ᠪᠦᠬᠦ ᠬᠤᠲᠠ ᠶᠢᠨ ᠦᠨᠳᠦᠰᠦᠲᠡᠨ ᠱᠠᠰᠢᠨ ᠰᠤᠷᠲᠠᠬᠤᠨ ᠤ ᠠᠵᠢᠯ ᠢ ᠵᠣᠬᠢᠴᠠᠭᠤᠯᠤᠨ ᠤᠳᠤᠷᠢᠳᠬᠤ ᠲᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-05-25
     5 ᠰᠠᠷ᠎ᠠ ᠶᠢᠨ 22 ᠤᠨ ᠡᠳᠦᠷ᠂ ᠪᠦᠬᠦ ᠬᠤᠲᠠ ᠶᠢᠨ ᠦᠨᠳᠦᠰᠦᠲᠡᠨ ᠱᠠᠰᠢᠨ ᠰᠤᠷᠲᠠᠬᠤᠨ ᠤ ᠠᠵᠢᠯ ᠢ ᠵᠣᠬᠢᠴᠠᠭᠤᠯᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠳ᠋ᠧᠩ ᠺᠠᠶ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠶᠢᠨ᠂ ᠳᠡᠳ᠋ ᠬᠤᠲᠠ ᠶᠢᠨ ᠳᠠᠷᠤᠭ᠎ᠠ ᠮᠢᠩ ᠶᠢᠦ ᠬᠤᠷᠠᠯ ᠳᠤ ᠣᠷᠣᠯᠴᠠᠵᠠᠶ᠃      ᠳ᠋ᠧᠩ ᠺᠠᠶ ᠵᠢᠭᠠᠵᠤ ᠭᠠᠷᠭᠠᠭᠰᠠᠨ ᠨᠢ᠂ ᠦᠨᠳᠦᠰᠦᠲᠡᠨ ᠱᠠᠰᠢᠨ ᠰᠤᠷᠲᠠᠬᠤᠨ ᠤ ᠠᠵᠢᠯ ᠨᠢ ᠨᠠᠮ ᠪᠠ ᠤᠯᠤᠰ ᠤᠨ ᠠᠵᠢᠯ ᠤᠨ ᠪᠦᠬᠦ ᠲᠠᠯ᠎ᠠ ᠳᠤ ᠣᠨᠴᠠᠭᠠᠢ ᠴᠢᠬᠤᠯᠠ ᠴᠢᠨᠠᠷ ᠲᠠᠢ ᠪᠠᠶᠢᠵᠤ᠂ ᠦᠬᠠᠢ ᠬᠤᠳᠠ ᠶᠠᠭ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠳᠤ ᠣᠷᠣᠰᠢᠵᠤ᠂ ᠠᠯᠢᠪᠠ ᠠᠵᠢᠯ ᠴᠥᠮ ᠦᠨᠳᠦᠰᠦᠲᠡᠨ ᠤ ᠠᠵᠢᠯ ᠠᠴᠠ ᠰᠠᠯᠵᠤ ᠴᠢᠳᠠᠬᠤ ᠦᠭᠡᠢ ᠶᠤᠮ᠃ ᠪᠦᠬᠦ ᠬᠤᠲᠠ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ᠂ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠤᠨ᠂ ᠦᠨᠳᠦᠰᠦᠲᠡᠨ ᠱᠠᠰᠢᠨ ᠰᠤᠷᠲᠠᠬᠤᠨ ᠤ ᠠᠵᠢᠯ ᠤᠨ ᠬᠠᠤᠯᠢ ᠪᠠᠷ ᠵᠠᠰᠠᠬᠤ ᠬᠢᠷᠢ ᠬᠡᠮᠵᠢᠶ᠎ᠡ ᠪᠠᠨ ᠲᠡᠭᠡᠭᠰᠢᠯᠡᠬᠦᠯᠬᠦ ᠬᠡᠷᠡᠭᠳᠡᠢ᠃ ᠦᠨᠳᠦᠰᠦᠲᠡᠨ ᠱᠠᠰᠢᠨ ᠰᠤᠷᠲᠠᠬᠤᠨ ᠤ ᠪᠦᠯᠬᠦᠮ ᠤᠨ ᠲᠤᠰ ᠪᠡᠶ᠎ᠡ ᠶᠢᠨ ᠪᠠᠶᠢᠭᠤᠯᠤᠯᠲᠠ ᠪᠠᠨ ᠬᠦᠴᠦᠯᠡᠨ ᠴᠢᠩᠭᠠᠳᠬᠠᠵᠤ᠂ ᠦᠨᠳᠦᠰᠦᠲᠡᠨ ᠱᠠᠰᠢᠨ ᠰᠤᠷᠲᠠᠬᠤᠨ ᠤ ᠡᠲᠡᠭᠡᠳ ᠤᠨ ᠬᠥᠮᠦᠰ ᠤᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ︽ᠦᠨᠳᠦᠰᠦᠲᠡᠨ ᠤ ᠪᠦᠯᠬᠦᠮᠳᠡᠯ︾ ᠤᠨ ᠢᠵᠢᠯ ᠲᠥᠪᠲᠦ ᠲᠣᠭᠤᠷᠢᠭ ᠢ ᠰᠠᠶᠢᠲᠤᠷ ᠵᠢᠷᠤᠬᠤ ᠶᠢ ᠢᠳᠡᠪᠬᠢᠲᠡᠶ ᠪᠠᠷ ᠬᠦᠲᠦᠯᠦᠨ ᠵᠢᠯᠣᠭᠤᠳᠴᠤ᠂ ᠦᠨᠳᠦᠰᠦᠲᠡᠨ ᠱᠠᠰᠢᠨ ᠰᠤᠷᠲᠠᠬᠤᠨ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠳᠡᠢ ᠬᠡᠵᠡᠢ᠃      ᠳ᠋ᠧᠩ ᠺᠠᠶ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠥᠷᠥ ᠶᠢᠨ ᠪᠣᠳᠣᠯᠭ᠎ᠠ ᠶᠢᠨ ᠬᠤᠷᠢᠭ᠎ᠠ ᠱᠤᠭᠤᠮ ᠢ ᠡᠵᠡᠮᠳᠡᠵᠦ᠂ ᠠᠷᠭ᠎ᠠ ᠪᠣᠳᠣᠯᠭ᠎ᠠ ᠠᠷᠭ᠎ᠠ ᠣᠬᠠᠭᠠᠨ ᠢ ᠡᠷᠬᠢᠮᠯᠡᠵᠦ ᠂ ᠦᠨᠳᠦᠰᠦᠳᠡᠨ ᠱᠠᠰᠢᠨ ᠰᠤᠷᠲᠠᠬᠤᠨ ᠤ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠢᠳᠡᠪᠬᠢᠲᠡᠶ ᠰᠢᠢᠳᠪᠦᠷᠢᠯᠡᠬᠦ ᠬᠡᠷᠡᠭᠲᠡᠢ︔ ᠰᠤᠷᠤᠯᠴᠠᠯᠭ᠎ᠠ ᠶᠢ ᠬᠢᠨᠠᠮᠠᠭᠠᠶ ᠵᠣᠬᠢᠶᠠᠨ ᠪᠠᠶᠢᠭᠤᠯᠵᠤ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠬᠦᠮᠦᠵᠢᠬᠦᠯᠦᠨ ᠪᠣᠯᠪᠠᠰᠤᠷᠠᠭᠤᠯᠬᠤ ᠠᠵᠢᠯ ᠢ ᠴᠢᠩᠭᠠᠳᠬᠠᠵᠤ᠂ ᠦᠨᠳᠦᠰᠦᠲᠡᠨ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠮᠢᠶᠠᠷᠬᠤ ᠴᠢᠳᠠᠪᠤᠷᠢ ᠪᠠ ᠬᠢᠷᠢ ᠬᠡᠮᠵᠢᠶ᠎ᠡ ᠪᠠᠨ ᠲᠠᠰᠣᠷᠠᠯᠳᠠ ᠦᠭᠡᠢ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠭᠢᠭᠤᠯᠬᠤ ᠬᠡᠷᠡᠭᠳᠡᠢ︔ ᠦᠨᠳᠦᠰᠦᠲᠡᠨ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠠᠵᠢᠯ ᠤᠨ ᠬᠡᠯᠪᠡᠷᠢ ᠪᠠᠨ ᠲᠠᠰᠤᠷᠠᠯᠲᠠ ᠦᠭᠡᠢ ᠪᠠᠶᠠᠯᠢᠭᠵᠢᠭᠤᠯᠵᠤ᠂ ᠦᠨᠳᠦᠰᠦᠲᠡᠨ ᠤ ᠪᠦᠯᠬᠦᠮᠳᠡᠯ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠡᠶ᠎ᠡ ᠵᠣᠬᠢᠴᠠᠯ ᠲᠠᠢ ᠦᠨᠳᠦᠰᠦᠲᠡᠨ ᠤ ᠬᠠᠷᠢᠴᠠᠭ᠎ᠠ᠂ ᠱᠠᠰᠢᠨ ᠰᠤᠷᠲᠠᠬᠤᠨ ᠤ ᠬᠠᠷᠢᠴᠠᠭ᠎ᠠ ᠶᠢ ᠴᠢᠷᠮᠠᠶᠢᠨ ᠬᠦᠲᠦᠯᠦᠨ ᠵᠢᠯᠣᠭᠤᠳᠴᠤ᠂ ᠴᠤᠭᠴᠠᠯᠠᠨ ᠪᠠᠶᠢᠭᠤᠯᠵᠤ᠂ ᠦᠨᠳᠦᠰᠦᠲᠡᠨ ᠱᠠᠰᠢᠨ ᠰᠤᠷᠲᠠᠬᠤᠨ ᠤ ᠦᠢᠯᠡᠰ ᠤᠨ ᠬᠥᠭᠵᠢᠯᠲᠡ ᠶᠢᠨ ᠰᠢᠨ᠎ᠡ ᠬᠠᠭᠤᠳᠠᠰᠣ ᠶᠢ ᠲᠠᠰᠤᠷᠠᠯᠳᠠ ᠦᠭᠡᠢ ᠪᠢᠴᠢᠭᠯᠡᠬᠦ ᠬᠡᠷᠡᠭᠳᠡᠢ ᠬᠡᠵᠡᠢ᠃      ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠬᠤᠲᠠ ᠶᠢᠨ ᠨᠠᠮ ᠤᠨ ᠬᠤᠷᠢᠶᠠᠨ ᠤ ᠰᠦᠯᠵᠢᠶᠡᠨ ᠤ ᠮᠡᠳᠡᠭᠡ ᠵᠠᠩᠬᠢᠴᠢᠯᠠᠯᠳᠠ ᠶᠢᠨ ᠠᠯᠪᠠᠨ ᠭᠡᠷ ᠵᠡᠷᠭᠡ 12 ᠨᠢᠭᠡᠴᠡ ᠦᠨᠳᠦᠰᠦᠲᠡᠨ ᠱᠠᠰᠢᠨ ᠰᠤᠷᠲᠠᠬᠤᠨ ᠤ ᠠᠵᠢᠯ ᠤᠨ ᠲᠤᠬᠠᠶ ᠲᠥᠪ ᠤᠨ ᠪᠠᠶᠢᠷᠢᠯᠠᠭᠤᠯᠤᠯᠲᠠ ᠶᠢ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠪᠠᠶᠢᠳᠠᠯ ᠢᠶᠠᠨ ᠬᠠᠷᠢᠭᠤ ᠮᠡᠳᠡᠭᠦᠯᠵᠦ᠂ ᠬᠤᠲᠠ ᠶᠢᠨ ᠦᠨᠳᠦᠰᠦᠲᠡᠨ ᠱᠠᠰᠢᠨ ᠰᠤᠷᠲᠠᠬᠤᠨ ᠤ ᠠᠵᠢᠯ ᠢ ᠵᠣᠬᠢᠴᠠᠭᠤᠯᠤᠨ ᠤᠳᠤᠷᠢᠳᠬᠤ ᠳᠤᠭᠤᠶᠢᠯᠠᠩ ᠤᠨ ᠬᠤᠯᠪᠤᠭᠳᠠᠯ ᠪᠦᠬᠦᠢ ᠪᠦᠷᠢᠯᠳᠦᠬᠦᠨ ᠨᠢᠭᠡᠴᠡ ᠶᠢᠨ ᠲᠥᠯᠥᠭᠡᠯᠡᠭᠴᠢ ᠬᠤᠷᠠᠯ ᠳᠤ ᠣᠷᠣᠯᠴᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map