ᠮᠠᠨ ᠤ ᠬᠤᠲᠠ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠲᠦᠯᠬᠢᠨ ᠠᠭᠢᠭᠤᠯᠪᠠ
ᠨᠡᠶᠢᠲᠡᠯᠡᠭᠰᠡᠨ ᠴᠠᠭ᠄
2020-05-21
     ᠣᠶᠢᠷ᠎ᠠ ᠶᠢᠨ ᠵᠢᠯ ᠠᠴᠠ ᠨᠠᠰᠢ᠂ ᠮᠠᠨ ᠤ ᠬᠤᠲᠠ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠰᠢᠬᠦᠯᠬᠦ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠢᠶᠠᠨ ᠬᠦᠴᠦᠯᠡᠬᠦ︾ ᠰᠢᠨ᠎ᠡ ᠴᠠᠭ ᠦᠶ᠎ᠡ ᠶᠢᠨ ᠤᠰᠤ ᠶᠢ ᠵᠠᠰᠠᠬᠤ ᠴᠢᠭᠯᠡᠯᠲᠡ ᠨᠢ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠬᠦ ᠪᠠᠷ ᠲᠦᠰᠢᠭ ᠪᠤᠯᠭᠠᠵᠤ᠂ ᠪᠦᠬᠦ ᠨᠡᠶᠢᠭᠡᠮ ᠢᠶᠠᠷ ᠢᠶᠠᠨ ᠤᠰᠤ ᠶᠢ ᠠᠷᠪᠢᠯᠠᠵᠤ ᠬᠡᠷᠡᠭᠯᠡᠬᠦ ᠶᠢ ᠶᠡᠬᠡᠪᠡᠷ ᠳᠡᠯᠭᠡᠷᠡᠭᠦᠯᠵᠦ᠂ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠪᠠ᠃      ᠤᠰᠤ ᠠᠷᠪᠢᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠲᠠᠯ᠎ᠠ ᠪᠠᠷ᠂ ᠮᠠᠨ ᠤ ᠬᠤᠲᠠ ᠤᠰᠤ ᠲᠠᠲᠠᠬᠤ ᠶᠢ ᠵᠥᠪᠰᠢᠶᠡᠷᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠪᠠ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠰᠢᠨ᠎ᠡ ᠪᠠᠷ ᠤᠰᠤ ᠲᠠᠲᠠᠬᠤ ᠶᠢ ᠬᠢᠵᠠᠭᠠᠷᠯᠠᠪᠠ︔ ᠤᠰᠤ ᠠᠪᠬᠤ ᠵᠥᠪᠰᠢᠶᠡᠷᠡᠯ ᠤᠨ ᠬᠠᠮᠢᠶᠠᠷᠤᠯᠲᠠ ᠳᠤ ᠣᠷᠣᠭᠤᠯᠤᠭᠰᠠᠨ ᠨᠢᠭᠡᠴᠡ ᠳᠤ ᠤᠰᠤ ᠬᠡᠷᠡᠭᠯᠡᠬᠦ ᠲᠥᠯᠥᠪᠯᠡᠭᠡ ᠲᠠᠢ ᠬᠠᠮᠢᠶᠠᠷᠤᠯᠲᠠ ᠶᠢ ᠬᠡᠷᠡᠭᠵᠢᠭᠦᠯᠵᠦ᠂ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠬᠠᠮᠲᠤ᠂ ᠤᠰᠤ ᠬᠡᠷᠡᠭᠯᠡᠬᠦ ᠡᠷᠦᠬᠡ ᠶᠢᠨ ᠤᠰᠤ ᠲᠠᠲᠠᠵᠤ ᠬᠡᠷᠡᠭᠯᠡᠬᠦ ᠲᠥᠯᠥᠪᠯᠡᠭᠡ ᠶᠢ ᠴᠢᠩᠭ᠎ᠠ ᠬᠢᠨᠠᠨ ᠲᠣᠭᠲᠠᠭᠠᠵᠤ᠂ ᠱᠠᠲᠤ ᠦᠶ᠎ᠡ ᠶᠢᠨ ᠴᠢᠨᠠᠷᠲᠠᠶ ᠰᠢᠯᠭᠠᠨ ᠬᠢᠨᠠᠬᠤ ᠶᠢ ᠦᠷᠭᠦᠯᠵᠢᠯᠡᠨ ᠥᠷᠨᠢᠭᠦᠯᠪᠠ︔ ᠡᠩ ᠤᠨ ᠪᠤᠰᠤ ᠤᠰᠤᠨ ᠤ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠨ ᠪᠦᠲᠦᠭᠡᠨ ᠪᠠᠶᠢᠭᠤᠯᠬᠤ᠂ ᠨᠡᠬᠦᠷᠡᠰᠦᠨ ᠠᠭᠤᠷᠬᠠᠢ ᠠᠴᠠ ᠭᠠᠷᠣᠭᠰᠠᠨ ᠤᠰᠤ ᠶᠢ ᠠᠰᠢᠭᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠣᠯᠤᠨ ᠤᠰᠤ ᠬᠡᠷᠡᠭᠯᠡᠬᠦ ᠠᠵᠤ ᠠᠬᠤᠶᠢᠯᠠᠯ ᠤᠨ ᠭᠦᠨᠵᠡᠭᠡᠶ ᠰᠢᠢᠳᠪᠦᠷᠢᠯᠡᠬᠦ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠳᠤᠮᠳᠠᠬᠢ ᠤᠰᠤ᠂ ᠨᠡᠬᠦᠷᠡᠰᠦᠨ ᠠᠭᠤᠷᠬᠠᠢ ᠠᠴᠠ ᠭᠠᠷᠣᠭᠰᠠᠨ ᠤᠰᠤ ᠶᠢ ᠠᠰᠢᠭᠯᠠᠬᠤ ᠬᠠᠷᠢᠴᠠᠯ ᠢ ᠨᠡᠮᠡᠭᠳᠡᠭᠦᠯᠪᠠ᠃ 2019 ᠣᠨ ᠳᠤ ᠪᠥᠬᠦ ᠬᠤᠲᠠ ᠶᠢᠨ ᠳᠤᠮᠳᠠᠬᠢ ᠤᠰᠤ᠂ ᠨᠡᠬᠦᠷᠡᠰᠦᠨ ᠠᠭᠤᠷᠬᠠᠢ ᠠᠴᠠ ᠭᠠᠷᠣᠭᠰᠠᠨ ᠤᠰᠤ ᠵᠡᠷᠭᠡ ᠬᠡᠪ ᠤᠨ ᠪᠤᠰᠤ ᠤᠰᠤᠨ ᠰᠣᠷᠪᠣᠯᠵᠢ ᠶᠢ ᠬᠡᠷᠡᠭᠯᠡᠬᠦ ᠬᠡᠮᠵᠢᠶ᠎ᠡ 2015 ᠣᠨ ᠤ ᠬᠢ ᠠᠴᠠ 696 ᠲᠦᠮᠡᠨ ᠪᠣᠰᠤᠭ᠎ᠠ ᠳᠥᠷᠪᠡᠯᠵᠢᠨ ᠮᠧᠲᠷ ᠨᠡᠮᠡᠭᠳᠡᠵᠦ᠂ ᠳᠠᠪᠬᠤᠷᠳᠠᠭᠤᠯᠤᠨ ᠬᠡᠷᠡᠭᠯᠡᠭᠰᠡᠨ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠪᠠ᠃      ᠤᠰᠤ ᠠᠷᠪᠢᠯᠠᠬᠤ ᠣᠶᠢᠯᠠᠭᠠᠭᠳᠠᠬᠤᠨ ᠢ ᠰᠠᠨᠠᠭᠠᠴᠢᠯᠠᠬᠤ ᠲᠠᠯ᠎ᠠ ᠪᠠᠷ᠂ ᠮᠠᠨ ᠤ ᠬᠤᠲᠠ ︽ᠳᠡᠯᠡᠬᠡᠶ ᠶᠢᠨ ᠤᠰᠤᠨ ᠡᠳᠦᠷ︾ ︽ᠳᠤᠮᠳᠠᠳᠤ ᠤᠯᠤᠰ ᠤᠨ ᠤᠰᠤᠨ ᠭᠠᠷᠠᠭ︾ ᠵᠡᠷᠭᠡ ᠤᠬᠠᠭᠤᠯᠭ᠎ᠠ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠣᠯᠠᠨ ᠵᠦᠢᠯ ᠤᠨ ᠬᠡᠯᠪᠡᠷᠢ ᠪᠠᠷ ᠤᠰᠤᠨ ᠤ ᠪᠠᠶᠢᠳᠠᠯ ᠤᠨ ᠤᠬᠠᠭᠤᠯᠭ᠎ᠠ ᠬᠥᠮᠦᠵᠢᠯ ᠬᠢᠵᠡᠶ᠃ ᠪᠦᠬᠦ ᠨᠡᠶᠢᠭᠡᠮ ᠤᠨ ᠤᠰᠤ ᠠᠷᠪᠢᠯᠠᠬᠤ ᠤᠬᠠᠮᠰᠠᠷ ᠢ ᠪᠤᠶᠢᠵᠢᠭᠤᠯᠵᠤ᠂ ᠥᠷᠭᠡᠨ ᠣᠯᠠᠨ ᠬᠤᠲᠠ ᠶᠢᠨ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠤᠰᠤ ᠶᠢ ᠠᠷᠪᠢᠯᠠᠬᠤ᠂ ᠤᠰᠤ ᠶᠢ ᠬᠠᠮᠠᠭᠠᠯᠠᠬᠤ᠂ ᠣᠰᠣ ᠶᠢ ᠬᠠᠶᠢᠷᠠᠯᠠᠬᠤ᠂ ᠤᠰᠤ ᠶᠢ ᠳᠣᠲᠣᠨᠣᠴᠢᠯᠠᠬᠤ ᠪᠠᠷ ᠭᠤᠤᠯ ᠪᠣᠯᠭᠠᠭᠰᠠᠨ ᠤᠰᠤᠨ ᠤ ᠠᠮᠢ ᠠᠬᠤᠢ ᠶᠢᠨ ᠥᠷᠲᠡᠭ ᠤᠨ ᠦᠵᠡᠯᠲᠡ ᠶᠢ ᠪᠤᠢ ᠪᠣᠯᠭᠠᠵᠤ᠂ ᠪᠦᠬᠦ ᠬᠤᠲᠠ ᠶᠢᠨ ᠡᠯ᠎ᠡ ᠠᠵᠢᠯ ᠲᠥᠷᠥᠯ᠂ ᠡᠯ᠎ᠡ ᠬᠦᠷᠢᠶ᠎ᠡ ᠴᠠᠷᠠᠭ᠎ᠠ ᠶᠢᠨ ᠰᠠᠶᠢᠨ ᠰᠠᠶᠢᠬᠠᠨ ᠤᠰᠤ ᠠᠷᠪᠢᠯᠠᠬᠤ ᠠᠭᠤᠷ ᠠᠮᠢᠰᠬᠤᠯ ᠢ ᠪᠤᠢ ᠪᠣᠯᠭᠠᠬᠤ ᠶᠢ ᠠᠬᠢᠭᠤᠯᠪᠠ᠃      ᠣᠳᠣᠬᠠᠨ ᠳᠤ᠂ ᠮᠠᠨ ᠤ ᠬᠤᠲᠠ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠪᠠ ᠦᠷ᠎ᠡ ᠠᠰᠢᠭ ᠤᠨ ᠬᠤᠣᠰ ᠡᠵᠡᠮᠰᠢᠯ ᠢ ᠪᠡᠶᠡᠯᠡᠬᠦᠯᠪᠡ᠃ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠲᠠᠯ᠎ᠠ ᠪᠠᠷ᠂ ᠪᠥᠬᠦ ᠬᠤᠲᠠ ᠶᠢᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ 2015 ᠣᠨ ᠳᠤ 2.425 ᠳ᠋ᠦᠩᠰᠢᠭᠤᠷ ᠪᠣᠰᠤᠭ᠎ᠠ ᠲᠦᠷᠪᠡᠯᠵᠢᠨ ᠮᠧᠲᠷ ︵ᠳᠤᠮᠳᠠᠬᠢ ᠤᠰᠤ ᠪᠠᠭᠲᠠᠬᠤ ᠥᠬᠡᠶ︶ ᠢᠶᠠᠷ ᠬᠢᠵᠠᠭᠠᠷᠯᠠᠵᠤ ᠪᠠᠶᠢᠭᠰᠠᠨ ᠠᠴᠠ 2019 ᠣᠨ ᠳᠤ 2.4 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ︵ᠳᠤᠮᠳᠠᠬᠢ ᠤᠰᠤ ᠪᠠᠭᠲᠠᠬᠤ ᠥᠬᠡᠶ︶ ᠢᠶᠠᠷ ᠬᠢᠵᠠᠭᠠᠷᠯᠠᠪᠠ︔ ᠤᠰᠤ ᠬᠡᠷᠡᠭᠯᠡᠬᠦ ᠦᠷ᠎ᠡ ᠪᠦᠲᠦᠮᠵᠢ ᠶᠢ ᠡᠵᠡᠮᠳᠡᠬᠦ ᠲᠠᠯ᠎ᠠ ᠪᠠᠷ᠂ 2019 ᠣᠨ ᠳᠤ᠂ ᠲᠦᠮᠡᠨ ᠲᠥᠭᠦᠷᠢᠭ ᠤᠨ GDP ᠶᠢᠨ ᠤᠰᠤ ᠬᠡᠷᠡᠭᠯᠡᠬᠦ ᠬᠡᠮᠵᠢᠶ᠎ᠡ 2015 ᠣᠨ ᠤ ᠬᠢ ᠠᠴᠠ 24.85% ᠪᠠᠷ ᠪᠠᠭᠤᠷᠠᠵᠤ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ 2015 ᠣᠨ ᠤ ᠬᠢ ᠠᠴᠠ 45.64% ᠪᠠᠷ ᠪᠠᠭᠤᠷᠠᠵᠤ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠠᠩᠬ᠎ᠠ ᠠᠯᠬᠤᠮ ᠤᠨ ᠦᠷ᠎ᠡ ᠪᠦᠲᠦᠮᠵᠢ ᠤᠯᠪᠠ᠃      ᠡᠭᠦᠨ ᠤ ᠬᠠᠮᠲᠤ᠂ ᠡᠯ᠎ᠡ ᠠᠵᠢᠯ ᠲᠥᠷᠥᠯ ᠤᠨ ᠤᠰᠤ ᠠᠷᠪᠢᠯᠠᠬᠤ ᠠᠵᠢᠯ ᠤᠨ ᠶᠡᠷᠦᠩᠬᠡᠶᠢᠯᠡᠭᠰᠡᠨ ᠦᠨᠡᠯᠡᠯᠲᠡ ᠪᠠᠷ ᠳᠠᠮᠵᠢᠨ᠂ ᠭᠤᠷᠪᠠᠨ ᠲᠣᠭᠤᠷᠢᠭ ᠤᠨ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠪᠦᠬᠦᠳᠡᠭᠡᠷ ᠢᠶᠠᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠰᠢᠯᠭᠠᠯᠲᠠ ᠶᠢ ᠥᠩᠭᠡᠷᠡᠭᠦᠯᠵᠤ᠂ ᠤᠳᠠ ᠲᠣᠭᠤᠷᠢᠭ ᠤᠰᠤᠨ ᠠᠰᠢᠭᠯᠠᠯᠲᠠ ᠶᠢᠨ ᠶᠠᠮᠤᠨ ᠤ ᠨᠢᠭᠡᠳᠦᠭᠡᠷ ᠪᠦᠯᠦᠭ ᠤᠨ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠦᠭᠦᠯᠬᠦ ᠪᠦᠲᠦᠭᠡᠨ ᠪᠠᠶᠢᠭᠤᠯᠤᠯᠲᠠ ᠶᠢᠨ ᠰᠢᠶᠠᠨ ︵ᠲᠣᠭᠤᠷᠢᠭ︶ ᠤ ᠨᠡᠷᠡᠰ ᠲᠤ ᠰᠣᠩᠭᠤᠭᠳᠠᠪᠠ᠃      ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠤᠰᠤ ᠠᠷᠪᠢᠯᠠᠬᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠢᠰᠲ᠋ᠧᠮ ᠪᠠ ᠬᠠᠮᠢᠶᠠᠷᠤᠯᠲᠠ ᠶᠢᠨ ᠰᠢᠰᠲ᠋ᠧᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠮᠡᠷᠭᠡᠵᠢᠯ ᠤᠨ ᠲᠤᠯᠭᠠᠭᠤᠷᠢᠯᠠᠬᠤ ᠰᠢᠰᠲ᠋ᠧᠮ ᠢ ᠪᠠᠶᠢᠭᠤᠯᠵᠤ᠂ ᠤᠰᠤ ᠶᠢ ᠠᠷᠪᠢᠯᠠᠬᠤ ᠤᠰᠤ ᠶᠢ ᠬᠠᠮᠠᠭᠠᠯᠠᠬᠤ ᠤᠰᠤ ᠶᠢ ᠨᠠᠨᠳᠢᠩᠨᠠᠬᠤ ᠶᠢ ᠪᠦᠬᠦ ᠨᠡᠶᠢᠭᠡᠮ ᠤᠨ ᠤᠬᠠᠮᠰᠠᠷᠲᠤ ᠠᠵᠢᠯᠯᠠᠭ᠎ᠠ ᠪᠤᠯᠭᠠᠵᠤ᠂ ᠤᠰᠤᠨ ᠤ ᠡᠬᠢ ᠪᠠᠶᠠᠯᠢᠭ ᠢ ᠠᠰᠢᠭᠯᠠᠬᠤ ᠬᠢᠭᠡᠳ ᠬᠥᠭᠵᠢᠭᠦᠯᠬᠦ ᠬᠡᠪᠴᠢᠶ᠎ᠡ᠂ ᠠᠵᠤ ᠦᠢᠯᠡᠰ ᠤᠨ ᠪᠦᠲᠦᠴᠡ ᠪᠣᠯᠤᠨ ᠣᠷᠣᠨ ᠵᠠᠶ ᠶᠢᠨ ᠪᠠᠶᠢᠷᠢᠯᠠᠭᠤᠯᠤᠯᠲᠠ ᠶᠢ ᠵᠣᠬᠢᠴᠠᠩᠭᠤᠶ ᠪᠠᠷ ᠬᠥᠭᠵᠢᠭᠦᠯᠬᠦ ᠣᠳᠣᠬᠢᠴᠢᠯᠠᠭᠰᠠᠨ ᠰᠢᠨ᠎ᠡ ᠪᠠᠶᠢᠷᠢᠰᠢᠯ ᠢ ᠪᠣᠶ ᠪᠤᠯᠭᠠᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map