5 ᠰᠠᠷ᠎ᠠ ᠶᠢᠨ 25 ᠤ ᠡᠳᠦᠷ᠂ ᠮᠠᠨ ᠤ ᠬᠤᠲᠠ ᠶᠢᠨ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ | ᠢ ᠰᠡᠷᠭᠡᠶᠢᠯᠡᠨ ᠡᠵᠡᠮᠳᠡᠬᠦ ᠶᠢ ᠲᠡᠮᠵᠢᠨ ᠲᠤᠰᠠᠯᠠᠭᠰᠠᠨ ᠡᠮᠴᠢᠯᠡᠭᠡᠨ ᠤ ᠠᠩᠭᠢ ᠶᠢᠨ 21 ᠭᠡᠰᠢᠭᠦᠨ ᠢᠯᠠᠯᠲᠠ ᠲᠠᠢ ᠪᠠᠷ | ᠪᠤᠴᠠᠵᠤ ᠢᠷᠡᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳᠠᠩ ᠢ᠂ ᠳᠡᠳ᠋ | ᠬᠤᠲᠠ ᠶᠢᠨ ᠳᠠᠷᠤᠭ᠎ᠠ ᠡᠤ ᠶᠧ ᠸᠧᠨ ᠤᠭᠲᠤᠬᠤ ᠶᠣᠰᠣᠯᠠᠯ ᠳᠤ ᠣᠷᠣᠯᠴᠠᠪᠠ᠃ | | | | | ᠣᠶᠢᠯᠠᠭᠠᠭᠰᠠᠨ ᠢᠶᠠᠷ᠂ 21 ᠨᠡᠷᠡᠰ ᠡᠮᠨᠡᠯᠭᠡ ᠶᠢᠨ ᠠᠵᠢᠯᠲᠠᠨ ᠨᠢ ᠬᠤᠲᠠ ᠶᠢᠨ ᠠᠷᠠᠳ ᠤᠨ ᠡᠮᠨᠡᠯᠭᠡ ᠶᠢᠨ | ᠬᠤᠷᠢᠶ᠎ᠠ᠂ ᠬᠤᠳᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ᠂ ᠬᠤᠲᠠ ᠶᠢᠨ ᠠᠵᠢᠯ ᠤᠨ ᠨᠥᠯᠥᠭᠡᠨ ᠤ | ᠡᠪᠡᠳᠴᠢᠨ ᠢ ᠰᠡᠷᠭᠡᠶᠢᠯᠡᠨ ᠵᠠᠰᠠᠬᠤ ᠬᠤᠷᠢᠶ᠎ᠠ ᠠᠴᠠ ᠢᠷᠡᠭᠰᠡᠨ ᠪᠠᠶᠢᠨ᠎ᠠ᠃ 4 ᠰᠠᠷ᠎ᠠ ᠶᠢᠨ 9 ᠤ ᠡᠳᠦᠷ ᠠᠴᠠ ᠡᠬᠢᠯᠡᠨ | ᠂ ᠲᠠᠳᠠ ᠬᠥᠬᠡᠬᠤᠲᠠ ᠳᠤ ᠬᠦᠷᠴᠦ᠂ ᠬᠥᠬᠡᠬᠤᠲᠠ ᠶᠢᠨ ᠪᠣᠭᠤᠮᠲᠠ᠂ ᠬᠢᠯᠢ ᠶᠢᠨ ᠪᠠᠶᠢᠴᠠᠭᠠᠯᠲᠠ ᠶᠢᠨ ᠰᠠᠯᠠᠭ᠎ᠠ | ᠮᠥᠴᠢᠷ ᠢ ᠲᠡᠮᠵᠢᠨ ᠲᠤᠰᠠᠯᠠᠪᠠ᠃ ᠬᠦᠬᠡᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠳᠤᠮᠳᠠ᠂ ᠮᠠᠨ ᠤ ᠬᠤᠲᠠ ᠶᠢᠨ 21 ᠨᠡᠷᠡᠰ ᠡᠮᠴᠢᠯᠡᠭᠡᠨ ᠤ ᠠᠵᠢᠯᠲᠠᠨ ᠰᠸᠧᠳᠧᠨ᠂ ᠴᠠᠭᠠᠨ ᠤᠷᠤᠰ᠂ ᠣᠷᠣᠰ | ᠪᠣᠯᠤᠨ ᠠᠮᠧᠷᠢᠺᠠ ᠵᠡᠷᠭᠡ ᠭᠠᠵᠠᠷ ᠠᠴᠠ ᠢᠷᠡᠭᠰᠡᠨ ᠡᠭᠡᠯᠵᠢ ᠶᠢᠨ ᠨᠢᠰᠬᠡᠯ ᠢ ᠨᠡᠶᠢᠲᠡ 10 ᠤᠳᠠᠭ᠎ᠠ ᠬᠦᠯᠢᠶᠡᠨ | ᠠᠪᠴᠤ᠂ ᠠᠶᠠᠨᠴᠢᠨ᠂ ᠨᠢᠰᠬᠡᠯ ᠤᠨ ᠲᠤᠭᠤᠶᠢᠯᠠᠩ ᠤᠨ 1619 ᠬᠥᠮᠦᠨ ᠢ ᠵᠢᠭᠰᠠᠭᠠᠨ ᠪᠠᠶᠢᠴᠠᠭᠠᠪᠠ᠃ | ᠣᠨᠣᠰᠢᠯᠠᠭᠰᠠᠨ ᠡᠪᠡᠳᠴᠢᠨ ᠤ ᠵᠢᠱᠢᠶ᠎ᠡ ᠶᠢ 11 ᠵᠢᠱᠢᠶ᠎ᠡ ᠵᠢᠭᠰᠠᠭᠠᠨ ᠪᠠᠶᠢᠴᠠᠭᠠᠵᠤ ᠭᠠᠷᠭᠠᠵᠤ᠂ ᠲᠡᠮᠵᠢᠨ ᠲᠤᠰᠠᠯᠠᠬᠤ | ᠡᠭᠦᠷᠭᠡ ᠪᠠᠨ ᠠᠮᠵᠢᠯᠲᠠ ᠲᠠᠢ ᠪᠡᠶᠡᠯᠡᠭᠦᠯᠦᠭᠡᠳ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠤ ᠮᠠᠭᠳᠠᠭᠠᠯ ᠢ | ᠣᠯᠪᠠ᠃ | | | | | ᠲᠤᠰ ᠡᠳᠦᠷ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠤᠯᠪᠤᠭᠳᠠᠯ ᠪᠥᠬᠦᠶ | ᠠᠵᠢᠯᠲᠠᠨ ᠬᠤᠲᠠ ᠶᠢᠨ ᠮᠤᠩᠭᠤᠯ ᠬᠢᠲᠠᠳ ᠡᠮᠨᠡᠯᠭᠡ ᠶᠢᠨ ᠬᠤᠷᠢᠶ᠎ᠠ ᠳᠤ ᠤᠭᠲᠤᠬᠤ ᠶᠣᠰᠣᠯᠠᠯ ᠡᠷᠭᠢᠯᠡᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠴᠢᠯᠡᠭᠡᠨ ᠤ ᠠᠩᠭᠢ ᠶᠢᠨ ᠭᠡᠰᠢᠭᠦᠳ ᠢ ᠬᠠᠯᠠᠭᠤᠨ ᠢᠶᠠᠷ ᠤᠭᠲᠤᠪᠠ | ᠃ ᠤᠭᠲᠤᠯᠭ᠎ᠠ ᠶᠢᠨ ᠶᠣᠰᠣᠯᠠᠯ ᠳᠡᠭᠡᠷ᠎ᠡ ᠡᠮᠴᠢᠯᠡᠭᠡᠨ ᠤ ᠠᠩᠭᠢ ᠶᠢᠨ ᠭᠡᠰᠢᠭᠦᠳ ᠪᠠᠰᠠ ᠲᠡᠳᠡᠨ ᠤ ᠳᠡᠮᠵᠢᠯᠭᠡ ᠶᠢᠨ | ᠥᠩᠭᠡᠷᠡᠯᠲᠡ ᠪᠣᠯᠤᠨ ᠲᠥᠷᠥᠭᠳᠡᠯ ᠢᠶᠠᠨ ᠬᠤᠪᠢᠶᠠᠯᠴᠠᠨ ᠡᠳ᠋ᠯᠡᠬᠦ ᠶᠢᠨ ᠬᠠᠮᠲᠤ ᠠᠮᠠᠯᠠᠯᠲᠠ ᠬᠢᠵᠦ᠂ ᠡᠭᠦᠨ ᠢᠶᠠᠷ ᠰᠢᠨ᠎ᠡ | ᠡᠬᠢᠯᠡᠯᠲᠡ ᠪᠣᠯᠭᠠᠵᠤ᠂ ᠨᠠᠩ ᠳᠦᠭᠦᠷᠡᠩ ᠬᠠᠯᠠᠭᠤᠨ ᠰᠡᠳᠬᠢᠯᠭᠡ ᠪᠠ ᠣᠯᠤᠭᠰᠠᠨ ᠣᠯᠤᠯᠲᠠ ᠲᠤᠷᠰᠢᠯᠭ᠎ᠠ ᠪᠠᠷ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ | ᠬᠥᠭᠵᠢᠯᠲᠡ ᠶᠢᠨ ᠬᠤᠤᠰ ᠢᠯᠠᠯᠲᠠ ᠶᠢᠨ ᠳᠤᠮᠳᠠ ᠳᠠᠬᠢᠨ ᠰᠢᠨ᠎ᠡ ᠭᠠᠪᠢᠶ᠎ᠠ ᠪᠠᠶᠢᠭᠤᠯᠤᠨ᠎ᠠ ᠬᠡᠵᠡᠢ᠃ | | | | | | | | | | | |