ᠣᠶᠢᠷ᠎ᠠ ᠶᠢᠨ ᠵᠢᠯ ᠳᠤ᠂ ᠮᠠᠨ ᠤ ᠬᠤᠲᠠ ᠬᠤᠲᠠ ᠶᠢᠨ ᠦᠢᠯᠡᠴᠢᠯᠡᠭᠡᠨ ᠤ ᠴᠢᠳᠠᠪᠬᠢ ᠶᠢ ᠲᠠᠰᠤᠷᠠᠯᠲᠠ ᠦᠭᠡᠢ | ᠲᠡᠭᠦᠯᠳᠡᠷᠵᠢᠬᠦᠯᠵᠦ᠂ ᠬᠤᠲᠠ ᠶᠢᠨ ᠶᠡᠷᠦᠩᠬᠡᠢ ᠳᠠᠭᠠᠭᠠᠴᠠ ᠶᠢᠨ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠪᠡ᠃ 2019 ᠣᠨ ᠳᠤ᠂ ᠬᠤᠲᠠ ᠶᠢᠨ ᠣᠷᠣᠨ ᠰᠠᠭᠤᠴᠠ ᠪᠠ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ 14.8 ᠺᠢᠯᠣᠮᠧᠲᠷ ᠵᠠᠮ᠂ 408.95 ᠺᠢᠯᠣᠮᠧᠲᠷ ᠡᠯ᠎ᠡ ᠲᠥᠷᠥᠯ ᠤᠨ ᠬᠤᠭᠤᠯᠠᠢ | ᠲᠣᠤᠷ ᠢ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠨ ᠪᠠᠶᠢᠭᠤᠯᠵᠤ᠂ ᠢᠯᠴᠢ ᠬᠠᠩᠭᠠᠬᠤ ᠲᠠᠯᠠᠪᠠᠶ ᠠᠳᠠᠯᠢ | ᠬᠤᠭᠤᠴᠠᠭᠠᠨ ᠤ ᠬᠢ ᠠᠴᠠ 73 ᠲᠦᠮᠡᠨ ᠲᠡᠭᠰᠢ ᠳᠥᠷᠪᠡᠯᠵᠢᠨ ᠮᠧᠲᠷ ᠨᠡᠮᠡᠭᠳᠡᠪᠡ︔ ᠠᠮᠢᠳᠤᠷᠠᠯ ᠤᠨ ᠬᠤᠭ | ᠨᠣᠪᠰᠢ ᠶᠢ ᠲᠥᠷᠥᠯ ᠬᠤᠪᠢᠶᠠᠬᠤ ᠶᠢ ᠪᠦᠬᠦ ᠲᠠᠯ᠎ᠠ ᠪᠠᠷ ᠡᠬᠢᠯᠡᠭᠦᠯᠵᠦ᠂ ᠰᠠᠢ ᠮᠠ ᠽᠧᠮᠧᠨ᠋ᠲ ᠶᠢᠨ ᠡᠮ ᠡᠮᠨᠡᠯᠭᠡ ᠶᠢᠨ | ᠬᠤᠭ ᠨᠣᠪᠰᠢ᠂ ᠬᠤᠳᠠ ᠶᠢᠨ ᠶᠠᠪᠤᠳᠠᠯ ᠤᠨ ᠪᠤᠵᠠᠷ ᠰᠢᠪᠠᠷ ᠢ ᠶᠢ ᠬᠠᠮᠵᠢᠯᠴᠠᠨ ᠰᠢᠢᠳᠪᠦᠷᠢᠯᠡᠬᠦ ᠲᠦᠷᠦᠯ ᠵᠦᠢᠯ ᠢ | ᠵᠢᠩᠬᠢᠨᠢ ᠪᠠᠷ ᠪᠠᠶᠢᠭᠤᠯᠵᠤ᠂ ᠪᠦᠬᠦ ᠵᠢᠯ ᠤᠨ ᠠᠮᠢᠳᠤᠷᠠᠯ ᠤᠨ ᠬᠤᠭ ᠨᠣᠪᠰᠢ ᠶᠢ ᠬᠤᠣᠷ ᠦᠭᠡᠶᠢᠵᠢᠬᠦᠯᠦᠨ 32.39 | ᠲᠦᠮᠡᠨ ᠲᠣᠨ᠂ ᠠᠮᠢᠳᠤᠷᠠᠯ ᠤᠨ ᠪᠣᠬᠢᠷ ᠤᠰᠤ ᠶᠢ 1714.83 ᠲᠦᠮᠡᠨ ᠲᠣᠨ ᠰᠢᠢᠳᠪᠦᠷᠢᠯᠡᠪᠡ᠃ 2019 | ᠣᠨ ᠤ ᠰᠡᠭᠦᠯᠴᠢ ᠪᠣᠯᠲᠠᠯ᠎ᠠ᠂ ᠪᠥᠬᠦ ᠬᠤᠲᠠ ᠶᠢᠨ ᠬᠤᠲᠠ ᠪᠠᠯᠭᠠᠰᠤᠨ ᠤ ᠤᠰᠤ ᠬᠡᠷᠡᠭᠯᠡᠬᠦ ᠲᠦᠭᠡᠮᠡᠯᠵᠢᠯ ᠤᠨ | ᠨᠣᠷᠮ᠎ᠠ᠂ ᠰᠢᠲᠠᠮᠠᠬᠠᠶ ᠬᠡᠶ ᠶᠢᠨ ᠲᠦᠭᠡᠮᠡᠯᠵᠢᠯ ᠤᠨ ᠨᠣᠷᠮ᠎ᠠ᠂ ᠪᠣᠬᠢᠷ ᠤᠰᠤ ᠰᠢᠢᠳᠪᠦᠷᠢᠯᠡᠬᠦ ᠨᠣᠷᠮ᠎ᠠ᠂ | ᠠᠮᠢᠲᠤᠷᠠᠯ ᠤᠨ ᠬᠤᠭ ᠨᠣᠪᠰᠢ ᠶᠢ ᠬᠤᠤᠷ ᠦᠭᠡᠶᠢᠵᠢᠬᠦᠯᠦᠨ ᠰᠢᠢᠳᠪᠦᠷᠢᠯᠡᠬᠦ ᠨᠣᠷᠮ᠎ᠠ ᠲᠣᠰ ᠲᠣᠰ 100%᠂ | 97%᠂ 98.3%᠂ 100% ᠳᠤ ᠬᠥᠷᠪᠡ᠃ ᠡᠭᠦᠨ ᠤ ᠬᠠᠮᠲᠤ᠂ ᠬᠠᠶᠢᠷᠤᠪ ᠤᠨ ᠲᠣᠬᠤᠶ ᠣᠷᠣᠨ ᠤ ᠬᠤᠶᠢᠲᠤ | ᠬᠡᠰᠡᠭ ᠤᠨ ᠴᠡᠪᠡᠷ ᠤᠰᠤᠨ ᠤ ᠦᠢᠯᠡᠳᠪᠦᠷᠢ ᠶᠢ ᠥᠭᠡᠷᠡᠴᠢᠯᠡᠬᠦ ᠵᠡᠷᠭᠡ 3 ᠲᠥᠷᠥᠯ ᠵᠦᠢᠯ ᠢ ᠡᠮᠬᠢ ᠵᠢᠷᠤᠮ ᠲᠠᠢ | ᠠᠬᠢᠭᠤᠯᠵᠤ᠂ ᠨᠢᠭᠡᠨᠲᠡ ᠬᠢᠷᠢ ᠬᠡᠮ ᠲᠠᠢ ᠲᠤᠬᠠᠶ ᠶᠢᠨ ᠭᠠᠵᠠᠷ ᠤᠨ ᠠᠵᠤ ᠠᠬᠤᠶᠢᠯᠠᠯ ᠳᠤ ᠨᠠᠶᠢᠳᠠᠵᠤ | ᠦᠢᠯᠡᠳᠪᠦᠷᠢ ᠠᠴᠠ ᠭᠠᠷᠭᠠᠬᠤ ᠤᠰᠤᠨ ᠤ ᠶᠠᠩᠵᠤ ᠶᠢ ᠰᠠᠷ᠎ᠠ ᠪᠦᠷᠢ ᠰᠤᠭᠤᠴᠢᠨ ᠪᠠᠶᠢᠴᠠᠭᠠᠯᠭᠠᠪᠠ᠃ ᠪᠦᠬᠦ | ᠬᠤᠲᠠ ᠶᠢᠨ ᠤᠰᠤ ᠬᠠᠩᠭᠠᠬᠤ ᠠᠮᠤᠷ ᠲᠦᠪᠰᠢᠨ ᠢ ᠬᠥᠳᠡᠯᠦᠩᠭᠦᠢ ᠬᠢᠨᠠᠨ ᠬᠡᠮᠵᠢᠬᠦ ᠶᠢ ᠪᠠᠲᠤᠯᠠᠪᠠ᠃ ᠮᠠᠨ ᠤ | ᠬᠤᠲᠠ ᠶᠢᠨ ᠰᠢᠲᠠᠮᠠᠬᠠᠢ ᠬᠡᠢ ᠶᠢᠨ ᠠᠵᠤ ᠠᠬᠤᠶᠢᠯᠠᠯ ᠡᠷᠭᠢᠨ ᠲᠣᠭᠤᠷᠢᠨ ᠤ ᠮᠣᠵᠢ ᠬᠤᠲᠠ ᠲᠠᠢ ᠬᠡᠢ ᠬᠠᠳᠠᠭᠠᠯᠠᠬᠤ | ᠲᠥᠬᠦᠭᠡᠷᠦᠮᠵᠢ ᠲᠦᠷᠢᠶᠡᠰᠦᠯᠡᠬᠦ ᠭᠡᠷ᠎ᠡ ᠲᠣᠭᠲᠠᠵᠤ᠂ ᠰᠠᠭᠤᠭᠠᠯᠢ ᠠᠷᠠᠳ ᠤᠨ ᠪᠠᠴᠢᠮ ᠪᠠᠶᠢᠳᠠᠯ ᠢ ᠠᠷᠭᠠᠴᠠᠭᠠᠬᠤ | ᠨᠥᠭᠡᠴᠡ ᠶᠢᠨ ᠣᠷᠭᠢᠯ ᠢ ᠲᠣᠬᠢᠷᠠᠭᠤᠯᠬᠤ ᠬᠡᠢ ᠶᠢᠨ ᠬᠡᠮᠵᠢᠶ᠎ᠡ ᠶᠢ ᠦᠨᠡᠨᠬᠦ ᠪᠠᠲᠤᠯᠠᠪᠠ᠃ ᠲᠠᠷᠠᠭᠠᠴᠢ ᠶᠢᠨ | ᠠᠯᠬᠤᠮ ᠳᠤ᠂ ᠮᠠᠨ ᠤ ᠬᠤᠲᠠ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠤᠲᠠ ᠶᠢᠨ ᠬᠥᠭᠵᠢᠯᠲᠡ ᠶᠢᠨ | ᠳᠤᠲᠠᠭᠤᠳᠠᠯ ᠢ ᠨᠥᠬᠦᠪᠥᠷᠢᠯᠡᠬᠦ ᠶᠢᠨ ᠲᠣᠭᠤᠷᠢᠨ ᠳᠤ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠲᠥᠯᠥᠪᠯᠡᠭᠡ ᠶᠢ ᠬᠠᠨᠳᠤᠯᠭᠠᠲᠤ ᠴᠢᠨᠠᠷᠲᠠᠶ ᠪᠠᠷ ᠳᠤᠷᠠᠳᠴᠤ᠂ ᠡᠮᠦᠨᠡᠬᠢ ᠬᠤᠭᠤᠴᠠᠭᠠᠨ ᠤ ᠠᠵᠢᠯ ᠢ | ᠢᠳᠡᠪᠬᠢᠲᠡᠶ ᠠᠬᠢᠭᠤᠯᠬᠤ᠂ ᠲᠥᠷᠥᠯ ᠵᠦᠢᠯ ᠤᠨ ᠬᠠᠮᠤᠭ ᠤᠨ ᠲᠡᠷᠢᠭᠦᠨ ᠳᠤ ᠨᠠᠶᠢᠳᠠᠪᠤᠷᠢᠵᠢᠭᠤᠯᠤᠭᠳᠠᠵᠤ ᠠᠷᠠᠳ ᠲᠤ | ᠠᠰᠢᠭ ᠬᠦᠷᠲᠡᠭᠡᠬᠦ ᠶᠢ ᠪᠠᠲᠤᠯᠠᠨ᠎ᠠ︔ ᠤᠰᠤ᠂ ᠳᠤᠯᠠᠭᠠᠨ᠂ ᠬᠡᠢ᠂ ᠵᠠᠮ ᠤᠨ ᠲᠣᠣᠷ ᠰᠦᠯᠵᠢᠶ᠎ᠡ ᠶᠢ ᠳᠡᠰ | ᠳᠡᠪᠰᠢᠭᠦᠯᠬᠦ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠪᠦᠬᠦ ᠬᠤᠲᠠ ᠶᠢᠨ ᠭᠠᠵᠠᠷ ᠳᠣᠣᠷᠠᠬᠢ ᠬᠤᠭᠤᠯᠠᠢ | ᠱᠤᠭᠤᠮ ᠤᠨ ᠶᠡᠷᠦᠩᠬᠡᠶᠢᠯᠡᠭᠰᠡᠨ ᠪᠠᠶᠢᠴᠠᠭᠠᠨ ᠰᠤᠳᠤᠯᠬᠤ ᠠᠵᠢᠯ ᠢ ᠥᠷᠨᠢᠭᠦᠯᠵᠦ᠂ ᠤᠰᠤ᠂ ᠳᠤᠯᠠᠭᠠᠨ᠂ ᠬᠡᠢ ᠶᠢᠨ | ᠬᠠᠩᠭᠠᠯᠭ᠎ᠠ ᠶᠢᠨ ᠬᠢᠷᠢ ᠲᠦᠪᠰᠢᠨ ᠪᠠ ᠠᠮᠤᠷ ᠲᠦᠪᠰᠢᠨ ᠤ ᠵᠢᠭᠠᠯᠲᠠ ᠲᠤᠭ᠎ᠠ ᠶᠢ ᠳᠡᠭᠡᠭᠰᠢᠯᠡᠭᠦᠯᠦᠨ᠎ᠡ︔ | ᠬᠤᠲᠠ ᠶᠢᠨ ᠵᠠᠮ ᠤᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠤᠯᠤᠰ ᠤᠨ ᠤᠰᠤ ᠠᠷᠪᠢᠯᠠᠬᠤ ᠬᠡᠯᠪᠡᠷᠢ ᠶᠢᠨ | ᠬᠤᠲᠠ ᠪᠣᠯᠤᠨ ᠬᠠᠶᠢᠮᠢᠶᠠᠨ ᠬᠤᠲᠠ ᠶᠢ ᠡᠭᠦᠳᠦᠨ ᠪᠠᠶᠢᠭᠤᠯᠬᠤ ᠶᠢ ᠢᠳᠡᠪᠬᠢᠳᠡᠢ ᠲᠦᠯᠬᠢᠨ ᠠᠬᠢᠭᠤᠯᠵᠤ᠂ | ᠬᠤᠲᠠ ᠶᠢᠨ ᠶᠠᠪᠤᠳᠠᠯ ᠤᠨ ᠶᠡᠷᠦᠩᠬᠡᠶᠢᠯᠡᠭᠰᠡᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ︔ | ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠪᠠᠷᠢᠯᠭ᠎ᠠ ᠶᠢᠨ | ᠬᠤᠭᠤᠴᠠᠭ᠎ᠠ ᠶᠢ ᠵᠦᠶ ᠵᠣᠬᠢᠰᠲᠠᠶ ᠲᠣᠬᠢᠷᠠᠭᠤᠯᠵᠤ᠂ ᠶᠠᠰᠤ ᠴᠢᠨᠠᠷ ᠤᠨ ᠠᠮᠤᠷ ᠲᠦᠪᠰᠢᠨ ᠪᠠ ᠪᠠᠷᠢᠯᠭ᠎ᠠ ᠶᠢᠨ | ᠠᠬᠢᠴᠠ ᠶᠢ ᠪᠣᠳᠠᠲᠠᠶ ᠠᠳᠬᠤᠵᠤ᠂ ᠭᠠᠨᠳᠠᠷᠢ ᠬᠥᠭᠦᠷᠭᠡ ᠶᠢᠨ ᠲᠥᠷᠥᠯ ᠵᠦᠢᠯ ᠪᠠ ᠬᠤᠲᠠ ᠶᠢᠨ ᠠᠶᠠᠨᠴᠢᠳ ᠤᠨ | ᠲᠡᠭᠡᠭᠡᠪᠦᠷᠢ ᠶᠢᠨ ᠬᠦᠢᠰᠦ ᠶᠢᠨ ᠲᠥᠷᠥᠯ ᠵᠦᠢᠯ ᠢ ᠵᠢᠯ ᠤᠨ ᠡᠴᠦᠰ ᠠᠴᠠ ᠡᠮᠦᠨ᠎ᠡ ᠦᠨᠳᠦᠰᠦᠨ ᠳᠡᠭᠡᠨ ᠪᠠᠶᠢᠭᠤᠯᠵᠤ | ᠳᠠᠭᠤᠰᠬᠠᠬᠤ ᠶᠢ ᠦᠨᠡᠨᠬᠦ ᠪᠠᠲᠤᠯᠠᠨ᠎ᠠ᠃ | |