ᠬᠤᠲᠠ ᠶᠢᠨ ᠬᠤᠸᠠᠨ ᠲᠦᠩ ᠺᠣᠮᠫᠠᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠤ ᠠᠶᠠᠨᠴᠢᠳ ᠤᠨ ᠲᠡᠭᠡᠭᠡᠪᠦᠷᠢ ᠶᠢᠨ ᠠᠵᠢᠯ ᠢ ᠬᠢᠨᠠᠮᠠᠭᠠᠶ ᠰᠠᠶᠢᠲᠤᠷ ᠬᠢᠪᠡ
ᠨᠡᠶᠢᠲᠡᠯᠡᠭᠰᠡᠨ ᠴᠠᠭ᠄
2020-05-20
     ᠬᠤᠲᠠ ᠶᠢᠨ ᠬᠤᠸᠠᠨ ᠲᠦᠩ ᠺᠣᠮᠫᠠᠨᠢ 3 ᠰᠠᠷ᠎ᠠ ᠶᠢᠨ 23 ᠤ ᠡᠳᠦᠷ ᠠᠵᠢᠯ ᠢᠶᠠᠨ ᠰᠡᠷᠭᠦᠭᠡᠭᠰᠡᠨ ᠠᠴᠠ ᠨᠠᠰᠢ᠂ ᠬᠠᠷᠢᠶᠠᠨ ᠳᠠᠬᠢ 3 ᠮᠠᠰᠢᠨ ᠲᠡᠷᠭᠡᠨ ᠤ ᠥᠷᠲᠡᠭᠡ ︵ᠬᠤᠲᠠ ᠶᠢᠨ ᠠᠯᠤᠰ ᠤᠨ ᠮᠠᠰᠢᠨ ᠲᠡᠷᠭᠡᠨ ᠤ ᠥᠷᠲᠡᠭᠡ ᠪᠠ ᠤᠳᠠ ᠲᠣᠭᠤᠷᠢᠭ᠂ ᠬᠠᠶᠢᠨᠠᠨ ᠲᠣᠭᠤᠷᠢᠭ ᠤᠨ ᠮᠠᠰᠢᠨ ᠲᠡᠷᠭᠡᠨ ᠤ ᠥᠷᠲᠡᠭᠡ︶᠂ ᠬᠤᠯᠪᠣᠭᠳᠠᠯ ᠪᠦᠬᠦᠢ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠤᠨ ᠵᠢᠭᠠᠪᠤᠷᠢ ᠶᠢᠨ ᠵᠣᠷᠢᠭ ᠰᠠᠨᠠᠭ᠎ᠠ ᠶᠣᠰᠣᠭᠠᠷ᠂ ︽ᠰᠢᠨ᠎ᠡ ᠲᠢᠳᠢᠮᠯᠢᠭ ᠠᠭᠤᠰᠬᠢᠨ ᠦᠷᠪᠢᠰᠦᠯ ᠵᠢᠴᠢ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢᠶᠠᠨ ᠰᠡᠷᠭᠦᠬᠡᠵᠦ ᠦᠢᠯᠡᠳᠪᠦᠷᠢᠯᠡᠯ ᠢᠶᠠᠨ ᠰᠡᠷᠭᠦᠭᠡᠬᠦ ᠤᠳᠤᠷᠢᠳᠬᠤ ᠳᠤᠭᠤᠶᠢᠯᠠᠩ︾ ᠪᠠᠶᠢᠭᠤᠯᠵᠤ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠮᠠᠭᠠᠶ ᠰᠠᠶᠢᠲᠤᠷ ᠬᠢᠪᠡ᠃      ᠡᠯ᠎ᠡ ᠮᠠᠰᠢᠨ ᠲᠡᠷᠭᠡᠨ ᠤ ᠥᠷᠲᠡᠭᠡ ᠨᠢ ᠠᠵᠢᠯᠲᠠᠨ ᠢ ᠡᠷᠬᠡᠪᠰᠢ ︽ᠰᠢᠨ᠎ᠡ ᠲᠢᠳᠢᠮᠯᠢᠭ ᠠᠭᠤᠰᠬᠢᠨ ᠦᠷᠪᠢᠰᠦᠯ ᠲᠡᠯᠭᠡᠷᠡᠭᠰᠡᠨ ᠬᠤᠭᠤᠴᠠᠭᠠᠨ ᠳᠠᠬᠢ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠤᠨ ᠡᠷᠡᠭᠦᠯ ᠬᠠᠮᠠᠭᠠᠯᠠᠯ ᠤᠨ ᠬᠠᠮᠠᠭᠠᠯᠠᠯᠲᠠ ᠶᠢᠨ ᠵᠦᠭᠯᠡᠭᠦᠷ︾ ᠤᠨ ᠪᠦᠬᠦ ᠠᠭᠤᠯᠭ᠎ᠠ ᠶᠢ ᠡᠵᠡᠮᠰᠢᠬᠦ ᠬᠡᠷᠡᠭᠲᠡᠶ᠂ ᠬᠢᠵᠢᠭ ᠰᠡᠷᠭᠡᠶᠢᠯᠡᠬᠦ ᠮᠡᠳᠡᠯᠭᠡ ᠶᠢᠨ ᠰᠢᠯᠭᠠᠯᠲᠠ ᠪᠠᠷ ᠳᠠᠮᠵᠢᠨ ᠠᠵᠢᠯᠲᠠᠨ ᠤ ᠰᠤᠷᠤᠯᠭ᠎ᠠ ᠶᠢᠨ ᠪᠠᠶᠢᠳᠠᠯ ᠢ ᠪᠠᠶᠢᠴᠠᠭᠠᠪᠠ᠃ ᠡᠭᠦᠨ ᠠᠴᠠ ᠭᠠᠳᠠᠨ᠎ᠠ᠂ ᠡᠯ᠎ᠡ ᠲᠡᠷᠭᠡᠨ ᠥᠷᠲᠡᠭᠡ ᠨᠢ ᠠᠵᠢᠯᠲᠠᠨ ᠠᠵᠢᠯᠴᠢᠨ ᠢ ᠡᠳᠦᠷ ᠪᠦᠷᠢ ᠠᠵᠢᠯ ᠤᠨ ᠪᠠᠶᠢᠷᠢ ᠳᠠᠭᠠᠨ ᠭᠠᠷᠬᠤ ᠠᠴᠠ ᠡᠮᠦᠨ᠎ᠡ ᠡᠷᠬᠡᠪᠰᠢ ᠪᠡᠶ᠎ᠡ ᠶᠢᠨ ᠳᠤᠯᠠᠭᠠᠨ ᠢᠶᠠᠨ ᠬᠡᠮᠵᠢᠵᠦ᠂ ᠠᠮᠠᠪᠴᠢ ᠵᠡᠭᠦᠬᠦ ᠶᠢᠨ ᠬᠠᠮᠲᠤ ᠲᠡᠮᠳᠡᠭᠯᠡᠯ ᠬᠢᠬᠦ ᠬᠡᠷᠡᠭᠲᠡᠶ ᠭᠡᠵᠦ ᠱᠠᠭᠠᠷᠳᠠᠵᠠᠶ᠃      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠡᠯ᠎ᠡ ᠮᠠᠰᠢᠨ ᠲᠡᠷᠭᠡᠨ ᠤ ᠥᠷᠲᠡᠭᠡ ᠠᠶᠠᠨᠴᠢᠳ ᠦᠨᠡᠨ ᠨᠡᠷ᠎ᠡ ᠪᠠᠷ ᠪᠢᠯᠧᠲ ᠬᠤᠳᠠᠯᠳᠤᠨ ᠠᠪᠬᠤ᠂ ᠦᠨᠡᠨ ᠨᠡᠷ᠎ᠡ ᠪᠡ ᠪᠠᠷ ᠲᠡᠷᠭᠡᠨ ᠳᠤ ᠰᠠᠭᠤᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠠᠶᠠᠨᠴᠢᠳ ᠥᠷᠲᠡᠭᠡᠨ ᠳᠤ ᠣᠷᠣᠬᠤ ᠳᠤ ᠡᠷᠬᠡᠪᠰᠢ ᠪᠡᠶ᠎ᠡ ᠶᠢᠨ ᠳᠤᠯᠠᠭᠠᠨ ᠢᠶᠠᠨ ᠬᠡᠮᠵᠢᠵᠦ᠂ ︽ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠶᠠᠨᠴᠢᠳ ᠤᠨ ᠡᠭᠡᠯᠵᠢ ᠶᠢᠨ ᠲᠡᠷᠭᠡᠨ ᠤ ᠠᠶᠠᠨᠴᠢᠳ ᠤᠨ ᠮᠡᠳᠡᠭᠡ ᠵᠠᠩᠭᠢ ᠶᠢᠨ ᠪᠦᠷᠢᠳᠬᠡᠯ ᠤᠨ ᠬᠦᠰᠦᠨᠦᠭᠲᠦ︾ ᠶᠢ ᠲᠠᠭᠯᠠᠵᠤ᠂ ᠪᠠᠰᠠ ᠪᠦᠷᠢᠳᠬᠡᠯ ᠤᠨ ᠬᠦᠰᠦᠨᠦᠭᠲᠤ ᠶᠢ ᠲᠠᠭᠠᠤ ᠳᠤᠨᠢ ᠵᠣᠷᠢᠭᠰᠠᠨ ᠭᠠᠵᠠᠷ ᠤᠨ ᠮᠠᠰᠢᠨ ᠲᠡᠷᠭᠡᠨ ᠤ ᠥᠷᠲᠡᠭᠡᠨ ᠳᠤ ᠬᠦᠷᠭᠡᠪᠡ︔ ᠬᠠᠯᠠᠭᠤᠷᠠᠬᠤ᠂ ᠲᠠᠮᠢᠷᠳᠠᠬᠤ᠂ ᠬᠠᠭᠤᠷᠠᠢ ᠪᠠᠷ ᠬᠠᠨᠢᠶᠠᠬᠤ ᠪᠤᠶᠤ ᠠᠮᠢᠰᠬᠤᠯ ᠴᠢᠬᠤᠯᠳᠠᠬᠤ ᠵᠡᠷᠭᠡ ᠢᠯᠡᠷᠡᠯ ᠲᠠᠢ ᠠᠶᠠᠨᠴᠢᠳ ᠪᠤᠶᠤ ᠠᠵᠢᠯᠳᠠᠳ ᠢ ᠴᠠᠭ ᠲᠤᠬᠠᠶ ᠳᠤᠨᠢ ᠲᠤᠰᠠᠭᠠᠷᠯᠠᠬᠤ ᠥᠷᠥᠭᠡᠨ ᠳᠤ ᠲᠣᠬᠢᠷᠠᠭᠤᠯᠵᠤ᠂ ᠬᠤᠯᠪᠤᠭᠳᠠᠯ ᠪᠦᠬᠦᠢ ᠲᠤᠰᠬᠠᠶ ᠮᠡᠷᠭᠡᠵᠢᠯ ᠤᠨ ᠠᠵᠢᠯᠲᠠᠨ ᠤ ᠰᠢᠢᠳᠪᠦᠷᠢᠯᠡᠬᠦ ᠶᠢ ᠬᠦᠯᠢᠶᠡᠬᠦ ᠬᠡᠷᠡᠭᠲᠡᠶ ᠬᠡᠵᠦ ᠱᠠᠭᠠᠷᠳᠠᠵᠠᠢ᠃      ᠡᠭᠦᠨ ᠤ ᠬᠠᠮᠲᠤ᠂ ᠡᠯ᠎ᠡ ᠮᠠᠰᠢᠨ ᠲᠡᠷᠭᠡᠨ ᠤ ᠥᠷᠲᠡᠭᠡ ᠨᠢ ᠲᠡᠭᠡᠭᠡᠪᠦᠷᠢ ᠡᠵᠡᠩᠨᠡᠵᠦ ᠪᠠᠶᠢᠭ᠎ᠠ ᠲᠡᠷᠭᠡ ᠶᠢᠨ ᠠᠮᠤᠷ ᠲᠦᠪᠰᠢᠨ ᠤ ᠪᠠᠶᠢᠴᠠᠭᠠᠯᠳᠠ ᠶᠢᠨ ᠡᠷᠴᠢᠮ ᠢᠶᠠᠨ ᠴᠢᠩᠭᠠᠷᠠᠭᠤᠯᠵᠤ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠬᠡᠬᠦ ᠪᠤᠶ ᠪᠦᠬᠦᠢ ᠠᠶᠠᠨᠴᠢᠳ ᠤᠨ ᠮᠠᠰᠢᠨ ᠲᠡᠷᠭᠡ ᠡᠷᠬᠡᠪᠰᠢ ᠠᠮᠤᠷ ᠲᠦᠪᠰᠢᠨ ᠢ ᠪᠠᠶᠢᠴᠠᠭᠠᠬᠤ ᠱᠤᠭᠤᠮ ᠤᠨ ᠪᠠᠶᠢᠴᠠᠭᠠᠯᠳᠠ ᠳᠤ ᠬᠢᠷᠢ ᠲᠡᠩᠴᠡᠭᠰᠡᠨ ᠤ ᠳᠠᠷᠠᠭ᠎ᠠ ᠰᠠᠶ᠋ᠢ ᠠᠶᠠᠨᠴᠢᠳ ᠢ ᠲᠡᠭᠡᠭᠡᠵᠦ ᠠᠶᠠᠯᠠᠭᠤᠯᠵᠤ ᠪᠣᠯᠤᠨ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠣᠯᠠᠨ ᠲᠦᠮᠡᠨ ᠤ ᠠᠮᠤᠷ ᠲᠦᠪᠰᠢᠨ ᠢᠶᠠᠷ ᠭᠠᠳᠠᠭᠰᠢ ᠭᠠᠷᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map