ᠶᠠᠳᠠᠭᠤ ᠬᠦᠴᠢᠷᠳᠡᠯᠲᠡᠶ ᠭᠡᠷ ᠪᠦᠯᠢ ᠶᠢᠨ ᠡᠷᠡᠭᠦᠯ ᠮᠡᠨᠳᠦ ᠶᠢ ᠠᠬᠢᠭᠤᠯᠬᠤ ᠪᠠ ᠰᠤᠷᠭᠠᠨ ᠬᠥᠮᠦᠵᠢᠯ ᠤᠨ | ᠠᠵᠢᠯ ᠢ ᠭᠦᠢᠴᠡᠳ ᠨᠠᠶᠢᠳᠠᠪᠤᠷᠢᠵᠢᠭᠤᠯᠬᠤ ᠶᠢᠨ ᠲᠥᠯᠥᠭᠡ᠂ ᠣᠶᠢᠷ᠎ᠠ ᠳᠤ᠂ ᠬᠤᠲᠠ ᠶᠢᠨ ᠡᠷᠡᠭᠦᠯ ᠮᠡᠨᠳᠦ ᠶᠢᠨ | ᠬᠥᠮᠦᠵᠢᠯ ᠤᠨ ᠭᠠᠵᠠᠷ ᠢᠳᠡᠪᠬᠢᠲᠡᠢ ᠪᠠᠶᠢᠷᠢᠯᠠᠭᠤᠯᠤᠯᠲᠠ ᠬᠢᠵᠦ᠂ ᠭᠤᠷᠪᠠᠨ ᠲᠣᠭᠤᠷᠢᠭ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠲᠠᠢ ᠬᠤᠯᠪᠣᠭᠠᠯᠠᠵᠤ᠂ 54 ᠶᠠᠳᠠᠭᠤ ᠬᠦᠴᠢᠷᠳᠡᠯᠲᠡᠢ ᠭᠡᠷ ᠪᠦᠯᠢ ᠶᠢᠨ ᠡᠷᠡᠭᠦᠯ | ᠮᠡᠨᠳᠦ ᠶᠢ ᠠᠬᠢᠭᠤᠯᠬᠤ ᠪᠠ ᠰᠤᠷᠭᠠᠨ ᠬᠥᠮᠦᠵᠢᠭᠦᠯᠬᠦ ᠠᠵᠢᠯ ᠢ ᠬᠢᠨᠠᠨ ᠵᠢᠯᠣᠭᠤᠳᠪᠠ᠃ | ᠪᠦᠬᠦᠯᠢ ᠴᠣᠭᠴᠠ ᠶᠢᠨ ᠪᠠᠶᠢᠳᠠᠯ ᠠᠴᠠ ᠦᠵᠡᠪᠡᠯ᠂ ᠭᠤᠷᠪᠠᠨ ᠲᠤᠭᠤᠷᠢᠭ ᠤᠨ ᠡᠷᠡᠭᠦᠯ ᠮᠡᠨᠳᠦ ᠪᠠᠷ | ᠶᠠᠳᠠᠭᠤ ᠶᠢ ᠲᠡᠳᠬᠦᠬᠦ ᠠᠵᠢᠯ ᠲᠣᠭᠲᠠᠭᠤᠨ ᠢᠶᠠᠷ ᠠᠬᠢᠵᠤ᠂ ᠡᠯ᠎ᠡ ᠱᠠᠲᠤᠨ ᠤ ᠡᠷᠡᠭᠦᠯ ᠮᠡᠨᠳᠦ ᠶᠢᠨ ᠬᠥᠮᠦᠵᠢᠯ ᠵᠢᠴᠢ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠤᠳᠠᠲᠤ ᠪᠠᠶᠢᠳᠠᠯ ᠢᠶᠠᠨ ᠦᠨᠳᠦᠰᠦᠯᠡᠨ᠂ ᠭᠡᠷ ᠪᠦᠯᠢ | ᠨᠢᠭᠡᠪᠦᠷᠢ ᠶᠢᠨ ᠠᠳᠠᠯᠢ ᠪᠤᠰᠤ ᠱᠠᠭᠠᠷᠳᠠᠯᠭ᠎ᠠ ᠵᠢᠴᠢ ᠡᠪᠡᠳᠴᠢᠲᠡᠨ ᠤ ᠡᠪᠡᠳᠴᠢᠨ ᠤ ᠣᠨᠴᠠᠯᠢᠭ ᠢ ᠦᠨᠳᠦᠰᠦᠯᠡᠵᠦ᠂ | ᠬᠠᠨᠳᠤᠯᠭᠠᠲᠤ ᠴᠢᠨᠠᠷ ᠲᠠᠢ ᠪᠠᠷ ︽ᠨᠢᠭᠡ ᠳᠤ ᠨᠢᠭᠡ︾ ︽ᠨᠢᠭᠤᠷᠳᠠᠬᠤ︾ ᠡᠷᠡᠭᠦᠯ ᠮᠡᠨᠳᠦ ᠶᠢᠨ ᠮᠡᠳᠡᠯᠭᠡ ᠶᠢ | ᠤᠬᠠᠭᠤᠯᠤᠨ ᠲᠦᠭᠡᠮᠡᠯᠵᠢᠭᠦᠯᠬᠦ ᠠᠵᠢᠯ ᠢ ᠥᠷᠨᠢᠭᠦᠯᠵᠦ᠂ ᠨᠢᠭᠡ ᠬᠡᠷ ᠪᠦᠯᠢ ᠳᠤ ᠨᠢᠭᠡ ᠬᠤᠪᠢ ᠬᠡᠷᠡᠭᠯᠡᠭᠡᠨ ᠤ ᠪᠠᠭᠠᠵᠢ | ᠂ ᠨᠢᠭᠡ ᠬᠡᠷ ᠪᠦᠯᠢ ᠳᠤ ᠨᠢᠭᠡ ᠬᠤᠪᠢ ︽ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠵᠤ ᠦᠢᠯᠡᠴᠢᠯᠡᠬᠦ ᠬᠡᠯᠡᠯᠴᠡᠭᠡᠷ︾ | ᠂ ᠨᠢᠭᠡ ᠬᠥᠮᠦᠨ ᠳᠤ ᠨᠢᠭᠡ ᠬᠤᠪᠢ ︽ᠡᠷᠡᠭᠦᠯ ᠮᠡᠨᠳᠦ ᠶᠢᠨ ᠬᠥᠮᠦᠵᠢᠯ ᠤᠨ ᠵᠣᠷ︾ ᠢ ᠦᠨᠳᠦᠰᠦᠨ ᠳᠡᠭᠡᠨ | ᠪᠡᠶᠡᠯᠡᠭᠦᠯᠵᠦ᠂ ᠶᠠᠳᠠᠭᠤ ᠬᠦᠴᠢᠷᠳᠡᠯᠲᠡᠶ ᠭᠡᠷ ᠪᠦᠯᠢ ᠶᠢᠨ ᠡᠷᠡᠭᠦᠯ ᠮᠡᠨᠳᠦ ᠶᠢᠨ ᠦᠵᠡᠯ ᠤᠬᠠᠮᠰᠠᠷ ᠪᠣᠯᠤᠨ ᠡᠷᠡᠭᠦᠯ | ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠪᠠ᠃ | ᠡᠨᠡ ᠣᠳᠠᠭᠠᠨ ᠤ ᠬᠢᠨᠠᠨ ᠵᠢᠯᠤᠭᠤᠲᠤᠯᠭ᠎ᠠ ᠨᠢ ᠶᠠᠳᠠᠭᠤ ᠬᠦᠴᠢᠷᠳᠡᠯᠲᠡᠶ ᠬᠡᠷ ᠪᠦᠯᠢ ᠳᠤ ︽ᠡᠷᠡᠭᠦᠯ | ᠮᠡᠨᠳᠦ ᠶᠢᠨ ᠬᠡᠪ ᠪᠣᠯᠪᠠᠰᠤᠷᠠᠯ ᠤᠨ 66 ᠵᠤᠷᠪᠤᠰ︾ ︽ᠤᠳᠠᠭᠠᠨ ᠴᠢᠨᠠᠷᠲᠠᠶ ᠡᠪᠡᠳᠴᠢᠨ ᠤ ᠰᠡᠷᠭᠡᠶᠢᠯᠡᠨ ᠵᠠᠰᠠᠯᠳᠠ︾ | ︽ᠲᠠᠨ ᠢ ᠬᠠᠪᠰᠤᠷᠤᠨ ᠲᠠᠮᠠᠬᠢ ᠲᠠᠲᠠᠬᠤ ᠶᠢ ᠴᠢᠨᠢ ᠵᠤᠭᠰᠣᠭᠠᠶᠠ︾ ︽ᠰᠢᠨ᠎ᠡ ᠲᠢᠳᠢᠮᠯᠢᠭ ᠠᠭᠤᠰᠬᠢᠨ ᠦᠷᠪᠢᠰᠦᠯ | ᠤᠨ ᠰᠡᠷᠭᠡᠶᠢᠯᠡᠯᠳᠡ︾ ᠵᠡᠷᠭᠡ ᠡᠯ᠎ᠡ ᠲᠥᠷᠥᠯ ᠤᠨ ᠡᠷᠡᠭᠦᠯ ᠮᠡᠨᠳᠦ ᠶᠢᠨ ᠬᠥᠮᠦᠵᠢᠯ ᠤᠨ ᠤᠬᠠᠭᠤᠯᠭ᠎ᠠ ᠶᠢᠨ ᠭᠠᠷ | ᠳᠡᠪᠲᠡᠷ᠂ 15 ᠵᠦᠢᠯ ᠤᠨ 4500 ᠭᠠᠷᠤᠶ ᠬᠤᠪᠢ ᠨᠤᠭᠤᠯᠤᠭ᠎ᠠ ᠬᠠᠭᠤᠳᠠᠰᠤ ᠲᠠᠷᠬᠠᠭᠠᠵᠤ᠂ ᠮᠠᠯᠠᠭᠠᠢ᠂ ᠭᠠᠷ | ᠤᠭᠤᠲᠠ᠂ ᠡᠮ ᠤᠨ ᠬᠠᠶᠢᠷᠴᠠᠭ᠂ ᠰᠣᠷᠭᠤᠭ ᠪᠠᠶᠢᠯᠭᠠᠬᠤ ᠤᠭᠤᠲᠠ᠂ ᠨᠢᠭᠡ ᠯᠡ ᠣᠳᠠᠭᠠᠨ ᠤ ᠴᠢᠨᠠᠷᠲᠠᠶ ᠴᠠᠭᠠᠰᠤᠨ | ᠴᠣᠮᠣ ᠵᠡᠷᠭᠡ ᠡᠷᠡᠭᠦᠯ ᠮᠡᠨᠳᠦ ᠶᠢᠨ ᠤᠬᠠᠭᠤᠯᠭ᠎ᠠ ᠶᠢᠨ ᠡᠳ᠋ ᠢ 3000 ᠭᠠᠷᠣᠢ ᠬᠤᠪᠢ ᠲᠠᠷᠬᠠᠭᠠᠪᠠ᠃ |