ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠲᠠ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020-05-22
    5 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠴᠧᠨ ᠵᠢᠶᠧ ᠪᠠᠶᠢᠴᠠᠭᠠᠨ ᠰᠣᠳᠣᠯᠬᠤ ᠳᠤᠭᠤᠶᠢᠯᠠᠩ ᠳᠠᠭᠠᠭᠤᠯᠤᠨ ᠮᠠᠨ ᠤ ᠬᠤᠳᠠ ᠶᠢᠨ ᠦᠨᠳᠦᠰᠦᠨ ᠱᠠᠲᠤᠨ ᠤ ᠠᠷᠠᠳ ᠤᠨ ᠶᠠᠪᠤᠳᠠᠯ ᠤᠨ ᠠᠵᠢᠯ ᠦᠷᠨᠢᠬᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠲᠠ ᠶᠢᠨ ᠳᠡᠳ᠋ ᠳᠠᠷᠤᠭ᠎ᠠ ᠡᠤ ᠶᠧ ᠸᠧᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      ᠴᠧᠨ ᠵᠢᠶᠧ ᠨᠡᠷ ᠤᠷᠢᠳ ᠬᠤᠵᠢᠳ ᠬᠠᠶᠢᠷᠣᠪ ᠤᠨ ᠲᠤᠬᠤᠢ ᠲᠣᠭᠤᠷᠢᠭ ᠤᠨ ᠪᠠᠶ ᠯᠧᠦ ᠨᠡᠶᠢᠭᠡᠮ ᠲᠣᠭᠤᠷᠢᠭ ᠤᠨ ᠨᠠᠰᠣᠳᠠᠶᠢᠴᠣᠳ ᠤᠨ ᠡᠳᠦᠷ ᠤᠨ ᠬᠠᠷᠠᠭᠠᠯᠵᠠᠯ ᠤᠨ ᠲᠥᠪ᠂ ᠮᠦᠸᠧ ᠰᠢᠶᠠᠩ ᠯᠢ ᠶᠤᠸᠠᠨ ᠨᠡᠶᠢᠭᠡᠮ ᠲᠣᠭᠤᠷᠢᠭ᠂ ᠬᠤᠲᠠ ᠶᠢᠨ ᠢ ᠾᠧ ᠨᠠᠰᠤᠲᠠᠶᠢᠴᠤᠳ ᠤᠨ ᠣᠷᠣᠨ ᠰᠠᠭᠤᠴᠠ ᠪᠣᠯᠤᠨ ᠬᠤᠲᠠ ᠶᠢᠨ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ ᠳᠤ ᠬᠦᠷᠴᠦ᠂ ᠨᠠᠰᠤᠲᠠᠶᠢᠴᠤᠳ ᠤᠨ ᠡᠳᠦᠷ ᠲᠤᠲᠤᠮ ᠤᠨ ᠬᠠᠷᠠᠭᠠᠯᠵᠠᠯ ᠤᠨ ᠲᠥᠪ᠂ ᠨᠠᠰᠤᠲᠠᠶᠢᠴᠤᠳ ᠤᠨ ᠨᠡᠶᠢᠳᠡ ᠶᠢᠨ ᠰᠠᠭᠤᠴᠠ ᠪᠣᠯᠤᠨ ᠨᠡᠶᠢᠭᠡᠮ ᠲᠣᠭᠤᠷᠢᠭ ᠤᠨ ᠠᠵᠢᠯᠯᠠᠭᠠᠨ ᠤ ᠲᠠᠰᠤᠭ ᠤᠨ ᠪᠠᠶᠢᠷᠢᠯᠠᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠡᠯ᠎ᠡ ᠴᠡᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠨᠡᠶᠢᠭᠡᠮ ᠤᠨ ᠦᠢᠯᠡᠴᠢᠯᠡᠭᠡᠨ ᠤ ᠬᠠᠮᠢᠶᠠᠷᠣᠯᠳᠠ ᠶᠢᠨ ᠪᠠᠶᠢᠳᠠᠯ ᠢ ᠨᠠᠷᠢᠨ ᠨᠢᠮᠪᠠᠢ ᠣᠶᠢᠯᠠᠭᠠᠵᠤ᠂ ᠬᠤᠲᠠ ᠶᠢᠨ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ ᠤᠨ ᠠᠵᠢᠯ ᠥᠷᠨᠢᠭᠦᠯᠦᠭᠰᠡᠨ ᠪᠠᠶᠢᠳᠠᠯ ᠪᠠ ᠮᠦᠸᠧ ᠰᠢᠶᠠᠩ ᠯᠢ ᠶᠤᠸᠠᠨ ᠨᠡᠶᠢᠭᠡᠮ ᠲᠣᠭᠤᠷᠢᠭ ᠤᠨ ᠤᠶᠤᠨᠲᠤ ᠨᠡᠶᠢᠭᠡᠮ ᠲᠣᠭᠤᠷᠢᠭ ᠤᠨ ᠶᠡᠷᠦᠩᠬᠡᠢᠯᠡᠭᠰᠡᠨ ᠦᠢᠯᠡᠴᠢᠯᠡᠭᠡᠨ ᠤ ᠲᠠᠪᠴᠠᠩ ᠤᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠬᠦᠯᠦᠯᠳᠡ ᠶᠢ ᠨᠠᠷᠢᠨ ᠬᠢᠨᠠᠮᠠᠭᠠᠢ ᠰᠣᠨᠣᠰᠴᠠᠢ᠃ ᠬᠤᠲᠠ ᠶᠢᠨ ᠢ ᠾᠧ ᠨᠠᠰᠤᠲᠠᠶᠢᠴᠤᠳ ᠤᠨ ᠨᠡᠶᠢᠲᠡ ᠶᠢᠨ ᠰᠠᠭᠤᠴᠠ ᠪᠠ ᠬᠤᠲᠠ ᠶᠢᠨ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ ᠳᠤ᠂ ᠴᠧᠨ ᠵᠢᠶᠧ ᠨᠠᠰᠤᠲᠠᠨ ᠤ ᠣᠷᠣᠨ ᠰᠠᠭᠤᠴᠠ ᠶᠢᠨ ᠣᠷᠴᠢᠨ ᠲᠣᠭᠤᠷᠢᠨ᠂ ᠡᠳᠦᠷ ᠲᠤᠲᠤᠮ ᠤᠨ ᠢᠳᠡᠭᠡᠨ ᠤᠮᠳᠠᠭᠠᠨ ᠵᠢᠴᠢ ᠨᠠᠰᠤᠵᠢᠯ ᠤᠨ ᠦᠢᠯᠡᠴᠢᠯᠡᠭᠡᠨ ᠤ ᠲᠠᠯ᠎ᠠ ᠪᠠᠷ ᠬᠠᠨᠤᠮᠵᠢᠲᠠᠶ ᠪᠠᠶᠢᠬᠤ ᠡᠰᠡᠬᠦ ᠶᠢ ᠯᠠᠪᠯᠠᠨ ᠠᠰᠠᠭᠤᠵᠠᠶ᠃ ᠲᠡᠷᠡ ᠪᠠᠰᠠ ᠠᠵᠢᠯᠲᠠᠨ ᠤ ᠡᠮᠴᠢᠯᠡᠭᠡ ᠨᠠᠰᠤᠵᠢᠯ ᠢ ᠤᠶᠠᠯᠳᠤᠭᠤᠯᠬᠤ ᠠᠵᠢᠯ ᠢ ᠥᠷᠨᠢᠭᠦᠯᠬᠦ᠂ ᠵᠠᠷᠤᠳᠠᠯ ᠬᠤᠷᠢᠶᠠᠬᠤ ᠪᠠ ᠠᠵᠢᠯᠲᠠᠨ ᠲᠣᠬᠢᠷᠠᠭᠤᠯᠬᠤ ᠵᠡᠷᠭᠡ ᠤᠴᠢᠷ ᠶᠠᠪᠤᠳᠠᠯ ᠢ ᠯᠠᠪᠯᠠᠨ ᠠᠰᠠᠭᠤᠵᠤ᠂ ᠲᠡᠷᠡᠴᠢᠯᠡᠨ ᠬᠤᠯᠪᠣᠭᠳᠠᠯ ᠪᠦᠬᠦᠢ ᠠᠵᠢᠯ ᠤᠨ ᠲᠤᠬᠠᠢ ᠵᠢᠯᠣᠭᠤᠳᠬᠤ ᠰᠠᠨᠠᠯ ᠳᠤᠷᠠᠳᠴᠠᠢ᠃      ᠴᠧᠨ ᠵᠢᠶᠧ ᠮᠠᠨ ᠤ ᠬᠤᠲᠠ ᠶᠢᠨ ᠦᠨᠳᠦᠰᠦᠨ ᠱᠠᠲᠤᠨ ᠤ ᠠᠷᠠᠳ ᠤᠨ ᠶᠠᠪᠤᠳᠠᠯ ᠤᠨ ᠠᠵᠢᠯ ᠥᠷᠨᠢᠭᠦᠯᠦᠭᠰᠡᠨ ᠪᠠᠶᠢᠳᠠᠯ ᠢ ᠭᠦᠢᠴᠡᠳ ᠨᠤᠲᠠᠯᠠᠵᠠᠢ᠃ ᠲᠡᠷᠡ ᠴᠢᠬᠤᠯᠠᠴᠢᠯᠠᠭᠰᠠᠨ ᠨᠢ᠂ ᠦᠬᠠᠶ ᠬᠤᠲᠠ ᠠᠷᠠᠳ ᠤᠨ ᠶᠠᠪᠤᠳᠠᠯ ᠤᠨ ᠠᠵᠢᠯ ᠢ ᠦᠷᠭᠦᠯᠵᠢᠯᠡᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠠᠳ ᠤᠨ ᠠᠮᠢᠳᠤᠷᠠᠯ ᠢ ᠨᠢᠭᠲᠠ ᠠᠩᠬᠠᠷᠴᠤ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠬᠤ ᠬᠡᠷᠡᠭᠲᠡᠶ︔ ᠨᠠᠰᠤᠲᠠᠶᠢᠴᠤᠳ ᠤᠨ ᠡᠳᠦᠷ ᠲᠤᠲᠤᠮ ᠤᠨ ᠬᠠᠶᠢᠷ᠎ᠠ ᠬᠠᠯᠠᠮᠵᠢ ᠶᠢ ᠴᠢᠩᠭᠠᠳᠬᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠥᠲᠡᠯᠪᠡᠯ ᠠᠰᠠᠷᠠᠮᠵᠢ ᠲᠠᠢ᠂ ᠥᠲᠡᠯᠪᠡᠯ ᠵᠢᠷᠭᠠᠯ ᠲᠠᠢ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ︔ ᠠᠰᠠᠷᠠᠮᠵᠢ ᠶᠢᠨ ᠬᠦᠷᠢᠶᠡᠯᠡᠩ ᠤᠨ ᠬᠡᠦᠬᠡᠳ ᠤᠨ ᠢᠳᠡᠵᠦ ᠡᠮᠦᠰᠬᠦ ᠶᠠᠪᠤᠵᠤ ᠰᠠᠭᠤᠬᠤ ᠶᠢ ᠵᠦᠢ ᠵᠣᠬᠢᠰᠲᠠᠢ ᠲᠤᠬᠢᠷᠠᠭᠤᠯᠵᠤ᠂ ᠬᠡᠦᠬᠡᠳ ᠤᠨ ᠵᠣᠯ ᠵᠢᠷᠭᠠᠯ ᠤᠨ ᠲᠦᠷᠦᠭᠳᠡᠯ ᠢ ᠳᠡᠭᠡᠭᠰᠢᠯᠡᠭᠦᠯᠬᠦ ᠬᠡᠷᠡᠭᠲᠡᠢ︔ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠪᠠᠨ ᠴᠢᠩᠭᠠᠳᠬᠠᠵᠤ᠂ ᠦᠢᠯᠡᠴᠢᠯᠡᠭᠡᠨ ᠤ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠣᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠬᠠᠩᠭᠠᠬᠤ ᠬᠡᠷᠡᠭᠲᠡᠶ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map