ᠲᠦᠷᠦᠭᠦᠬᠡᠨ᠂ ᠰᠤᠷᠪᠤᠯᠵᠢᠯᠠᠭᠴᠢ ᠬᠠᠶᠢᠷᠣᠪ ᠤᠨ ᠲᠤᠬᠤᠢ ᠶᠢᠨ ᠲᠣᠭᠤᠷᠢᠭ ᠤᠨ ᠳ᠋ᠠᠴᠢᠩ ᠡᠮᠦᠨ᠎ᠡ ᠵᠢᠵᠢᠭ | ᠲᠣᠭᠤᠷᠢᠭ ᠲᠤ ᠲᠡᠷᠭᠡᠨ ᠵᠠᠮ ᠬᠠᠭᠠᠯᠲᠠ ᠶᠢᠨ ᠣᠶᠤᠨᠴᠢ ᠬᠠᠮᠢᠶᠠᠷᠤᠯᠲᠠ ᠶᠢᠨ ᠰᠢᠰᠲ᠋ᠧᠮ᠂ ᠶᠠᠪᠠᠭᠠᠨ ᠬᠥᠮᠦᠨ ᠤ | ᠨᠢᠭᠤᠷ ᠢ ᠢᠯᠭᠠᠨ ᠲᠠᠨᠢᠬᠤ ᠡᠭᠦᠳᠡᠨ ᠤ ᠬᠤᠷᠢᠭ᠎ᠠ ᠰᠢᠰᠲ᠋ᠧᠮ ᠢ ᠲᠤᠷᠰᠢᠨ ᠲᠣᠬᠢᠷᠠᠭᠤᠯᠵᠤ᠂ ᠵᠢᠵᠢᠭ ᠲᠣᠭᠤᠷᠢᠭ ᠤᠨ | ᠰᠠᠭᠤᠭᠠᠯᠢ ᠠᠷᠠᠳ ᠳᠠᠩᠰᠠᠯᠠᠭᠤᠯᠤᠭᠰᠠᠨ ᠤ ᠳᠠᠷᠠᠭ᠎ᠠ ᠳᠠᠷᠤᠶ ᠬᠡᠷᠡᠭᠯᠡᠵᠦ ᠪᠤᠯᠬᠤ ᠶᠢ ᠣᠯᠵᠣ ᠬᠠᠷᠠᠵᠠᠢ᠃ | ᠳ᠋ᠠᠴᠢᠩ ᠤᠨ ᠡᠮᠦᠨ᠎ᠡ ᠵᠢᠵᠢᠭ ᠲᠣᠭᠤᠷᠢᠭ 1996 ᠣᠨ ᠳᠤ ᠪᠠᠶᠢᠭᠤᠯᠤᠭᠳᠠᠪᠠ᠃ 36 ᠰᠠᠭᠤᠷᠢ ᠠᠰᠠᠷ ᠤᠨ | 970 ᠡᠷᠦᠬᠡ ᠰᠠᠭᠤᠭᠠᠯᠢ ᠠᠷᠠᠳ ᠲᠠᠢ᠂ ᠣᠯᠠᠩᠬᠢ ᠨᠢ ᠨᠠᠰᠤᠲᠠᠶᠢᠴᠤᠳ ᠪᠣᠯᠤᠨ᠎ᠠ᠃ ᠣᠯᠠᠨ ᠵᠢᠯ ᠤᠨ ᠲᠤᠷᠰᠢ᠂ | ᠰᠠᠭᠤᠭᠠᠯᠢ ᠠᠷᠠᠳ ᠤᠨ ᠲᠣᠭᠤᠷᠢᠭ ᠲᠤ ᠠᠳᠠᠯ ᠠᠬᠤᠶ ᠥᠬᠡᠶ ᠪᠠᠶᠢᠵᠤ᠂ ᠣᠷᠣᠵᠤ ᠭᠠᠷᠬᠤ ᠭᠠᠵᠠᠷ 15 ᠪᠠᠶᠢᠵᠤ᠂ | ᠰᠠᠭᠤᠭᠠᠯᠢ ᠠᠷᠠᠳ ᠤᠨ ᠠᠮᠢᠳᠤᠷᠠᠯ ᠳᠤ ᠮᠠᠰᠢ ᠶᠡᠭᠡ ᠠᠮᠤᠷ ᠲᠦᠪᠰᠢᠨ ᠤ ᠬᠡᠮ ᠰᠣᠭᠤᠭ ᠠᠪᠴᠢᠷᠠᠪᠠ᠃ ᠠᠳᠠᠯ | ᠠᠬᠤᠶ ᠦᠭᠡᠢ᠂ ᠨᠡᠭᠡᠭᠡᠯᠲᠡᠲᠦ ᠬᠡᠯᠪᠡᠷᠢ ᠶᠢᠨ ᠵᠢᠵᠢᠭ ᠲᠣᠭᠤᠷᠢᠭ ᠤᠨ ᠠᠮᠤᠷ ᠲᠦᠪᠰᠢᠨ ᠤ ᠬᠠᠮᠢᠶᠠᠷᠤᠯᠲᠠ ᠶᠢ | ᠴᠢᠩᠭᠠᠳᠬᠠᠬᠤ ᠶᠢᠨ ᠲᠥᠯᠥᠭᠡ᠂ ᠱᠢ ᠴᠧᠩ ᠨᠡᠶᠢᠭᠡᠮ ᠲᠣᠭᠤᠷᠢᠭ ᠤᠨ ᠬᠢᠨ ᠢᠳᠡᠪᠬᠢᠲᠡᠶ ᠪᠠᠷ ᠬᠠᠶᠢᠨ | ᠰᠦᠪᠡᠭᠴᠢᠯᠡᠵᠦ᠂ ᠳ᠋ᠠᠴᠢᠩ ᠤᠨ ᠡᠮᠦᠨ᠎ᠡ ᠵᠢᠵᠢᠭ ᠲᠣᠭᠤᠷᠢᠭ ᠢᠶᠠᠷ ᠲᠤᠷᠰᠢᠯᠲᠠ ᠬᠢᠵᠦ᠂ ᠤᠶᠤᠨᠲᠤ ᠨᠡᠶᠢᠭᠡᠮ | ᠲᠣᠭᠤᠷᠢᠭ ᠤᠨ ᠡᠭᠦᠳᠡᠨ ᠬᠤᠷᠢᠭ᠎ᠠ ᠰᠢᠰᠲ᠋ᠧᠮ ᠢ ᠣᠷᠣᠭᠤᠯᠪᠠ᠃ | ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠳᠤᠮᠳᠠ ᠨᠠᠰᠣᠳᠠᠢ ᠬᠥᠮᠦᠰ ᠣᠯᠠᠨ ᠪᠠᠶᠢᠬᠤ ᠶᠢ | ᠪᠣᠳᠣᠯᠬᠢᠯᠠᠵᠤ᠂ ᠨᠡᠶᠢᠭᠡᠮ ᠲᠣᠭᠤᠷᠢᠭ ᠤᠨ ᠠᠵᠢᠯᠲᠠᠳ ᠪᠣᠯᠤᠨ ᠰᠠᠶᠢᠨ ᠲᠤᠷᠠᠴᠣᠳ ᠡᠷᠦᠬᠡ ᠳᠤ ᠬᠦᠷᠴᠦ | ᠲᠠᠩᠰᠠᠯᠠᠭᠤᠯᠬᠤ ᠶᠠᠪᠤᠴᠠ ᠶᠢᠨ ᠺᠠᠷᠲ ᠲᠠᠷᠬᠠᠭᠠᠵᠤ᠂ ᠤᠶᠤᠨᠲᠤ ᠭᠠᠷ ᠤᠲᠠᠰᠤ ᠦᠭᠡᠶ ᠰᠠᠭᠤᠭᠠᠯᠢ ᠠᠷᠠᠳ ᠢ | ᠬᠠᠪᠰᠤᠷᠤᠨ ᠲᠠᠩᠰᠠᠯᠠᠭᠤᠯᠵᠤ᠂ ᠰᠠᠭᠤᠭᠠᠯᠢ ᠠᠷᠠᠳ ᠤᠨ ᠭᠠᠳᠠᠭᠰᠢ ᠭᠠᠷᠬᠤ ᠶᠢ ᠠᠯᠢ ᠴᠢᠳᠠᠬᠤ ᠪᠠᠷ ᠨᠥᠯᠥᠭᠡᠯᠡᠬᠦ | ᠦᠭᠡᠢ ᠪᠠᠷ ᠴᠢᠷᠮᠠᠶᠢᠪᠠ᠃ | ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠬᠤᠸᠠᠩ ᠱᠣ᠋ ᠶᠠ᠄ ︽ᠰᠠᠭᠤᠭᠠᠯᠢ ᠠᠷᠠᠳ ᠤᠨ | ᠲᠣᠭᠤᠷᠢᠭ ᠲᠤ ᠡᠭᠦᠳᠡᠨ ᠬᠤᠷᠢᠭ᠎ᠠ ᠰᠢᠰᠲ᠋ᠧᠮ ᠣᠭᠰᠠᠷᠠᠭᠰᠠᠨ ᠠᠴᠠ ᠲᠤᠶᠢᠯ ᠤᠨ ᠠᠮᠤᠷ ᠲᠦᠪᠰᠢᠨ ᠪᠤᠯᠵᠠᠢ︾ | ᠬᠡᠵᠡᠢ᠃ | ︽ᠡᠭᠦᠳᠡᠨ ᠬᠤᠷᠢᠭ᠎ᠠ ᠰᠢᠰᠲ᠋ᠧᠮ ᠨᠢ ᠵᠢᠵᠢᠭ ᠲᠣᠭᠤᠷᠢᠭ ᠤᠨ ᠬᠠᠮᠢᠶᠠᠷᠤᠯᠲᠠ ᠪᠠ ᠦᠢᠯᠡᠴᠢᠯᠡᠭᠡᠨ ᠤ | ᠨᠠᠷᠢᠯᠢᠭᠵᠢᠭᠤᠯᠤᠯᠳᠠ ᠶᠢᠨ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠵᠦ᠂ ᠡᠭᠦᠨ ᠤ ᠬᠠᠮᠲᠤ᠂ ᠠᠮᠤᠷ | ᠲᠦᠪᠰᠢᠨ ᠤ ᠰᠡᠷᠭᠡᠶᠢᠯᠡᠯᠲᠡ ᠶᠢᠨ ᠰᠢᠰᠲ᠋ᠧᠮ ᠢ ᠪᠠᠰᠠ ᠴᠢᠩᠭᠠᠳᠬᠠᠵᠤ ᠪᠣᠯᠤᠨ᠎ᠠ᠂ ᠵᠠᠯᠭᠠᠭᠠᠳ ᠪᠢᠳᠡ ᠳ᠋ᠠᠴᠢᠩ ᠤᠨ | ᠡᠮᠦᠨ᠎ᠡ ᠲᠣᠭᠤᠷᠢᠭ ᠤᠨ ᠵᠡᠭᠦᠨ ᠡᠭᠦᠳᠡ᠂ ᠪᠠᠷᠠᠭᠤᠨ ᠡᠬᠦᠳᠡ ᠠᠴᠠ ᠪᠤᠰᠤᠳ ᠡᠭᠦᠳᠡ ᠶᠢ ᠵᠠᠯᠭᠠᠭ᠎ᠠ ᠪᠠᠷ | ᠪᠢᠲᠡᠭᠦᠮᠵᠢᠯᠡᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠨᠠᠩ ᠠᠮᠤᠷ ᠲᠦᠪᠰᠢᠨ᠂ ᠨᠡᠩ | ᠲᠠᠭᠠᠯᠠᠮᠵᠢᠲᠠᠶ ᠪᠣᠯᠭᠠᠨ᠎ᠠ︾ ᠬᠡᠵᠦ᠂ ᠬᠠᠶ ᠪᠧᠶ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠱᠢ ᠴᠧᠩ | ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠭᠡᠰᠢᠭᠦᠨ ᠵᠢᠶᠣᠣ ᠭᠤᠸᠠᠩ ᠰᠢᠶᠠᠨ ᠢᠯᠡᠷᠭᠡᠶᠢᠯᠡᠵᠡᠢ᠃ |