᠠᠶᠢᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠨᠥᠬᠦᠳ 391 ᠤᠳᠠᠭ᠎ᠠ ᠴᠣᠬᠤᠯᠠᠪᠤᠷᠢ ᠪᠢᠴᠢᠵᠡᠶ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠪᠠᠶᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠬᠤ 4 ᠬᠡᠷᠡᠭᠵᠢᠬᠦᠯᠬᠦ ᠲᠥᠰᠦᠯ ᠢ ᠨᠡᠶᠢᠲᠡᠯᠡᠵᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ 263 ᠬᠤᠪᠢ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠡᠯ᠎ᠡ ᠵᠦᠢᠯ ᠤᠨ ᠠᠵᠢᠯ ᠢ ᠬᠦᠴᠦᠲᠡᠶ ᠪᠥᠭᠡᠳ ᠡᠮᠬᠢ ᠵᠢᠷᠤᠮ ᠲᠠᠢ ᠪᠠᠷ ᠲᠦᠯᠬᠢᠨ ᠠᠬᠢᠭᠤᠯᠬᠤ ᠶᠢ ᠪᠠᠲᠤᠯᠠᠪᠠ᠃      ᠦᠬᠠᠶ ᠬᠤᠲᠠ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠬᠤ᠂ ᠪᠠᠶᠢᠭᠠᠯᠢ ᠲᠠᠢ ᠵᠤᠬᠢᠴᠠᠭᠤᠯᠬᠤ ᠶᠢ ᠪᠠᠷᠢᠮᠲᠠᠯᠠᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠤᠨ ᠰᠢᠰᠲ᠋ᠧᠮ ᠲᠠᠢ ᠵᠠᠰᠠᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠤᠲᠠ ᠶᠢᠨ ᠲᠣᠭᠤᠷᠢᠭ ᠤᠨ ᠭᠠᠳᠠᠷ ᠬᠦᠷᠢᠶ᠎ᠡ ᠵᠢᠴᠢ ᠦᠬᠠᠶ ᠨᠠᠭᠤᠷ ᠤᠨ ᠲᠤᠭᠤᠷᠢᠨ ᠤ ᠰᠠᠯᠬᠢ ᠰᠡᠷᠭᠡᠶᠢᠯᠡᠵᠦ ᠡᠯᠡᠰᠦ ᠶᠢ ᠲᠣᠭᠲᠠᠪᠤᠷᠢᠵᠢᠭᠤᠯᠬᠤ ᠤᠷᠭᠤᠮᠠᠯ ᠤᠨ ᠬᠤᠴᠢᠯᠭ᠎ᠠ ᠶᠢᠨ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠬᠢᠪᠡ᠃ ᠪᠠᠶᠢᠭᠤᠯᠤᠭᠳᠠᠭᠰᠠᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠨᠣᠷᠮ᠎ᠠ 43%᠂ ᠬᠥᠮᠦᠨ ᠳᠤᠮᠳᠠᠴᠢ ᠶᠢᠨ ᠴᠡᠴᠡᠷᠯᠢᠭ ᠤᠨ ᠵᠦᠯᠭᠡ ᠭᠠᠵᠠᠷ ᠤᠨ ᠲᠠᠯᠠᠪᠠᠢ 19.5 ᠲᠡᠭᠰᠢ ᠳᠥᠷᠪᠡᠯᠵᠢᠨ ᠮᠧᠲᠷ ᠬᠦᠷᠴᠦ᠂ ᠪᠦᠬᠦ ᠤᠯᠤᠰ ᠤᠨ ᠨᠣᠭᠤᠭᠠᠷᠠᠭᠤᠯᠤᠯᠲᠠ ᠶᠢᠨ ᠵᠢᠱᠢᠶᠡᠴᠢ ᠬᠤᠲᠠ᠂ ᠤᠯᠤᠰ ᠤᠨ ᠴᠡᠴᠡᠷᠯᠢᠭ ᠬᠤᠲᠠ ᠪᠠᠷ ᠦᠨᠡᠯᠡᠭᠳᠡᠵᠦ᠂ ᠪᠥᠬᠦ ᠤᠯᠤᠰ ᠤᠨ ᠠᠩᠬᠠᠨ ᠤ ᠪᠦᠯᠦᠭ ᠤᠰᠤᠨ ᠤ ᠠᠮᠢ ᠠᠬᠤᠶ ᠶᠢᠨ ᠪᠣᠯᠪᠠᠰᠤᠨ ᠬᠤᠲᠠ ᠪᠣᠯᠪᠠ᠃ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠵᠤ᠂ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠸᠠᠨ ᠲᠧᠩ  ᠤᠨ 200 ᠲᠦᠮᠡᠨ ᠲᠣᠨ ᠤ ᠪᠣᠯᠣᠳ ᠲᠡᠮᠦᠷ ᠤᠨ ᠲᠥᠷᠥᠯ ᠵᠦᠢᠯ ᠢ ᠳᠠᠬᠢᠨ ᠵᠣᠬᠢᠶᠠᠨ ᠪᠠᠶᠢᠭᠤᠯᠵᠤ᠂ ᠪᠦᠦ ᠡᠤ ᠪᠦᠯᠦᠭᠯᠡᠯ ᠤᠨ ᠨᠡᠭᠦᠷᠡᠰᠦᠨ ᠮᠠᠲ᠋ᠧᠷᠢᠶᠠᠯ ᠵᠡᠷᠭᠡ ᠨᠢᠭᠡ ᠪᠦᠯᠦᠭ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠪᠣᠬᠢᠷᠲᠤᠯ ᠦᠭᠡᠶ ᠬᠥᠭᠵᠢᠭᠦᠯᠬᠦ ᠲᠥᠷᠥᠯ ᠵᠦᠢᠯ ᠢ ᠲᠦᠷᠭᠡᠳᠬᠡᠨ ᠪᠠᠶᠢᠭᠤᠯᠵᠤ᠂ ᠤᠰᠤᠲᠥ᠋ᠷᠥᠭᠴᠢ ᠶᠢᠨ ᠠᠵᠤ ᠠᠬᠤᠶ ᠶᠢᠨ ᠵᠢᠱᠢᠶ᠎ᠡ ᠦᠵᠡᠭᠦᠯᠬᠦ ᠬᠤᠲᠠ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠡᠬᠢ ᠪᠠᠶᠠᠯᠢᠭ ᠰᠢᠪᠬᠠᠷᠤᠭᠰᠠᠨ ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠳᠤᠮᠳᠠ ᠬᠤᠶᠠᠷ ᠵᠢᠯ ᠳᠠᠷᠠᠭᠠᠯᠠᠨ ᠪᠦᠬᠦ ᠤᠯᠤᠰ ᠤᠨ ᠰᠢᠯᠢᠳᠡᠭ ᠭᠠᠵᠠᠷ ᠣᠷᠣᠨ ᠢᠶᠠᠷ ᠦᠨᠡᠯᠡᠭᠳᠡᠪᠡ      ᠦᠬᠠᠶ ᠬᠤᠲᠠ ᠲᠣᠰ ᠤᠳᠠᠭᠠᠨ ᠤ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠢ ᠲᠡᠭᠡᠲᠤ ᠬᠡᠮᠵᠢᠶ᠎ᠡ ᠪᠠᠷ ᠴᠢᠬᠤᠯᠠᠴᠢᠯᠠᠵᠤ᠂ ᠣᠷᠴᠢᠨ ᠲᠣᠭᠤᠷᠢᠨ ᠤ ᠲᠤᠪᠤᠶᠢᠮ᠎ᠠ ᠠᠰᠠᠭᠤᠳᠠᠯ ᠢ ᠦᠨᠡᠨᠬᠦ ᠴᠡᠭᠴᠡᠯᠡᠨ ᠰᠠᠶᠢᠵᠢᠷᠠᠭᠤᠯᠵᠤ᠂ ᠰᠢᠮᠳᠠᠭᠤᠯᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠬᠤ ᠶᠢ ᠪᠠᠷᠢᠮᠲᠠᠯᠠᠵᠤ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠵᠦ᠂ ᠤᠯᠠᠨ ᠲᠦᠮᠡᠨ ᠤ ᠳᠡᠷᠭᠡᠳᠡᠬᠢ ᠨᠢᠭᠡ ᠪᠦᠯᠦᠭ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠪᠠ᠃ 12 ᠰᠠᠷ᠎ᠠ ᠶᠢᠨ 10 ᠤ ᠡᠳᠦᠷ ᠪᠣᠯᠲᠠᠯ᠎ᠠ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠭᠰᠠᠨ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠪᠦᠬᠦᠨ ᠢ ᠰᠢᠢᠳᠪᠦᠷᠢᠯᠡᠵᠦ ᠳᠠᠭᠤᠰᠬᠠᠪᠠ᠃ ᠡᠭᠦᠨ ᠳᠤ 54 ᠡᠷᠦᠬᠡ ᠶᠢ ᠴᠡᠭᠴᠡᠯᠡᠨ ᠰᠠᠶᠢᠵᠢᠷᠠᠭᠤᠯᠵᠤ᠂ 2 ᠬᠡᠷᠡᠭ ᠢ ᠬᠡᠷᠡᠭ ᠪᠣᠯᠭᠠᠨ ᠳᠡᠩᠰᠡᠯᠡᠵᠦ 25 ᠲᠦᠮᠡᠨ ᠲᠥᠭᠦᠷᠢᠭ ᠢᠶᠠᠷ ᠲᠣᠷᠭᠠᠵᠠᠶ᠃      ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠵᠢᠭᠠᠵᠤ ᠭᠠᠷᠭᠠᠭᠰᠠᠨ ᠨᠢ᠂ ᠦᠬᠠᠢ ᠬᠤᠳᠠ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠢ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠪᠤᠳᠠᠳᠠᠶᠢᠵᠢᠭᠤᠯᠵᠤ᠂ ᠣᠷᠴᠢᠨ ᠲᠣᠭᠤᠷᠢᠨ ᠤ ᠲᠤᠪᠤᠶᠢᠮ᠎ᠠ ᠠᠰᠠᠭᠤᠳᠠᠯ ᠢ ᠦᠨᠡᠨ ᠬᠦ ᠴᠡᠭᠴᠡᠯᠡᠨ ᠰᠠᠶᠢᠵᠢᠷᠠᠭᠤᠯᠵᠤ᠂ ᠬᠡᠳᠦ᠋ᠢᠪᠡᠷ ᠴᠢᠬᠤᠯᠠ ᠠᠬᠢᠴᠠ ᠲᠠᠢ ᠪᠣᠯᠤᠭᠰᠠᠨ ᠪᠣᠯᠪᠠᠴᠤ ᠭᠡᠪᠡᠴᠦ ᠨᠡᠭᠦᠷᠡᠰᠦ ᠠᠴᠠ ᠪᠣᠯᠵᠤ ᠬᠥᠭᠵᠢᠭᠰᠡᠨ ᠠᠵᠤ ᠦᠢᠯᠡᠳᠪᠦᠷᠢ ᠶᠢᠨ ᠬᠤᠲᠠ ᠪᠣᠯᠤᠭᠰᠠᠨ ᠤ ᠬᠤᠪᠢ ᠳᠤ ᠦᠬᠠᠢ ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠡᠦᠬᠡᠨ ᠥᠷᠢ ᠨᠡᠯᠢᠶᠡᠳ ᠤᠯᠠᠨ ᠪᠠᠶᠢᠵᠤ᠂ ᠠᠮᠢ ᠠᠬᠤᠢ ᠶᠢᠨ ᠣᠷᠴᠢᠨ ᠲᠣᠭᠤᠷᠢᠨ ᠲᠦᠢᠯ ᠤᠨ ᠬᠡᠪᠡᠷᠡᠭ ᠪᠠᠶᠢᠵᠤ᠂ ᠣᠳᠣᠬᠠᠨ ᠤ ᠠᠵᠢᠯ ᠨᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠲᠠᠢ ᠪᠠᠰᠠ ᠵᠦᠷᠢᠶ᠎ᠡ ᠲᠠᠢ ᠪᠠᠶᠢᠨ᠎ᠠ ᠬᠡᠵᠡᠢ᠃      ᠨᠢᠭᠡ ᠳᠤ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠭᠰᠠᠨ ᠦᠭᠡᠢ᠃ ᠬᠡᠰᠡᠭ ᠤᠳᠤᠷᠢᠳᠬᠤ ᠺᠠᠳ᠋ᠷᠴᠤᠳ ᠤᠨ ᠠᠵᠤ ᠠᠬᠤᠶ ᠶᠢᠨ ᠬᠥᠭᠵᠢᠯᠲᠡ ᠶᠢ ᠴᠢᠬᠤᠯᠠᠴᠢᠯᠠᠵᠤ ᠣᠷᠴᠢᠨ ᠠᠬᠤᠶ ᠶᠢᠨ ᠬᠠᠮᠠᠭᠠᠯᠠᠯᠳᠠ ᠶᠢ ᠬᠥᠩᠭᠡᠪᠴᠢᠯᠡᠬᠦ ᠦᠵᠡᠯ ᠰᠠᠨᠠᠭ᠎ᠠ ᠮᠥᠨ ᠯᠡ ᠣᠷᠣᠰᠢᠭᠰᠠᠭᠠᠷ ᠪᠠᠶᠢᠨ᠎ᠠ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠳᠠᠷᠤᠯᠲᠠ ᠬᠦᠢᠴᠡᠳ ᠥᠬᠡᠶ ᠪᠠᠶᠢᠵᠤ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ᠂ ᠭᠤᠷᠪᠠᠨ ᠲᠣᠭᠤᠷᠢᠭ ᠤᠨ ᠵᠠᠰᠠᠭ ᠤᠨ ᠣᠷᠳᠣᠨ ᠪᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠨᠠᠶᠢᠳᠠᠪᠤᠷᠢᠵᠢᠭᠤᠯᠬᠤ ᠳᠤᠮᠳᠠ ᠲᠦᠭᠵᠢᠷᠡᠬᠦ ᠦᠵᠡᠭᠳᠡᠯ ᠣᠷᠣᠰᠢᠵᠤ ᠪᠠᠶᠢᠨ᠎ᠠ᠃ 2016 ᠣᠨ ᠠᠴᠠ 2018 ᠣᠨ ᠪᠣᠯᠲᠠᠯ᠎ᠠ᠂ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠠᠵᠢᠯ 24.6% ᠪᠠᠶᠢᠭᠰᠠᠨ ᠠᠴᠠ ᠪᠠᠨ ᠳᠡᠭᠡᠭᠰᠢᠯᠡᠭᠡᠳ 32.08% ᠪᠤᠯᠵᠤ᠂ ᠴᠢᠯᠠᠭᠤᠨ ᠲᠤᠰᠤ᠂ ᠬᠡᠦᠷᠡᠰᠦ ᠪᠣᠯᠪᠠᠰᠤᠷᠠᠭᠤᠯᠬᠤ ᠦᠢᠯᠡᠰ 13.3% ᠪᠠᠶᠢᠭᠰᠠᠨ ᠠᠴᠠ ᠪᠠᠨ ᠳᠡᠭᠡᠭᠰᠢᠯᠡᠭᠡᠳ 21.93% ᠪᠣᠯᠵᠠᠶ᠃ ᠠᠵᠤ ᠦᠢᠯᠡᠰ ᠤᠨ ᠪᠦᠲᠦᠴᠡ ᠶᠢ 2016 ᠣᠨ ᠳᠤ 0.9᠄ 56.6᠄ 42.5 ᠪᠠᠶᠢᠭᠰᠠᠨ ᠠᠴᠠ 2018 ᠣᠨ  ᠳᠤ 1᠄ 61.9᠄ 37.1 ᠪᠣᠯᠭᠠᠨ ᠲᠣᠬᠢᠷᠠᠭᠤᠯᠵᠤ᠂ ᠬᠤᠶᠠᠳᠤᠭᠠᠷ ᠠᠵᠤ ᠦᠢᠯᠡᠰ ᠵᠢᠯ ᠳᠠᠷᠠᠭᠠᠯᠠᠨ ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠵᠢᠯ ᠳᠠᠷᠠᠭᠠᠯᠠᠨ ᠪᠠᠭᠤᠷᠠᠵᠤ᠂ ︽ᠠᠷᠪᠠᠨ ᠭᠤᠷᠪᠠᠳᠣᠭᠠᠷ ᠲᠠᠪᠤᠨ ᠵᠢᠯ ᠤᠨ ᠲᠦᠯᠦᠪᠵᠢᠬᠦᠯᠬᠡ︾ ᠶᠢᠨ 1᠄ 52᠄ 47 ᠶᠢᠨ ᠬᠠᠷᠠᠯᠲᠠ ᠶᠢᠨ ᠵᠥᠷᠢᠶ᠎ᠡ ᠨᠡᠯᠢᠶᠡᠳ ᠶᠡᠭᠡ ᠪᠠᠶᠢᠨ᠎ᠠ᠃ ᠨᠡᠭᠦᠷᠡᠰᠦᠨ ᠤ ᠬᠡᠷᠡᠭᠯᠡᠭᠡᠨ ᠤ ᠶᠡᠷᠦᠩᠬᠡᠶ ᠬᠡᠮᠵᠢᠶ᠎ᠡ ᠬᠠᠰᠤᠭᠳᠠᠬᠤ ᠦᠭᠡᠢ ᠮᠥᠷᠲᠡᠭᠡᠨ ᠨᠡᠮᠡᠭᠳᠡᠵᠦ᠂ ᠡᠨᠧᠷᠭᠢ ᠶᠢᠨ ᠬᠤᠷᠣᠭᠳᠠᠯ ᠤᠨ ᠶᠡᠷᠦᠩᠬᠡᠶ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ 18.82 % ᠳᠤ ᠬᠦᠷᠴᠦ᠂ ᠵᠥᠪᠬᠡᠨ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠠᠷᠠᠯᠲᠠ ᠶᠢᠨ ᠠᠬᠢᠴᠠ ᠶᠢᠨ 32.6% ᠶᠢ ᠪᠡᠶᠡᠯᠡᠬᠦᠯᠪᠡ᠃ ᠬᠤᠲᠠ ᠶᠢᠨ ᠠᠵᠤ ᠠᠬᠤᠶ ᠪᠠ ᠮᠡᠳᠡᠭᠡ ᠵᠠᠩᠭᠢᠵᠢᠯᠲᠠ ᠶᠢᠨ ᠵᠥᠪᠯᠡᠯ ᠲᠣᠭᠲᠠᠭᠠᠯ ᠵᠥᠷᠢᠴᠡᠨ ᠵᠥᠩ ᠯᠢᠶᠠᠨ ᠬᠢᠮᠢ ᠶᠢᠨ ᠠᠵᠤ ᠦᠢᠯᠡᠳᠪᠦᠷᠢ ᠶᠢᠨ ᠵᠢᠯ ᠳᠤ 40 ᠲᠦᠮᠡᠨ ᠲᠣᠨ ᠱᠦᠯᠲᠦ ᠰᠢᠲᠠᠭᠠᠬᠤ᠂ 50 ᠲᠦᠮᠡᠨ ᠲᠣᠨ ᠪᠥᠭᠡᠭᠡᠨᠡᠷᠡᠯ ᠾᠯᠣᠷ ᠡᠲ᠋ᠧᠨ ᠤ ᠲᠥᠷᠥᠯ ᠵᠦᠢᠯ ᠢ ᠳᠠᠩᠰᠠᠯᠠᠪᠠ᠃      ᠬᠤᠶᠠᠷ ᠲᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠬᠦᠴᠦᠲᠡᠶ ᠠᠬᠢᠭᠤᠯᠤᠭᠰᠠᠨ ᠦᠭᠡᠢ᠃ 2019 ᠣᠨ ᠤ 1 — 10 ᠰᠠᠷ᠎ᠠ ᠳᠤ᠂ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ 79.3%᠂ ᠠᠳᠠᠯᠢ ᠬᠤᠭᠤᠴᠠᠭᠠᠨ ᠤ ᠬᠢ ᠠᠴᠠ 0.6 ᠵᠠᠭᠤᠨ ᠤ ᠨᠢᠭᠡᠴᠢ ᠳᠣᠷᠣᠭᠰᠢᠯᠠᠵᠤ᠂ ᠬᠦᠬᠦᠷ ᠤᠨ ᠳᠠᠪᠬᠤᠷ ᠢᠰᠦᠯ᠂ ᠠᠽᠣᠲ ᠤᠨ ᠳᠠᠪᠬᠤᠷ ᠢᠰᠦᠯ ᠤᠨ ᠥᠳᠬᠡᠴᠡ ᠠᠳᠠᠯᠢ ᠬᠤᠭᠤᠴᠠᠭᠠᠨ ᠤ ᠬᠢ ᠠᠴᠠ 6.5% ᠪᠠ 11.5% ᠪᠠᠷ ᠳᠡᠭᠡᠭᠰᠢᠯᠡᠵᠡᠶ᠃ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠪᠦᠬᠦ ᠣᠷᠣᠨ ᠤ ᠨᠡᠷᠡᠰ ᠤᠨ ᠵᠢᠭᠰᠠᠭᠠᠯᠲᠠ ᠳᠤ ᠮᠥᠨ ᠯᠡ ᠰᠡᠭᠦᠯ ᠠᠴᠠ ᠨᠢ ᠨᠢᠭᠡᠳᠦᠭᠡᠷ ᠲᠤ ᠵᠢᠭᠰᠠᠵᠠᠶ᠃ ᠲᠣᠭᠤᠰᠣᠨ ᠤ ᠪᠣᠬᠢᠷᠲᠤᠯ ᠬᠦᠨᠳᠦ ᠨᠣᠴᠢᠲᠠᠶ᠂ ᠬᠠᠶᠢᠷᠤᠪ ᠤᠨ ᠲᠣᠬᠤᠢ ᠶᠢᠨ ᠤᠰᠤᠨ ᠠᠰᠢᠭᠯᠠᠯᠲᠠ ᠶᠢᠨ ᠬᠦᠢᠰᠦ ᠶᠢᠨ ᠴᠥᠭᠦᠷᠥᠮ ᠤᠨ ᠣᠷᠣᠨ ᠤ ᠲᠣᠭᠤᠰᠣ ᠳᠡᠭᠳᠡᠬᠦ ᠠᠰᠠᠭᠤᠳᠠᠯ ᠡᠳᠦᠷ ᠢᠷᠡᠬᠦᠶ᠎ᠡ ᠲᠤᠪᠤᠶᠢᠮ᠎ᠠ ᠪᠣᠯᠵᠤ᠂ ᠪᠠᠷᠢᠯᠭ᠎ᠠ ᠶᠢᠨ ᠭᠠᠵᠠᠷ ᠤᠨ ︽ᠵᠢᠷᠭᠤᠭᠠᠨ ᠵᠠᠭᠤᠨ ᠤ ᠵᠠᠭᠤ︾ ᠶᠢᠨ ᠨᠠᠶᠢᠳᠠᠪᠤᠷᠢᠵᠢᠭᠤᠯᠤᠯᠳᠠ ᠶᠢ ᠪᠣᠳᠠᠲᠠᠶᠢᠵᠢᠭᠤᠯᠤᠭᠰᠠᠨ ᠦᠭᠡᠢ᠃ ᠬᠦᠷᠢᠶᠡᠯᠡᠩ ᠲᠣᠭᠤᠷᠢᠭ᠂ ᠠᠭᠤᠷᠬᠠᠢ ᠶᠢᠨ ᠣᠷᠣᠨ ᠤ ᠵᠠᠮ ᠪᠠ ᠨᠡᠭᠦᠷᠡᠰᠦ ᠵᠦᠭᠡᠭᠡᠪᠦᠷᠢᠯᠡᠬᠦ ᠲᠤᠰᠬᠠᠶ ᠱᠤᠭᠤᠮ ᠤᠨ ᠲᠣᠭᠤᠰᠣ ᠳᠡᠭᠳᠡᠬᠦ ᠵᠢᠴᠢ ᠠᠭᠤᠷᠬᠠᠢ ᠶᠢᠨ ᠣᠷᠣᠨ ᠤ ᠦᠢᠯᠡᠳᠪᠦᠷᠢᠯᠡᠯ ᠤᠨ ᠲᠣᠭᠤᠰᠣ ᠳᠡᠭᠳᠡᠬᠦ ᠪᠤᠬᠢᠷᠲᠤᠯ ᠤᠨ ᠠᠰᠠᠭᠤᠳᠠᠯ ᠲᠤᠪᠤᠶᠢᠮ᠎ᠠ ᠪᠠᠶᠢᠨ᠎ᠠ᠃ ᠭᠤᠷᠪᠠᠨ ᠲᠤᠭᠤᠷᠢᠭ ᠤᠨ ᠵᠠᠰᠠᠭ ᠤᠨ ᠣᠷᠳᠣᠨ ᠵᠢᠴᠢ ᠬᠠᠷᠢᠭᠤᠴᠠᠯᠭᠠᠲᠤ ᠰᠠᠯᠠᠭ᠎ᠠ ᠮᠥᠴᠢᠷ ᠡᠳᠦᠷ ᠲᠤᠲᠤᠮ ᠤᠨ ᠬᠢᠨᠠᠯᠲᠠ ᠬᠠᠮᠢᠶᠠᠷᠣᠯᠳᠠ ᠶᠢᠨ ᠳᠤᠮᠳᠠ ᠪᠠᠯᠠᠶ ᠣᠷᠣᠨ ᠣᠷᠣᠰᠢᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠦᠬᠦᠭᠡᠢ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠢ ᠵᠦᠩᠳᠡᠭᠡᠨ ᠵᠠᠳᠠᠭᠠᠶ ᠣᠪᠣᠭᠠᠯᠠᠨ ᠬᠠᠳᠠᠭᠠᠯᠠᠵᠤ ᠪᠠᠶᠢᠨ᠎ᠠ᠃ ᠭᠠᠯ ᠤᠨ ᠴᠡᠭ ᠢ ᠲᠦᠢᠯᠪᠤᠷᠢᠲᠠᠶ ᠵᠠᠰᠠᠭᠰᠠᠨ ᠦᠭᠡᠢ᠂ ᠠᠵᠤ ᠠᠬᠤᠶᠢᠯᠠᠯ ᠤᠨ ᠬᠢᠨ ᠮᠠᠯᠳᠠᠬᠤ ᠶᠢᠨ ᠳᠠᠭᠠᠤ ᠵᠠᠰᠠᠬᠤ ᠴᠢᠨᠠᠭᠰᠢᠯᠠᠪᠠᠯ ᠮᠠᠯᠳᠠᠬᠤ ᠠᠴᠠ ᠪᠢᠰᠢ ᠵᠠᠰᠠᠬᠤ ᠦᠭᠡᠢ ᠪᠠᠶᠢᠵᠤ᠂ ᠭᠠᠯ ᠤᠨᠲᠠᠷᠠᠭᠠᠬᠤ ᠠᠵᠢᠯ ᠢ ᠠᠮᠠ ᠪᠦᠭᠯᠡᠵᠦ ᠠᠯᠪᠠ ᠬᠠᠰᠢᠵᠦ᠂ ᠡᠵᠡᠨ ᠦᠭᠡᠢ ᠠᠭᠤᠷᠬᠠᠢ ᠶᠢᠨ ᠭᠠᠯ ᠤᠨ ᠴᠡᠭ ᠢ ᠵᠠᠰᠠᠬᠤ ᠠᠬᠢᠴᠠ ᠤᠳᠠᠭᠠᠨ ᠪᠠᠶᠢᠨ᠎ᠠ᠃ ᠲᠦᠯᠡᠰᠢᠨ ᠨᠡᠭᠦᠷᠡᠰᠦ ᠶᠢ ᠰᠣᠯᠠ ᠪᠠᠷ ᠰᠢᠲᠠᠭᠠᠬᠤ ᠠᠰᠠᠭᠤᠳᠠᠯ ᠮᠥᠨ ᠬᠦ ᠣᠷᠣᠰᠢᠭᠰᠠᠭᠠᠷ ᠪᠠᠶᠢᠨ᠎ᠠ᠂ ᠡᠯ᠎ᠡ ᠲᠤᠭᠤᠷᠢᠭ ᠤᠨ ᠵᠠᠰᠠᠭ ᠤᠨ ᠣᠷᠳᠣᠨ ᠠᠵᠢᠯ ᠢ ᠰᠠᠶᠢᠲᠤᠷ ᠨᠠᠶᠢᠳᠠᠪᠤᠷᠢᠵᠢᠭᠤᠯᠤᠭᠰᠠᠨ ᠦᠭᠡᠢ᠂ ᠬᠤᠯᠪᠤᠭᠳᠠᠯ ᠪᠦᠬᠦᠢ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠢᠨᠠᠨ ᠵᠢᠯᠣᠭᠤᠳᠣᠯᠭ᠎ᠠ ᠬᠦᠴᠦᠨ ᠮᠡᠬᠦᠰᠳᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠣᠯᠠ ᠨᠡᠭᠦᠷᠡᠰᠦᠨ ᠤ ᠶᠠᠰᠤ ᠴᠢᠨᠠᠷ ᠢ ᠬᠢᠨᠠᠨ ᠬᠠᠮᠢᠶᠠᠷᠬᠤ ᠭᠤᠤᠯ ᠬᠠᠷᠢᠭᠤᠴᠠᠯᠭᠠᠲᠤ ᠨᠢᠭᠡᠴᠡ ᠪᠣᠯᠤᠭᠰᠠᠨ ᠤ ᠬᠤᠪᠢ ᠳᠤ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠬᠦᠢᠴᠡᠳᠭᠡᠭᠰᠡᠨ ᠥᠬᠡᠶ᠃ ᠬᠠᠶᠢᠷᠤᠪ ᠤᠨ ᠲᠤᠬᠤᠢ᠂ ᠬᠠᠶᠢᠨᠠᠨ ᠲᠤᠭᠤᠷᠢᠭ ᠤᠨ ᠵᠠᠰᠠᠭ ᠤᠨ ᠣᠷᠳᠣᠨ ︽ᠦᠬᠠᠢ ᠬᠤᠲᠠ ᠶᠢᠨ ︿ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠲᠤᠯ ᠲᠠᠢ﹀ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠲᠥᠰᠦᠯ︾ ᠢ ᠨᠠᠶᠢᠳᠠᠪᠤᠷᠢᠵᠢᠭᠤᠯᠤᠭᠰᠠᠨ ᠢᠶᠠᠷ ᠭᠦᠢᠴᠡᠳ ᠪᠤᠰᠣ᠂ ᠲᠤᠤᠱᠲᠠᠢ ᠴᠡᠭᠴᠡᠯᠡᠨ ᠵᠠᠰᠠᠭᠰᠠᠨ ᠦᠭᠡᠢ᠃      ᠭᠤᠷᠪᠠ ᠳᠤ ᠤᠰᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠤᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠭᠰᠠᠨ ᠥᠬᠡᠶ᠃ ᠦᠬᠠᠶ ᠬᠤᠲᠠ ᠶᠢᠨ ᠴᠡᠭᠴᠡᠯᠡᠨ ᠰᠠᠶᠢᠵᠢᠷᠠᠭᠤᠯᠬᠤ ᠲᠥᠰᠦᠯ ᠳᠤ ᠲᠣᠳᠣᠷᠬᠠᠶ ᠱᠠᠭᠠᠷᠳᠠᠭᠰᠠᠨ ᠢᠶᠠᠷ 2019 ᠣᠨ ᠳᠤ ᠲᠣᠭᠲᠠᠭᠠᠯ ᠠᠴᠠ ᠵᠥᠷᠢᠴᠡᠨ ᠤᠰᠤ ᠠᠪᠬᠤ 26 ᠠᠵᠤ ᠠᠬᠤᠶᠢᠯᠠᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠬᠦᠯᠪᠡᠯ ᠵᠤᠬᠢᠨ᠎ᠠ᠂ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠣᠷᠣᠵᠤ ᠰᠠᠭᠤᠬᠤ ᠪᠣᠯᠲᠠᠯ᠎ᠠ ᠵᠥᠪᠬᠡᠨ 9 ᠶᠢ ᠪᠡᠶᠡᠯᠡᠬᠦᠯᠪᠡ᠃ ᠬᠠᠢ ᠯᠢ ᠬᠡᠦᠷᠡᠰᠦ ᠵᠡᠷᠭᠡ 4 ᠠᠵᠤ ᠠᠬᠤᠶᠢᠯᠠᠯ ᠤᠰᠤ ᠠᠪᠬᠤ ᠵᠥᠪᠰᠢᠶᠡᠷᠡᠯ ᠤᠨ ᠦᠨᠡᠮᠯᠡᠯ ᠣᠯᠤᠭᠰᠠᠨ ᠦᠭᠡᠢ᠂ ᠭᠠᠵᠠᠷ ᠳᠣᠤᠷᠠᠬᠢ ᠤᠰᠤ ᠶᠢ ᠮᠥᠨ ᠬᠦ ᠲᠣᠭᠲᠠᠭᠠᠯ ᠠᠴᠠ ᠵᠥᠷᠢᠴᠡᠨ ᠲᠠᠳᠠᠨ ᠬᠡᠷᠡᠭᠯᠡᠵᠦ᠂ ᠨᠡᠶᠢᠲᠡ ᠪᠠᠷᠤᠭ 210 ᠲᠦᠮᠡᠨ ᠲᠣᠨ ᠤᠰᠤ ᠲᠠᠲᠠᠵᠤ ᠬᠡᠷᠡᠭᠯᠡᠭᠰᠡᠨ ᠪᠠᠶᠢᠨ᠎ᠠ᠃ ᠬᠡᠰᠡᠭ ᠦᠨᠳᠦᠰᠦᠨ ᠱᠠᠲᠤᠨ ᠤ ᠭᠤᠣᠯ ᠤᠨ ᠳᠠᠷᠤᠭ᠎ᠠ ᠭᠤᠣᠯ ᠤᠨ ᠳᠠᠷᠤᠭ᠎ᠠ ᠶᠢᠨ ᠳᠦᠷᠢᠮ ᠤᠨ ᠴᠢᠬᠤᠯᠠ ᠴᠢᠨᠠᠷ ᠤᠨ ᠲᠤᠬᠠᠢ ᠲᠠᠨᠢᠯᠲᠠ ᠭᠦᠢᠴᠡᠳ ᠦᠭᠡᠢ᠂ ᠪᠣᠳᠠᠲᠠᠶ ᠠᠵᠢᠯ ᠤᠨ ᠠᠭᠤᠯᠭ᠎ᠠ ᠪᠣᠯᠤᠨ ᠡᠭᠦᠷᠭᠡᠯᠡᠵᠦ ᠪᠠᠶᠢᠭ᠎ᠠ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶ ᠮᠡᠳᠡᠬᠦ ᠦᠭᠡᠢ᠂ ᠰᠠᠯᠠᠭ᠎ᠠ ᠮᠥᠴᠢᠷ ᠤᠨ ᠬᠤᠭᠤᠷᠣᠨᠳᠣ ᠪᠠᠨ ᠴᠤᠭᠭᠠᠷ ᠠᠳᠬᠤᠨ ᠬᠠᠮᠲᠤᠪᠠᠷ ᠬᠠᠮᠢᠶᠠᠷᠬᠤ ᠨᠡᠶᠢᠯᠡᠮᠡᠯ ᠬᠦᠴᠦᠨ ᠬᠠᠷᠠᠬᠠᠨ ᠪᠦᠷᠢᠯᠳᠦᠭᠡᠳᠦᠶ ᠪᠠᠶᠢᠨ᠎ᠠ᠃ ᠬᠠᠲᠤᠨ ᠭᠤᠤᠯ ᠤᠨ ᠦᠬᠠᠶ ᠶᠢᠨ ᠬᠡᠰᠡᠭ ᠤᠨ ᠣᠶᠢᠷ᠎ᠠ ᠡᠷᠭᠢ ᠪᠠᠷ 22 ᠠᠶᠤᠯᠲᠠᠶ ᠬᠢᠮᠢ ᠶᠢᠨ ᠪᠣᠳᠠᠰ ᠲᠠᠢ ᠬᠤᠯᠪᠤᠭᠳᠠᠭᠰᠠᠨ ᠠᠵᠤ ᠠᠬᠤᠶᠢᠯᠠᠯ 2019 ᠣᠨ ᠳᠤ ᠬᠢᠮᠢ ᠶᠢᠨ ᠠᠵᠤ ᠦᠢᠯᠡᠳᠪᠦᠷᠢ ᠶᠢᠨ ᠲᠦᠬᠦᠭᠡᠢ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠪᠠ ᠦᠢᠯᠡᠳᠬᠦᠨ ᠢ ᠪᠠᠷᠤᠭ 350 ᠲᠦᠮᠡᠨ ᠲᠣᠨ ᠬᠠᠳᠠᠭᠠᠯᠠᠵᠤ᠂ ᠬᠠᠲᠤᠨ ᠭᠤᠤᠯ ᠳᠠᠭᠠᠤ ᠶᠢᠨ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠲᠣᠪᠤᠶᠢᠮ᠎ᠠ ᠪᠤᠯᠭᠠᠵᠠᠢ᠃ ᠦᠬᠠᠶ ᠬᠤᠲᠠ ᠶᠢᠨ ᠴᠡᠭᠴᠡᠯᠡᠨ ᠰᠠᠶᠢᠵᠢᠷᠠᠭᠤᠯᠬᠤ ᠲᠥᠰᠦᠯ ᠤᠨ ᠴᠡᠭᠴᠡᠯᠡᠨ ᠰᠠᠶᠢᠵᠢᠷᠠᠭᠤᠯᠬᠤ ᠬᠠᠷᠠᠯᠲᠠ ᠶᠢ 2018 ᠣᠨ ᠤ ᠰᠡᠭᠦᠯᠴᠢ ᠪᠣᠯᠲᠠᠯ᠎ᠠ ᠡᠯ᠎ᠡ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠳᠠᠭᠠᠭᠠᠴᠠ ᠶᠢᠨ ᠨᠣᠷᠮ᠎ᠠ ᠶᠢ 75% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ ᠭᠡᠵᠦ ᠲᠣᠭᠲᠠᠭᠠᠪᠠ᠃ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠣᠷᠣᠵᠤ ᠰᠠᠭᠤᠬᠤ ᠪᠣᠯᠲᠠᠯ᠎ᠠ᠂ ᠬᠠᠶᠢᠨᠠᠨ ᠲᠣᠭᠤᠷᠢᠭ᠂ ᠦᠬᠠᠶ ᠬᠤᠲᠠ᠂ ᠤᠳᠠ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠲᠠᠭᠠᠭᠠᠴᠠ ᠶᠢᠨ ᠨᠣᠷᠮ᠎ᠠ ᠲᠣᠰ ᠲᠣᠰ 45%᠂ 56.7%᠂ 80% ᠪᠠᠶᠢᠵᠤ᠂ ᠪᠥᠬᠦ ᠬᠤᠲᠠ ᠶᠢᠨ ᠳᠤᠮᠳᠠᠴᠢ ᠳᠠᠭᠠᠭᠠᠴᠠ ᠶᠢᠨ ᠨᠣᠷᠮ᠎ᠠ ᠨᠢ 57.4% ᠪᠣᠯᠤᠨ᠎ᠠ᠃ ᠬᠠᠲᠤᠨ ᠭᠤᠤᠯ ᠤᠨ ᠣᠰᠣᠨ ᠠᠰᠢᠭᠯᠠᠯᠳᠠ ᠶᠢᠨ ᠵᠥᠪᠯᠡᠯ ᠠᠴᠠ ᠦᠬᠠᠶ ᠬᠤᠲᠠ ᠶᠢᠨ ᠵᠢᠯ ᠤᠨ ᠤᠰᠤ ᠲᠠᠲᠠᠬᠤ ᠬᠡᠮᠵᠢᠶ᠎ᠡ ᠵᠢᠴᠢ ᠤᠰᠤᠨ ᠤ ᠡᠷᠬᠡ ᠶᠢ ᠰᠢᠯᠵᠢᠭᠦᠯᠦᠨ ᠥᠭᠬᠦ ᠬᠦᠢᠴᠡᠳᠭᠡᠯ ᠲᠤᠭ᠎ᠠ ᠶᠢ ᠨᠡᠶᠢᠲᠡ 0.8044 ᠳ᠋ᠦᠩᠰᠢᠭᠤᠷ ᠲᠣᠨ ᠪᠠᠭᠤᠯᠭᠠᠵᠠᠶ᠃ 2017 ᠣᠨ᠂ 2018 ᠣᠨ ᠳᠤ ᠪᠣᠳᠠᠲᠠᠶ ᠬᠡᠷᠡᠭᠯᠡᠭᠰᠡᠨ ᠬᠡᠮᠵᠢᠶ᠎ᠡ ᠨᠢ ᠴᠥᠮ 1.22 ᠳ᠋ᠦᠩᠰᠢᠭᠤᠷ ᠲᠣᠨ ᠪᠠᠶᠢᠵᠤ᠂ 2019 ᠣᠨ ᠳᠤ 1.4 ᠳ᠋ᠦᠩᠰᠢᠭᠤᠷ ᠲᠣᠨ ᠬᠡᠷᠡᠭᠯᠡᠬᠦ ᠪᠠᠷ ᠵᠢᠱᠢᠵᠦ ᠪᠣᠶ᠃ 2017 ᠣᠨ ᠠᠴᠠ ᠨᠠᠰᠢ 4 ᠠᠵᠤ ᠠᠬᠤᠶᠢᠯᠠᠯ ᠬᠦᠢᠴᠡᠳᠭᠡᠯ ᠲᠤᠭ᠎ᠠ ᠠᠴᠠ ᠬᠡᠲᠦᠷᠡᠭᠦᠯᠦᠨ ᠤᠰᠤ ᠬᠡᠷᠡᠭᠯᠡᠵᠦ᠂ ᠤᠰᠤᠨ ᠤ ᠶᠠᠪᠤᠳᠠᠯ ᠤᠨ ᠰᠠᠯᠠᠭ᠎ᠠ ᠮᠥᠴᠢᠷ ᠤᠰᠤ ᠲᠠᠲᠠᠬᠤ ᠭᠠᠵᠠᠷ ᠤᠨ ᠬᠠᠮᠢᠶᠠᠷᠣᠯᠳᠠ ᠪᠠ ᠭᠦᠶ᠋ᠴᠡᠳᠬᠡᠯ ᠲᠤᠭ᠎ᠠ ᠠᠴᠠ ᠲᠠᠪᠠᠭᠤᠯᠤᠨ ᠬᠡᠷᠡᠭᠯᠡᠬᠦ ᠲᠠᠯ᠎ᠠ ᠪᠠᠷ ᠬᠢ ᠬᠢᠨᠠᠯᠲᠠ ᠬᠠᠮᠢᠶᠠᠷᠤᠯᠲᠠ ᠬᠦᠴᠦᠨ ᠥᠬᠡᠶ ᠪᠠᠶᠢᠨ᠎ᠠ᠃      ᠲᠦᠷᠪᠡ ᠳᠤ ᠬᠠᠲᠠᠭᠤ ᠪᠡᠶᠡᠲᠦ ᠬᠠᠶᠠᠭᠳᠠᠮᠠᠯ ᠠᠶᠤᠯᠲᠠᠶ ᠬᠠᠶᠠᠭᠳᠠᠮᠠᠯ ᠪᠣᠳᠠᠰ ᠤᠨ ᠠᠰᠠᠭᠤᠳᠠᠯ ᠮᠥᠨ ᠯᠡ ᠤᠯᠠᠨ ᠪᠠᠶᠢᠨ᠎ᠠ᠃ ᠴᠡᠭᠡᠯ ᠠᠭᠤᠯᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠣᠷᠴᠢᠨ ᠲᠣᠭᠤᠷᠢᠨ ᠤ ᠦᠨᠡᠯᠡᠯᠲᠡ ᠶᠢᠨ ᠱᠠᠭᠠᠷᠳᠠᠯᠭ᠎ᠠ ᠶᠣᠰᠣᠭᠠᠷ ᠵᠢᠩᠬᠢᠨᠢ ᠰᠢᠭᠠᠷᠤ ᠶᠢᠨ ᠲᠠᠯᠠᠪᠠᠶ ᠪᠠᠶᠢᠭᠤᠯᠤᠭᠰᠠᠨ ᠦᠭᠡᠶ᠂ ᠠᠮᠢᠳᠤᠷᠠᠯ ᠤᠨ ᠬᠤᠭ ᠨᠣᠪᠰᠢ ᠲᠠᠮᠵᠢᠭᠤᠯᠤᠨ ᠲᠡᠭᠡᠭᠡᠪᠦᠷᠢᠯᠡᠬᠦ ᠲᠠᠯᠠᠪᠤᠷ ᠢᠶᠠᠷ ᠬᠦᠷᠢᠶᠡᠯᠡᠩ ᠲᠣᠭᠤᠷᠢᠭ ᠤᠨ ᠰᠢᠭᠠᠷᠤ ᠶᠢᠨ ᠲᠠᠯᠠᠪᠠᠶ ᠪᠣᠯᠭᠠᠭᠰᠠᠨ ᠪᠠᠶᠢᠨ᠎ᠠ᠃ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳ ᠭᠦᠢᠴᠡᠳᠬᠡᠭᠰᠡᠨ ᠦᠭᠡᠢ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠳᠠ ᠵᠢᠴᠢ ᠡᠷᠭᠢᠨ ᠬᠠᠷᠠᠬᠤ ᠳᠤ ᠬᠠᠷᠢᠭᠤ ᠲᠤᠰᠬᠠᠭᠰᠠᠨ ᠰᠠᠨᠠᠯ ᠢ ᠨᠠᠶᠢᠳᠠᠪᠤᠷᠢᠵᠢᠭᠤᠯᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠠᠷᠭᠠᠴᠠᠭᠠᠵᠤ᠂ ᠠᠯᠪᠠ ᠬᠠᠰᠢᠵᠤ ᠴᠡᠭᠴᠡᠯᠡᠨ ᠰᠠᠶᠢᠵᠢᠷᠠᠭᠤᠯᠵᠤ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠤᠪᠴᠢᠶᠠᠨ ᠤ ᠬᠢᠨᠠᠯᠲᠠ ᠬᠠᠮᠢᠶᠠᠷᠤᠯᠲᠠ ᠰᠤᠯᠠ᠂ ᠴᠡᠭᠴᠡᠯᠡᠨ ᠰᠠᠶᠢᠵᠢᠷᠠᠭᠤᠯᠵᠤ ᠳ᠋ᠣᠭᠠᠷ  ᠠᠴᠠ ᠬᠠᠰᠣᠭᠰᠠᠨ ᠨᠢ ᠴᠢᠩᠭ᠎ᠠ ᠪᠣᠳᠠᠲᠠᠶ ᠪᠢᠰᠢ ᠪᠠᠶᠢᠨ᠎ᠠ᠃ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠭᠰᠠᠨ ᠨᠣᠷᠮ᠎ᠠ ᠳᠣᠤᠷ᠎ᠠ᠂ ᠬᠠᠮᠢᠶᠠᠷᠤᠯᠲᠠ ᠨᠢ ᠵᠢᠷᠤᠮᠵᠢᠯ ᠦᠭᠡᠢ᠃ 2018 ᠣᠨ ᠳᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠣᠢ ᠪᠣᠯᠤᠭᠰᠠᠨ ᠬᠡᠮᠵᠢᠶ᠎ᠡ 1579.44 ᠲᠦᠮᠡᠨ ᠲᠣᠨ᠂ ᠶᠡᠷᠦᠩᠬᠡᠶᠢᠯᠡᠨ ᠠᠰᠢᠭᠯᠠᠭᠰᠠᠨ ᠨᠣᠷᠮ᠎ᠠ ᠨᠢ 35.97% ᠪᠠᠶᠢᠵᠤ᠂ ᠬᠤᠲᠠ ᠶᠢᠨ ᠵᠠᠰᠠᠭ ᠤᠨ ᠣᠷᠳᠣᠨ ᠤ ᠳᠤᠷᠠᠳᠤᠭᠰᠠᠨ ︽2021 ᠣᠨ ᠳᠤ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 75% ᠠᠴᠠ ᠳᠡᠭᠡᠭᠰᠢ ᠳᠤ ᠬᠦᠷᠭᠡᠬᠦ︾ ᠬᠠᠷᠠᠯᠲᠠ ᠯᠤᠭ᠎ᠠ ᠨᠡᠯᠢᠶᠡᠳ ᠶᠡᠭᠡ ᠵᠥᠷᠢᠶ᠎ᠡ ᠲᠠᠢ ᠪᠠᠶᠢᠨ᠎ᠠ᠃ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠤᠷᠲᠤ ᠬᠤᠭᠤᠴᠠᠭ᠎ᠠ ᠪᠠᠷ ᠳᠤᠷ᠎ᠠ ᠲᠠᠪᠠ ᠪᠠᠷ ᠢᠶᠠᠨ ᠠᠰᠬᠠᠵᠤ᠂ ᠲᠣᠭᠲᠠᠭᠠᠯ ᠠᠴᠠ ᠵᠥᠷᠢᠴᠡᠨ ᠣᠪᠣᠭᠠᠯᠠᠨ ᠬᠠᠳᠠᠭᠠᠯᠠᠵᠤ᠂ ᠲᠣᠭᠲᠠᠭᠠᠯ ᠠᠴᠠ ᠵᠥᠷᠢᠴᠡᠨ ᠨᠡᠭᠦᠷᠡᠰᠦᠨ ᠴᠢᠯᠠᠭᠤ ᠣᠪᠣᠭᠠᠯᠠᠵᠤ ᠪᠠᠶᠢᠭᠰᠠᠨ 12 ᠭᠠᠵᠠᠷ ᠲᠤ ᠭᠠᠵᠠᠷ ᠰᠢᠷᠣᠶ ᠠᠰᠢᠭᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠬᠢᠨᠠᠨ ᠵᠥᠪᠰᠢᠶᠡᠷᠡᠭᠦᠯᠬᠦ ᠭᠠᠷ ᠬᠦᠢᠴᠡᠳᠭᠡᠯ ᠬᠢᠭᠰᠡᠨ ᠦᠭᠡᠶ᠃ ᠡᠭᠦᠨ ᠳᠤ 7 ᠭᠠᠵᠠᠷ ᠤᠨ ᠭᠤᠷᠪᠠ ᠶᠢ ᠰᠡᠷᠭᠡᠶᠢᠯᠡᠬᠦ ᠠᠷᠭ᠎ᠠ ᠬᠡᠮᠵᠢᠶ᠎ᠡ ᠳᠤᠲᠠᠭᠳᠠᠵᠤ᠂ ᠴᠡᠭᠡᠯ ᠠᠭᠤᠯᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠨᠡᠭᠦᠷᠡᠰᠤ ᠬᠡᠤᠷᠰᠢᠭᠦᠯᠬᠦ ᠨᠡᠭᠦᠷᠡᠰᠦ ᠰᠢᠯᠢᠬᠦ᠂ ᠬᠠᠶᠢᠷᠤᠪ ᠤᠨ ᠲᠣᠬᠤᠢ ᠶᠢᠨ ᠴᠠᠬᠢᠯᠭᠠᠨ ᠭᠠᠷᠭᠠᠬᠤ ᠦᠢᠯᠡᠳᠪᠦᠷᠢ᠂ ᠦᠬᠠᠶ ᠶᠢᠨ ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ ᠦᠨᠡᠰᠦ ᠬᠠᠳᠠᠭᠠᠯᠠᠬᠤ ᠲᠠᠯᠠᠪᠠᠢ᠂ ᠪᠠᠷᠠᠭᠤᠨ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ᠂ ᠵᠢᠶᠠᠨ ᠯᠦᠩ ᠤᠨ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠸᠠᠨ ᠲᠧᠩ ᠴᠥᠮ ᠲᠣᠭᠲᠠᠭᠠᠯ ᠠᠴᠠ ᠵᠥᠷᠢᠴᠡᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠣᠪᠣᠭᠠᠯᠠᠨ ᠬᠠᠳᠠᠭᠠᠯᠠᠬᠤ ᠠᠰᠠᠭᠤᠳᠠᠯ ᠣᠷᠣᠰᠢᠵᠤ ᠪᠠᠶᠢᠨ᠎ᠠ᠃ ᠪᠠᠷᠢᠯᠭ᠎ᠠ ᠪᠠ ᠠᠮᠢᠳᠤᠷᠠᠯ ᠤᠨ ᠬᠤᠭ ᠨᠣᠪᠰᠢ ᠶᠢ ᠳᠤᠷ᠎ᠠ ᠪᠠᠷ ᠢᠶᠠᠨ ᠣᠪᠣᠭᠠᠯᠠᠵᠤ ᠪᠠᠶᠢᠨ᠎ᠠ᠃ ᠴᠡᠭᠡᠯ ᠠᠭᠤᠯᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠶᠤᠸᠠᠨ ᠲᠦᠩ ᠨᠡᠭᠦᠷᠡᠰᠦ ᠬᠢᠮᠢ ᠶᠢᠨ ᠺᠣᠮᠫᠠᠨᠢ ᠶᠢᠨ ᠵᠡᠭᠦᠨ ᠲᠠᠯ᠎ᠠ ᠶᠢᠨ 1 ᠺᠢᠯᠣᠮᠧᠲᠷ ᠤᠨ ᠠᠭᠤᠯᠠᠨ ᠬᠤᠲᠣᠭᠤᠷ ᠲᠤ 2013 ᠣᠨ ᠠᠴᠠ ᠡᠬᠢᠯᠡᠨ ᠶᠡᠭᠡ ᠬᠡᠮᠵᠢᠶᠡᠨ ᠤ ᠪᠠᠷᠢᠯᠭ᠎ᠠ᠂ ᠠᠮᠢᠳᠤᠷᠠᠯ ᠤᠨ ᠬᠤᠭ ᠨᠣᠪᠰᠢ ᠣᠪᠣᠭᠠᠯᠠᠨ ᠬᠠᠳᠠᠭᠠᠯᠠᠵᠤ᠂ ᠨᠢᠭᠡᠨᠲᠡ ᠪᠠᠷᠠᠭᠤᠨ ᠣᠷᠳᠣᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠬᠦᠷᠲᠡᠯ᠎ᠡ ᠦᠷᠭᠦᠯᠵᠢᠯᠡᠵᠡᠢ᠃ ᠠᠶᠤᠯᠲᠠᠶ ᠬᠠᠶᠠᠭᠳᠠᠮᠠᠯ ᠪᠣᠳᠠᠰ ᠢ ᠬᠠᠳᠠᠭᠠᠯᠠᠨ ᠰᠢᠢᠳᠪᠦᠷᠢᠯᠡᠬᠦ ᠨᠢ ᠵᠢᠷᠤᠮᠵᠢᠯ ᠦᠭᠡᠢ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ 19 ᠠᠵᠤ ᠠᠬᠤᠶᠢᠯᠠᠯ ᠢ ᠰᠤᠭᠤᠴᠢᠨ ᠪᠠᠶᠢᠴᠠᠭᠠᠪᠠ᠂ ᠡᠭᠦᠨ ᠤ ᠳᠣᠲᠣᠷ᠎ᠠ 12 ᠠᠵᠤ ᠠᠬᠤᠶᠢᠯᠠᠯ ᠳᠤ ᠠᠶᠤᠯᠲᠠᠶ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠵᠢᠷᠤᠮᠵᠢᠯ ᠦᠭᠡᠢ ᠠᠰᠠᠭᠤᠳᠠᠯ ᠣᠷᠣᠰᠢᠵᠤ ᠪᠠᠶᠢᠨ᠎ᠠ᠃      ᠲᠠᠪᠤ ᠳᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠠᠭᠤᠷᠬᠠᠶ ᠶᠢᠨ ᠣᠷᠣᠨ ᠤ ᠣᠷᠴᠢᠨ ᠠᠬᠤᠶ ᠶᠢᠨ ᠠᠰᠠᠭᠤᠳᠠᠯ ᠮᠥᠨ ᠯᠡ ᠲᠤᠪᠤᠶᠢᠮ᠎ᠠ ᠪᠠᠶᠢᠨ᠎ᠠ᠃ ᠪᠠᠷᠠᠭᠤᠨ ᠣᠷᠳᠣᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠤᠨ ᠤᠬᠤᠷᠢᠨ ᠭᠠᠷᠬᠤ ᠪᠠ ᠠᠮᠢ ᠠᠬᠤᠶ ᠶᠢ ᠰᠡᠷᠭᠦᠭᠡᠬᠦ ᠨᠢ ᠥᠪᠡᠷᠲᠡᠭᠡᠨ ᠵᠠᠰᠠᠬᠤ ᠣᠷᠣᠨ ᠤ 2020 ᠣᠨ ᠤ 6 ᠰᠠᠷ᠎ᠠ ᠶᠢᠨ ᠰᠡᠭᠦᠯᠴᠢ ᠠᠴᠠ ᠡᠮᠦᠨ᠎ᠡ ᠳ᠋ᠣᠭᠠᠷ ᠬᠠᠰᠤᠬᠤ ᠱᠠᠭᠠᠷᠳᠠᠯᠭ᠎ᠠ ᠶᠢ ᠪᠡᠶᠡᠯᠡᠬᠦᠯᠬᠦ ᠯᠦᠭᠡ ᠮᠥᠨ ᠬᠦ ᠵᠥᠷᠢᠶ᠎ᠡ ᠲᠠᠢ ᠪᠠᠶᠢᠨ᠎ᠠ᠃ ᠠᠭᠤᠷᠬᠠᠢ ᠶᠢᠨ ᠵᠠᠰᠠᠯᠲᠠ ᠶᠢ ᠠᠬᠢᠭᠤᠯᠬᠤ ᠨᠢ ᠤᠳᠠᠭᠠᠨ ᠶᠠᠰᠤ ᠴᠢᠨᠠᠷ ᠨᠢ ᠥᠨᠳᠥᠷ ᠪᠢᠰᠢ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠳᠤ ᠬᠤᠯᠪᠣᠭᠳᠠᠭᠰᠠᠨ 12 ᠠᠭᠤᠷᠬᠠᠢ᠂ 10 ᠰᠢᠷᠣᠢ ᠭᠠᠳᠠᠭᠰᠢᠯᠠᠭᠤᠯᠬᠤ ᠲᠠᠯᠠᠪᠠᠢ ᠶᠢ ᠲᠥᠰᠦᠯ ᠤᠨ ᠱᠠᠭᠠᠷᠳᠠᠯᠭ᠎ᠠ ᠶᠣᠰᠣᠭᠠᠷ ᠴᠡᠭᠴᠡᠯᠡᠨ ᠵᠠᠰᠠᠬᠤ ᠶᠢ ᠪᠡᠶᠡᠯᠡᠭᠦᠯᠦᠭᠰᠡᠨ ᠦᠭᠡᠢ᠂ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠤᠨ ᠰᠤᠭᠤᠴᠢᠨ ᠪᠠᠶᠢᠴᠠᠭᠠᠭᠰᠠᠨ 8 ᠴᠡᠭᠴᠡᠯᠡᠨ ᠵᠠᠰᠠᠬᠤ ᠲᠦᠷᠦᠯ ᠵᠦᠢᠯ ᠳᠤ᠂ ᠪᠡᠶᠡᠯᠡᠭᠦᠯᠦᠭᠰᠡᠨ ᠶᠠᠰᠤ ᠴᠢᠨᠠᠷ ᠢᠶᠠᠷ ᠨᠡᠯᠢᠶᠡᠳ ᠳᠣᠤᠷ᠎ᠠ 3 ᠠᠰᠠᠭᠤᠳᠠᠯ ᠣᠷᠣᠰᠢᠵᠤ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠲᠦᠷᠦᠭᠦᠯᠡᠨ ᠬᠢᠬᠦ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ ᠰᠢᠯᠭᠠᠨ ᠬᠤᠷᠢᠶᠠᠬᠤ ᠪᠠᠷᠢᠮᠵᠢᠶ᠎ᠠ ᠪᠠᠨ ᠪᠠᠭᠤᠷᠠᠭᠤᠯᠪᠠ᠃ ᠪᠦᠬᠦ ᠬᠤᠲᠠ ᠶᠢᠨ ᠲᠡᠦᠭᠡᠨ ᠠᠴᠠ ᠦᠯᠡᠳᠡᠭᠳᠡᠵᠦ ᠢᠷᠡᠭᠰᠡᠨ 92 ᠠᠭᠤᠷᠬᠠᠢ ᠶᠢᠨ ᠭᠠᠵᠠᠷ ᠰᠢᠷᠣᠶ ᠶᠢ ᠡᠪᠳᠡᠭᠰᠡᠨ ᠲᠠᠯᠠᠪᠠᠶ ᠨᠢ ᠨᠡᠶᠢᠲᠡ 4.613 ᠲᠡᠭᠰᠢ ᠳᠥᠷᠪᠡᠯᠵᠢᠨ ᠺᠢᠯᠣᠮᠧᠲᠷ ᠬᠦᠷᠴᠦ᠂ ︽ᠦᠬᠠᠶ ᠬᠤᠲᠠ ᠶᠢᠨ ᠠᠭᠤᠷᠬᠠᠶ ᠶᠢᠨ ᠣᠷᠣᠨ ᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠬᠠᠮᠠᠭᠠᠯᠠᠬᠤ ᠪᠠ ᠵᠠᠰᠠᠬᠤ ᠲᠥᠯᠥᠪᠵᠢᠭᠦᠯᠭᠡ ︵2013 — 2020 ᠣᠨ︶︾ ᠳᠤ 2018 ᠤᠨ ᠰᠡᠭᠦᠯᠴᠢ ᠪᠣᠯᠬᠤ ᠳᠤ ᠲᠡᠦᠬᠡ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ ᠭᠠᠵᠠᠷ ᠤᠨ ᠣᠷᠴᠢᠨ ᠲᠤᠭᠤᠷᠢᠨ ᠤ ᠠᠰᠠᠭᠤᠳᠠᠯ ᠢ ᠵᠠᠰᠠᠬᠤ ᠨᠣᠷᠮ᠎ᠠ ᠶᠢ 75% ᠳᠤ ᠬᠦᠷᠭᠡᠨ᠎ᠡ ᠬᠡᠵᠦ ᠲᠤᠷᠠᠳᠴᠦ᠂ ᠣᠲᠣ ᠪᠣᠯᠲᠠᠯ᠎ᠠ ᠵᠠᠰᠠᠭᠰᠠᠨ ᠲᠠᠯᠠᠪᠠᠶ ᠨᠢ 1.01 ᠲᠡᠭᠰᠢ ᠳᠥᠷᠪᠡᠯᠵᠢᠨ ᠺᠢᠯᠣᠮᠧᠲᠷ᠂ ᠵᠠᠰᠠᠭᠰᠠᠨ ᠨᠣᠷᠮ᠎ᠠ ᠨᠢ ᠵᠥᠪᠬᠡᠨ 22% ᠳᠤ ᠬᠦᠷᠴᠡᠶ᠃ ᠨᠤᠲᠤᠭ ᠪᠡᠯᠴᠢᠭᠡᠷ ᠤᠨ ᠰᠠᠭᠤᠷᠢ ᠲᠤᠭ᠎ᠠ ᠨᠢ ᠲᠣᠳᠣᠷᠬᠠᠶ ᠥᠬᠡᠶ᠂ ᠵᠠᠰᠠᠨ ᠰᠡᠷᠭᠦᠭᠡᠭᠰᠡᠨ ᠨᠢ ᠬᠦᠴᠦᠨ ᠥᠬᠡᠶ᠃ ᠬᠤᠶᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠲᠣᠭᠲᠠᠭᠠᠬᠤ ᠠᠵᠢᠯ ᠢ ᠥᠷᠨᠢᠭᠦᠯᠦᠭᠰᠡᠨ ᠦᠭᠡᠢ᠂ 1988 ᠣᠨ ᠳᠤ ᠬᠢᠨᠠᠨ ᠣᠯᠭᠤᠭᠰᠠᠨ ᠨᠤᠲᠤᠭ ᠪᠡᠯᠴᠢᠭᠡᠷ ᠤᠨ ᠦᠨᠡᠮᠯᠡᠯ ᠢ ᠦᠷᠭᠦᠯᠵᠢᠯᠡᠨ ᠬᠡᠷᠡᠭᠯᠡᠭᠰᠡᠨ ᠠᠴᠠ ᠨᠤᠲᠤᠭ ᠪᠡᠯᠴᠢᠭᠡᠷ ᠤᠨ ᠬᠦᠷᠢᠶ᠎ᠡ ᠬᠡᠪᠴᠢᠶ᠎ᠡ ᠨᠢ ᠲᠣᠳᠣᠷᠬᠠᠶ ᠦᠭᠡᠢ ᠪᠣᠯᠵᠤ᠂ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠣᠯᠳᠠ ᠶᠢᠨ ᠬᠠᠨᠳᠤᠯᠭᠠᠲᠤ ᠴᠢᠨᠠᠷ ᠨᠢ ᠴᠢᠩᠭ᠎ᠠ ᠪᠢᠰᠢ ᠪᠣᠯᠪᠠ᠃ 2003 ᠣᠨ ᠠᠴᠠ 2006 ᠣᠨ ᠪᠣᠯᠲᠠᠯ᠎ᠠ᠂ ᠬᠠᠶᠢᠨᠠᠨ ᠲᠣᠭᠤᠷᠢᠭ ᠤᠨ ᠪᠠᠶ ᠬᠠᠶ ᠽᠢ ᠶᠢᠨ ᠨᠤᠲᠤᠭ ᠪᠡᠯᠴᠢᠭᠡᠷ ᠳᠡᠭᠡᠷ᠎ᠡ ᠬᠡᠳᠦᠨ ᠨᠡᠭᠦᠷᠡᠰᠦ ᠤᠬᠢᠶᠠᠬᠤ ᠦᠢᠯᠡᠳᠪᠦᠷᠢ ᠪᠠᠶᠢᠭᠤᠯᠵᠤ᠂ 21 ᠲᠦᠮᠡᠨ ᠲᠡᠭᠰᠢ ᠳᠥᠷᠪᠡᠯᠵᠢᠨ ᠮᠧᠲᠷ ᠨᠤᠲᠤᠭ ᠪᠡᠯᠴᠢᠭᠡᠷ ᠢ ᠡᠪᠳᠡᠭᠰᠡᠨ ᠪᠠᠶᠢᠨ᠎ᠠ᠃ 2008 ᠣᠨ ᠳᠤ ᠬᠦᠴᠦᠨ ᠦᠭᠡᠢ ᠪᠣᠯᠭᠠᠭᠰᠠᠨ ᠠᠴᠠ ᠨᠠᠰᠢ᠂ ᠦᠢᠯᠡᠳᠪᠦᠷᠢ ᠶᠢᠨ ᠭᠡᠷ ᠪᠠᠶᠢᠰᠢᠩ ᠪᠠ ᠦᠢᠯᠡᠳᠪᠦᠷᠢᠯᠡᠯ ᠤᠨ ᠲᠥᠬᠦᠭᠡᠷᠦᠮᠵᠢ ᠶᠢ ᠮᠥᠨ ᠯᠡ ᠨᠤᠷᠠᠭᠠᠭᠰᠠᠨ ᠦᠭᠡᠢ᠂ ᠦᠢᠯᠡᠳᠪᠦᠷᠢᠯᠡᠯ ᠤᠨ ᠬᠠᠶᠠᠭᠳᠠᠮᠠᠯ ᠰᠢᠭᠠᠷᠤ ᠪᠠᠨ ᠨᠤᠲᠤᠭ ᠪᠡᠯᠴᠢᠭᠡᠷ ᠲᠤ ᠤᠪᠤᠭᠠᠯᠠᠨ᠂ ᠴᠠᠭ ᠲᠤᠬᠠᠶ ᠳᠤᠨᠢ ᠰᠡᠷᠭᠦᠭᠡᠭᠰᠡᠨ ᠥᠬᠡᠶ᠂ ᠬᠤᠲᠠ᠂ ᠲᠣᠭᠤᠷᠢᠭ ᠬᠤᠶᠠᠷ ᠱᠠᠲᠤᠨ ᠤ ᠨᠤᠲᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠮᠢᠶᠠᠷᠤᠯᠲᠠ ᠰᠤᠯᠠ ᠪᠠᠶᠢᠨ᠎ᠠ᠃      ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠱᠠᠭᠠᠷᠳᠠᠭᠰᠠᠨ ᠨᠢ᠂ ᠦᠬᠠᠶ ᠬᠤᠲᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ︽ᠨᠠᠮ ᠵᠠᠰᠠᠭ ᠠᠳᠠᠯᠢ ᠬᠠᠷᠢᠭᠤᠴᠠᠯᠭ᠎ᠠ᠂ ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠤᠳ ᠲᠥᠪ᠂ ᠦᠪᠡᠷᠳᠡᠭᠡᠨ ᠵᠠᠰᠠᠬᠤ ᠣᠷᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠲᠠᠯ᠎ᠠ ᠶᠢᠨ ᠠᠵᠢᠯ ᠳᠤ ᠭᠦᠨᠵᠡᠭᠡᠢ ᠠᠭᠤᠰᠤᠯᠴᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠭᠰᠠᠨ᠂ ᠪᠣᠬᠢᠷᠲᠤᠯ ᠦᠭᠡᠢ ᠬᠥᠭᠵᠢᠯᠲᠡ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠡᠷᠡᠰ ᠭᠤᠶᠢᠪᠢᠰᠢ ᠦᠭᠡᠢ ᠪᠠᠷ ᠨᠡᠭᠡᠭᠡᠬᠦ ᠬᠡᠷᠡᠭᠳᠡᠢ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠬᠤ ᠵᠢᠴᠢ ᠡᠷᠭᠢᠨ ᠬᠠᠷᠠᠬᠤ ᠳᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠰᠠᠶᠢᠲᠤᠷ ᠠᠳᠬᠤᠵᠤ᠂ ᠡᠴᠦᠰ ᠲᠤᠨᠢ ᠲᠤᠯᠲᠠᠯ᠎ᠠ ᠠᠳᠬᠤᠵᠤ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠠᠭ ᠲᠤᠬᠠᠢ ᠳᠤᠨᠢ ᠱᠠᠭᠠᠷᠳᠠᠯᠭ᠎ᠠ ᠶᠣᠰᠣᠭᠠᠷ ᠲᠦᠢᠯᠪᠤᠷᠢᠲᠠᠢ ᠥᠭᠡᠷᠡᠴᠢᠯᠡᠵᠦ᠂ ᠲᠤᠤᠱᠳᠠᠢ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠶᠢ ᠪᠦᠲᠦᠴᠡ ᠪᠠᠨ ᠲᠤᠬᠢᠷᠠᠭᠤᠯᠬᠤ᠂ ᠪᠠᠶᠢᠷᠢᠯᠠᠭᠤᠯᠤᠯᠲᠠ  ᠪᠠᠨ ᠰᠢᠯᠢᠳᠡᠭᠵᠢᠭᠦᠯᠬᠦ᠂ ᠠᠵᠤ ᠦᠢᠯᠡᠰ ᠢᠶᠠᠨ ᠬᠦᠴᠦᠷᠬᠡᠭᠵᠢᠭᠦᠯᠬᠦ᠂ ᠬᠡᠯᠬᠢᠶ᠎ᠡ ᠪᠠᠨ ᠤᠷᠲᠤᠳᠬᠠᠬᠤ ᠯᠤᠭ᠎ᠠ ᠨᠢᠭᠡᠳᠬᠡᠬᠦ ᠶᠢ ᠠᠬᠢᠭᠤᠯᠬᠤ ᠬᠡᠷᠡᠭᠳᠡᠢ᠃ ᠨᠡᠭᠦᠷᠡᠰᠦ᠂ ᠬᠡᠤᠷᠰᠢᠭᠦᠯᠬᠦ᠂ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠵᠡᠷᠭᠡ ᠠᠵᠢᠯ ᠲᠦᠷᠦᠯ ᠤᠨ ᠪᠤᠬᠢᠷᠲᠣᠯ ᠢ ᠵᠠᠰᠠᠬᠤ ᠪᠠ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ ᠶᠢ ᠠᠬᠢᠭᠤᠯᠬᠤ ᠬᠡᠷᠡᠭᠳᠡᠢ᠃ ᠠᠭᠤᠷᠬᠠᠶ ᠶᠢᠨ ᠣᠷᠣᠨ ᠤ ᠨᠡᠭᠦᠷᠡᠰᠦᠨ ᠠᠭᠤᠷᠬᠠᠶ ᠶᠢᠨ ᠥᠪᠡᠷ ᠢᠶᠠᠨ ᠨᠣᠴᠣᠬᠤ᠂ ᠦᠢᠯᠡᠳᠪᠦᠷᠢᠯᠡᠬᠦ ᠪᠠ ᠲᠡᠭᠡᠭᠡᠪᠦᠷᠢᠯᠡᠬᠦ ᠵᠡᠷᠭᠡ ᠠᠰᠠᠭᠤᠳᠠᠯ ᠢ ᠬᠦᠴᠦ ᠲᠠᠯᠪᠢᠨ ᠴᠡᠭᠴᠡᠯᠡᠨ ᠵᠠᠰᠠᠵᠤ᠂ ᠰᠣᠯᠠ ᠨᠡᠭᠦᠷᠡᠰᠦ ᠪᠠ ᠪᠠᠷᠢᠯᠭ᠎ᠠ ᠶᠢᠨ ᠲᠣᠭᠤᠷᠢᠭ ᠤᠨ ᠲᠣᠭᠤᠰᠣ ᠳᠡᠭᠳᠡᠬᠦ ᠶᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠠᠵᠢᠯ ᠢ ᠠᠬᠢᠭᠤᠯᠵᠤ᠂ ᠲᠡᠭᠡᠭᠡᠪᠦᠷᠢ ᠶᠢᠨ ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠵᠦ᠂ ᠴᠠᠶᠢᠶ᠋ᠢᠦ ᠲᠣᠰᠣᠨ ᠤ ᠪᠠᠷᠠᠭ᠎ᠠ ᠶᠢᠨ ᠲᠡᠷᠭᠡ ᠶᠢᠨ ᠪᠣᠬᠢᠷᠲᠤᠯ ᠢ ᠵᠠᠰᠠᠬᠤ ᠠᠵᠢᠯ ᠢ ᠰᠠᠶᠢᠲᠤᠷ ᠠᠳᠬᠤᠵᠤ᠂ ᠬᠠᠶᠢᠷᠤᠪ ᠤᠨ ᠲᠣᠬᠤᠢ ᠶᠢᠨ ᠤᠰᠤᠨ ᠠᠰᠢᠭᠯᠠᠯᠲᠠ ᠶᠢᠨ ᠬᠦᠢᠰᠦ ᠶᠢᠨ ᠯᠠᠭ ᠰᠢᠪᠡᠷ ᠢᠯᠡ ᠭᠠᠷᠴᠤ ᠲᠣᠭᠤᠰᠣ ᠲᠡᠭᠳᠡᠭᠦ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠬᠡᠷᠡᠭᠳᠡᠢ᠃ ᠤᠰᠤᠨ ᠤ ᠡᠬᠢ ᠪᠠᠶᠠᠯᠢᠭ ᠤᠨ ᠣᠷᠴᠢᠨ ᠲᠣᠭᠤᠷᠢᠨ ᠤ ᠠᠰᠠᠭᠤᠳᠠᠯ ᠢ ᠶᠡᠷᠦᠩᠬᠡᠶᠢᠯᠡᠨ ᠵᠠᠰᠠᠬᠤ ᠶᠢ ᠠᠬᠢᠭᠤᠯᠵᠤ᠂ ᠭᠠᠵᠠᠷ ᠳᠡᠭᠡᠷᠡᠬᠢ ᠤᠰᠤ᠂ ᠭᠠᠵᠠᠷ ᠳᠣᠤᠷᠠᠬᠢ ᠤᠰᠤᠨ ᠤ ᠲᠣᠭᠲᠠᠭᠠᠯ ᠠᠴᠠ ᠵᠥᠷᠢᠴᠡᠨ ᠤᠰᠤ ᠠᠪᠬᠤ ᠠᠰᠠᠭᠤᠳᠠᠯ ᠢ ᠬᠦᠴᠦ ᠲᠠᠯᠪᠢᠨ ᠴᠡᠭᠴᠡᠯᠡᠨ ᠰᠠᠶᠢᠵᠢᠷᠠᠭᠤᠯᠵᠤ᠂ ᠭᠤᠤᠯ  ᠤᠨ ᠳᠠᠷᠤᠭ᠎ᠠ ᠶᠢᠨ ᠳᠦᠷᠢᠮ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠤᠲᠠ ᠪᠠᠯᠭᠠᠰᠤ᠂ ᠬᠦᠷᠢᠶᠡᠯᠡᠩ ᠲᠣᠭᠤᠷᠢᠭ ᠤᠨ ᠪᠣᠬᠢᠷ ᠤᠰᠤᠨ ᠤ ᠬᠤᠭᠤᠯᠠᠢ ᠶᠢ ᠥᠭᠡᠷᠡᠴᠢᠯᠡᠬᠦ ᠠᠵᠢᠯ ᠢ ᠨᠢᠭᠡᠳᠦᠯᠳᠡᠢ ᠲᠥᠯᠥᠪᠯᠡᠨ ᠠᠬᠢᠭᠤᠯᠵᠤ᠂ ᠪᠣᠷᠣᠭᠠᠨ ᠤ ᠤᠰᠣ ᠪᠠ ᠪᠤᠬᠢᠷ ᠣᠰᠣ ᠶᠢ ᠢᠯᠭᠠᠬᠤ ᠦᠭᠡᠢ ᠪᠠ ︽ᠭᠤᠷᠪᠠᠨ ᠳᠣᠤᠷ᠎ᠠ︾ ᠪᠠᠶᠢᠬᠤ ᠠᠰᠠᠭᠤᠳᠠᠯ ᠢ ᠶᠡᠬᠡᠪᠡᠷ ᠰᠢᠢᠳᠪᠦᠷᠢᠯᠡᠵᠦ᠂ ᠤᠤᠭᠤᠬᠤ ᠤᠰᠤᠨ ᠤ ᠰᠤᠷᠪᠤᠯᠵᠢ ᠶᠢᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠳᠡᠢ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠢᠭᠠᠷᠤ ᠶᠢᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠲᠡᠭᠡᠭᠰᠢᠯᠡᠬᠦᠯᠵᠦ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠣᠪᠣᠭᠠᠯᠠᠬᠤ ᠲᠠᠯᠠᠪᠤᠷ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠬᠤ ᠶᠢ ᠠᠬᠢᠭᠤᠯᠬᠤ ᠬᠡᠷᠡᠭᠳᠡᠢ᠃ ᠬᠠᠳᠤᠨ ᠭᠤᠤᠯ ᠳᠠᠭᠠᠤ ᠶᠢᠨ ᠣᠷᠴᠢᠨ ᠲᠣᠭᠤᠷᠢᠨ ᠤ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠠᠶᠤᠯᠲᠠᠶ ᠬᠠᠶᠠᠭᠳᠠᠮᠠᠯ ᠡᠳ᠋ ᠤᠨ ᠬᠠᠮᠢᠶᠠᠷᠤᠯᠲᠠ ᠶᠢ ᠴᠢᠩᠭᠠᠳᠬᠠᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠬᠤ ᠬᠡᠷᠡᠭᠲᠡᠶ ᠬᠡᠵᠡᠢ᠃   ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠴᠢᠬᠤᠯᠠᠴᠢᠯᠠᠭᠰᠠᠨ ᠨᠢ᠂ ᠦᠬᠠᠶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠦᠨᠳᠦᠰᠦᠯᠡᠨ᠂ ᠴᠡᠭᠴᠡᠯᠡᠨ ᠰᠠᠶᠢᠵᠢᠷᠠᠭᠤᠯᠬᠤ ᠲᠥᠰᠦᠯ ᠢ ᠱᠠᠯᠠᠪᠳᠠᠨ ᠰᠤᠳᠤᠯᠤᠨ ᠲᠣᠭᠲᠠᠭᠠᠵᠤ᠂ 30 ᠠᠵᠢᠯᠯᠠᠬᠤ ᠡᠳᠦᠷ ᠤᠨ ᠳᠣᠲᠣᠷ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠬᠦ ᠶᠢᠨ ᠬᠠᠮᠲᠤ 6 ᠰᠠᠷ᠎ᠠ ᠶᠢᠨ ᠳᠣᠲᠣᠷ᠎ᠠ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠮᠡᠳᠡᠭᠦᠯᠦᠨ ᠬᠦᠷᠭᠡᠬᠦ ᠬᠡᠷᠡᠭᠲᠡᠶ᠃ ᠴᠡᠭᠴᠡᠯᠡᠨ ᠰᠠᠶᠢᠵᠢᠷᠠᠭᠤᠯᠬᠤ ᠲᠥᠰᠦᠯ ᠪᠣᠯᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠪᠣᠯᠤᠨ ᠦᠬᠠᠶ ᠬᠤᠲᠠ ᠶᠢᠨ ᠭᠤᠤᠯ ᠪᠣᠯᠬᠤ ᠰᠣᠨᠢᠨ ᠮᠡᠳᠡᠭᠡᠨ ᠤ ᠵᠠᠭᠤᠴᠢᠯᠠᠭᠤᠷ ᠢᠶᠠᠷ ᠴᠠᠭ ᠲᠤᠬᠠᠶ ᠳᠤᠨᠢ ᠨᠡᠶᠢᠭᠡᠮ ᠳᠤ ᠢᠯᠡ ᠪᠣᠯᠭᠠᠬᠤ ᠬᠡᠷᠡᠭᠲᠡᠶ᠃ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠪᠠᠰᠠ ᠣᠯᠵᠤ ᠮᠡᠳᠡᠭᠰᠡᠨ ᠠᠮᠢ ᠠᠬᠤᠢ ᠶᠢᠨ ᠣᠷᠴᠢᠨ ᠲᠣᠭᠤᠷᠢᠨ ᠤ ᠬᠤᠬᠢᠷᠠᠯ ᠤᠨ ᠬᠠᠷᠢᠭᠤᠴᠠᠯᠭ᠎ᠠ ᠨᠡᠬᠡᠮᠵᠢᠯᠡᠬᠦ ᠠᠰᠠᠭᠤᠳᠠᠯ ᠢ ᠡᠮᠬᠢᠯᠡᠵᠦ᠂ ᠨᠢᠭᠡᠨᠲᠡ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠦᠬᠠᠶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠪᠡ᠃      ᠱᠢ ᠸᠠᠨ ᠵᠢᠶᠦ᠋ᠨ ᠣᠪᠣᠷ ᠢᠶᠠᠨ ᠢᠯᠡᠳᠬᠡᠬᠦ ᠦᠭᠡ ᠳᠡᠭᠡᠨ ᠬᠡᠯᠡᠭᠰᠡᠨ ᠨᠢ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠪᠠ ᠠᠵᠢᠯ ᠤᠨ ᠱᠠᠭᠠᠷᠳᠠᠯᠭ᠎ᠠ ᠶᠢ ᠪᠢᠳᠡ ᠪᠦᠷᠢᠮᠦᠰᠦᠨ ᠵᠥᠪᠰᠢᠶᠡᠷᠡᠵᠦ᠂ ᠦᠨᠡᠨᠴᠢ ᠪᠠᠷ ᠭᠥᠯᠢᠶᠡᠨ ᠠᠪᠴᠤ᠂ ᠬᠠᠭᠤᠳᠠᠰᠤ ᠶᠣᠰᠣᠭᠠᠷ ᠪᠦᠬᠦᠨ ᠢ ᠬᠤᠷᠢᠶᠠᠵᠤ ᠠᠪᠤᠨ᠎ᠠ᠃ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠡᠷᠡᠰ ᠰᠠᠶᠢᠲᠤᠷ ᠠᠳᠬᠤᠨ᠎ᠠ᠃ ᠨᠢᠭᠡ ᠳᠤ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠦᠨᠡᠨᠬᠦ ᠰᠠᠶᠢᠲᠤᠷ ᠠᠳᠬᠤᠬᠤ ᠶᠢ ︽ᠳᠥᠷᠪᠡᠨ ᠤᠬᠠᠮᠰᠠᠷ︾ ᠢᠶᠠᠨ ᠲᠠᠰᠤᠷᠠᠯᠲᠠ ᠥᠬᠡᠶ ᠴᠢᠩᠭᠠᠳᠬᠠᠬᠤ᠂ ︽ᠳᠥᠷᠪᠡᠨ ᠢᠲᠡᠭᠡᠯ︾ ᠢᠶᠠᠨ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠦᠢᠯᠡᠳᠦᠯᠭᠡ ᠶᠢᠨ ᠱᠠᠭᠠᠷᠳᠠᠯᠭ᠎ᠠ ᠪᠠ ᠪᠣᠳᠠᠲᠠᠶ ᠠᠵᠢᠯᠯᠠᠭ᠎ᠠ ᠪᠣᠯᠭᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨ ᠪᠣᠳᠠᠲᠠᠶ ᠳᠥᠯᠭᠢᠨ ᠠᠬᠢᠭᠤᠯᠵᠤ᠂ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠵᠢᠱᠢᠭᠰᠡᠨ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ᠃ ᠬᠤᠶᠠᠷ ᠲᠤ ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ᠎ᠠ᠃ ᠰᠢᠰᠲ᠋ᠧᠮ ᠲᠠᠢ ᠪᠠᠷ ᠤᠬᠠᠭᠠᠯᠠᠵᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠠᠰᠠᠭᠤᠳᠠᠯ ᠤᠨ ᠡᠬᠡ ᠳᠠᠩᠰᠠ ᠶᠢ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠲᠣᠳᠣᠷᠬᠠᠶ ᠪᠣᠯᠭᠠᠵᠤ᠂ ᠲᠤᠰ ᠤᠳᠠᠭᠠᠨ ᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠥᠪ ᠤᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠵᠢᠴᠢ ᠡᠷᠭᠢᠨ ᠬᠠᠷᠠᠬᠤ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠲᠠᠢ ᠤᠶᠠᠯᠳᠤᠭᠤᠯᠵᠤ᠂ ᠨᠢᠭᠡ ᠴᠣᠭᠴᠠ ᠪᠠᠷ ᠲᠦᠯᠬᠢᠨ ᠠᠬᠢᠭᠤᠯᠵᠤ᠂ ᠬᠠᠮᠵᠢᠯᠴᠠᠨ ᠰᠢᠢᠳᠪᠦᠷᠢᠯᠡᠨ᠎ᠡ᠃ ᠠᠰᠠᠭᠤᠳᠠᠯ ᠢ ᠦᠨᠳᠦᠰᠦᠨ ᠠᠴᠠ ᠨᠢ ᠵᠠᠰᠠᠬᠤ ᠦᠭᠡᠢ ᠪᠣᠯ ᠲᠠᠯᠪᠢᠬᠤ ᠦᠭᠡᠢ᠂ ᠲᠦᠢᠯᠪᠤᠷᠢᠲᠠᠢ ᠰᠢᠢᠳᠪᠦᠷᠢᠯᠡᠬᠦ ᠦᠭᠡᠢ ᠪᠣᠯ ᠰᠣᠯᠠᠷᠠᠬᠤ ᠦᠭᠡᠢ᠂ ᠴᠡᠭᠴᠡᠯᠡᠨ ᠰᠠᠶᠢᠵᠢᠷᠠᠭᠤᠯᠬᠤ ᠦᠭᠡᠢ ᠪᠣᠯ ᠵᠣᠭᠰᠣᠬᠤ ᠦᠭᠡᠢ᠃ ᠭᠤᠷᠪᠠ ᠳᠤ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠴᠢᠩᠭ᠎ᠠ ᠪᠥᠭᠡᠳ ᠪᠣᠳᠠᠲᠠᠶᠢᠵᠢᠭᠤᠯᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ︾ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠱᠠᠲᠤ ᠳᠠᠷᠠᠭᠠᠯᠠᠨ ᠳᠠᠷᠤᠯᠲᠠ ᠶᠢ ᠲᠠᠮᠵᠢᠭᠤᠯᠵᠤ᠂ ᠨᠢᠭᠡᠳ ᠨᠢᠭᠡ ᠪᠠᠷ ᠴᠢᠩᠭ᠎ᠠ ᠨᠠᠶᠢᠳᠠᠪᠤᠷᠢᠵᠢᠭᠤᠯᠵᠤ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠳᠤ ᠵᠢᠭᠠᠵᠤ ᠭᠠᠷᠭᠠᠭᠰᠠᠨ ᠡᠯ᠎ᠡ ᠵᠦᠢᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠪᠡᠶᠡᠯᠡᠭᠦᠯᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠪᠦᠬᠦ ᠬᠤᠲᠠ ᠶᠢᠨ ᠠᠷᠠᠳ ᠲᠦᠮᠡᠨ ᠳᠤ ᠨᠢᠭᠡ ᠬᠤᠪᠢ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠪᠠᠷ ᠴᠢᠷᠮᠠᠶᠢᠨ᠎ᠠ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map