ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠤᠨ ᠡᠨᠧᠷᠭᠢ ᠶᠢᠨ ᠪᠦᠯᠦᠭᠯᠡᠯ ᠤᠨ ᠬᠡᠤᠷᠰᠢᠭᠦᠯᠬᠦ ᠺᠣᠮᠫᠠᠨᠢ ᠶᠢᠨ ᠰᠢ ᠯᠠᠶ ᠹᠧᠩ ᠤᠨ ᠬᠡᠤᠷᠰᠢᠭᠦᠯᠬᠦ ᠦᠢᠯᠡᠳᠪᠦᠷᠢ ᠶᠢᠨ ᠳᠤᠯᠠᠭᠠᠨ ᠬᠡᠮᠵᠢᠬᠦ ᠠᠵᠢᠯᠴᠢᠨ ᠡᠤ ᠶᠢᠩ᠄ ᠤᠰᠤᠲᠥ᠋ᠷᠥᠭᠴᠢ ᠡᠨᠧᠷᠭᠢ ᠶᠢᠨ ᠮᠡᠷᠭᠡᠵᠢᠯ ᠤᠨ ᠠᠵᠤ ᠦᠶᠢᠯᠡᠰᠵᠢᠯᠲᠡ ᠶᠢᠨ ᠬᠥᠭᠵᠢᠯᠲᠡ ᠶᠢ ᠠᠭᠢᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2020-05-26
   

 

     ︽ᠤᠳᠠᠭ᠎ᠠ ᠪᠦᠷᠢ ᠪᠦᠬᠦ ᠤᠯᠤᠰ ᠤᠨ ᠬᠤᠶᠠᠷ ᠬᠤᠷᠠᠯ ᠳᠤ ᠣᠷᠣᠯᠴᠠᠬᠤ ᠪᠦᠷᠢ ᠮᠢᠨᠦ ᠰᠡᠳᠬᠢᠯ ᠮᠠᠰᠢ

ᠲᠤᠭᠳᠣᠯᠳᠠᠭ ᠶᠤᠮ᠃︾ ᠡᠨᠡ ᠪᠣᠯ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠲᠥᠯᠥᠭᠡᠯᠡᠭᠴᠢ᠂ ᠤᠯᠤᠰ ᠤᠨ ᠡᠨᠧᠷᠭᠢ ᠶᠢᠨ ᠪᠦᠯᠦᠭᠯᠡᠯ ᠤᠨ ᠬᠡᠤᠷᠰᠢᠭᠦᠯᠬᠦ ᠺᠣᠮᠫᠠᠨᠢ ᠶᠢᠨ ᠰᠢ ᠯᠠᠶ ᠹᠧᠩ ᠤᠨ

ᠬᠡᠤᠷᠰᠢᠭᠦᠯᠬᠦ ᠦᠢᠯᠡᠳᠪᠦᠷᠢ ᠶᠢᠨ ᠲᠤᠯᠠᠭᠠᠨ ᠬᠡᠮᠵᠢᠬᠦ ᠠᠵᠢᠯᠴᠢᠨ ᠡᠤ ᠶᠢᠩ ᠭᠤᠷᠪᠠᠳᠠᠬᠢ ᠵᠢᠯ ᠠᠷᠠᠳ ᠤᠨ ᠶᠡᠭᠡ

ᠬᠤᠷᠠᠯ ᠤᠨ ᠲᠠᠩᠬᠢᠮ ᠳᠤ ᠣᠷᠣᠵᠤ ᠪᠠᠶᠢᠭ᠎ᠠ ᠶᠠᠪᠤᠳᠠᠯ ᠪᠣᠯᠤᠨ᠎ᠠ᠃ ᠦᠨᠳᠦᠰᠦᠨ ᠱᠠᠲᠤᠨ ᠳᠤ ᠨᠤᠲᠤᠭᠰᠢᠭᠰᠠᠨ

ᠲᠡᠷᠡ ᠡᠨᠡ ᠣᠳᠠᠭ᠎ᠠ ᠦᠬᠠᠶ ᠬᠤᠲᠠ ᠶᠢᠨ ᠤᠰᠤᠲᠥ᠋ᠷᠥᠭᠴᠢ ᠡᠨᠧᠷᠭᠢ ᠶᠢᠨ ᠠᠵᠤ ᠠᠬᠤᠶ ᠶᠢᠨ ᠵᠢᠱᠢᠶ᠎ᠡ ᠦᠵᠡᠭᠦᠯᠬᠦ

ᠬᠤᠲᠠ ᠶᠢ ᠡᠭᠦᠳᠦᠨ ᠪᠠᠶᠢᠭᠤᠯᠬᠤ ᠶᠢ ᠳᠡᠮᠵᠢᠬᠦ᠂ ᠮᠣᠩᠭᠤᠯ ᠤᠯᠤᠰ ᠤᠨ ᠡᠨᠧᠷᠭᠢ ᠶᠢᠨ ᠬᠠᠮᠲᠤᠷᠠᠯᠴᠠᠭ᠎ᠠ ᠵᠢᠴᠢ

ᠣᠷᠣᠨ ᠪᠦᠰᠡ ᠶᠢᠨ ᠠᠭᠠᠷ ᠮᠠᠨᠳᠠᠯ ᠤᠨ ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ

ᠨᠢᠭᠡᠳᠦᠯᠲᠡᠶ ᠲᠥᠯᠥᠪᠯᠡᠨ ᠠᠬᠢᠭᠤᠯᠬᠤ ᠲᠤᠬᠠᠶ ᠰᠠᠨᠠᠭᠤᠯᠭ᠎ᠠ ᠶᠢ ᠠᠪᠴᠢᠷᠠᠵᠠᠶ᠃

     ᠡᠦ ᠶᠢᠩ ᠤᠨ ᠦᠵᠡᠬᠦ ᠪᠠᠷ᠂ ᠤᠰᠤᠲᠥ᠋ᠷᠥᠭᠴᠢ ᠡᠨᠧᠷᠭᠢ ᠨᠢ ᠠᠷᠢᠭᠤᠨ ᠴᠡᠪᠡᠷ᠂ ᠥᠨᠳᠥᠷ ᠪᠦᠲᠦᠮᠵᠢᠲᠡᠢ᠂

ᠠᠮᠤᠷ ᠲᠦᠪᠰᠢᠨ᠂ ᠦᠷᠭᠦᠯᠵᠢᠯᠡᠬᠦ ᠰᠢᠨ᠎ᠡ ᠡᠨᠧᠷᠭᠢ ᠪᠣᠯᠤᠭᠰᠠᠨ ᠤ ᠬᠤᠪᠢ ᠳᠤ᠂ ᠡᠨᠧᠷᠭᠢ ᠶᠢᠨ ᠬᠡᠷᠡᠭᠯᠡᠭᠡᠨ ᠤ

ᠪᠦᠲᠦᠴᠡ ᠶᠢ ᠰᠢᠯᠢᠳᠡᠭᠵᠢᠭᠦᠯᠬᠦ ᠪᠠ ᠤᠯᠤᠰ ᠤᠨ ᠡᠨᠧᠷᠭᠢ ᠶᠢᠨ ᠬᠠᠩᠭᠠᠯᠭ᠎ᠠ ᠶᠢᠨ ᠠᠮᠤᠷ ᠲᠦᠪᠰᠢᠨ ᠢ ᠪᠠᠲᠤᠯᠠᠬᠤ

ᠪᠠᠶᠢᠯᠳᠤᠬᠤ ᠪᠤᠳᠤᠯᠭ᠎ᠠ ᠶᠢᠨ ᠰᠣᠩᠭᠤᠯᠲᠠ ᠪᠤᠯᠤᠨ᠎ᠠ᠃ ᠤᠯᠤᠰ ᠪᠠ ᠡᠯ᠎ᠡ ᠭᠠᠵᠠᠷ ᠤᠨ ᠬᠢᠨ ᠴᠥᠮ ᠬᠤᠯᠪᠣᠭᠳᠠᠯ

ᠪᠦᠬᠦᠢ ᠲᠦᠷᠦ ᠶᠢᠨ ᠪᠤᠳᠤᠯᠭ᠎ᠠ ᠨᠡᠶᠢᠲᠡᠯᠡᠵᠦ ᠤᠰᠤᠲᠥ᠋ᠷᠥᠭᠴᠢ ᠶᠢᠨ ᠠᠵᠤ ᠠᠬᠤᠶ ᠶᠢᠨ ᠠᠵᠤ ᠦᠢᠯᠡᠰ ᠤᠨ

ᠬᠥᠭᠵᠢᠯᠲᠡ ᠶᠢ ᠳᠡᠮᠵᠢᠪᠡ᠃ ᠦᠬᠠᠶ ᠬᠤᠲᠠ ᠪᠦᠬᠦ ᠤᠯᠤᠰ ᠤᠨ ᠨᠡᠭᠦᠷᠡᠰᠦᠨ ᠤ ᠬᠡᠤᠷᠰᠢᠭᠦᠯᠬᠦ᠂ ᠾᠯᠣᠷ

ᠱᠦᠯᠲᠦ ᠶᠢᠨ ᠬᠢᠮᠢ ᠶᠢᠨ ᠠᠵᠤ ᠦᠢᠯᠡᠳᠪᠦᠷᠢᠯᠡᠯ ᠤᠨ ᠴᠢᠬᠤᠯᠠ ᠰᠠᠭᠤᠷᠢᠨ ᠭᠠᠵᠠᠷ ᠪᠣᠯᠤᠭᠰᠠᠨ ᠤ ᠬᠤᠪᠢ ᠳᠤ

ᠤᠰᠤᠲᠥ᠋ᠷᠥᠭᠴᠢ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠢ ᠬᠥᠭᠵᠢᠭᠦᠯᠬᠦ ᠨᠥᠬᠦᠴᠡᠯ ᠳᠠᠪᠠᠭᠤᠯᠢᠭ ᠪᠠᠶᠢᠵᠤ᠂

ᠢᠷᠡᠭᠡᠳᠦᠶ ᠰᠠᠷᠠᠭᠤᠯ ᠠᠭᠤᠳᠠᠮ ᠪᠠᠶᠢᠨ᠎ᠠ᠃

     ᠣᠳᠣᠬᠠᠨ ᠳᠤ᠂ ᠦᠬᠠᠢ ᠬᠤᠳᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠬᠡᠦᠷᠡᠰᠦᠨ ᠵᠤᠤᠬ᠎ᠠ ᠶᠢᠨ

ᠨᠡᠭᠦᠷᠡᠰᠦᠨ ᠬᠡᠢ ᠪᠣᠯᠤᠨ ᠴᠠᠭᠢᠯᠭᠠᠨ ᠴᠢᠯᠠᠭᠤᠨ ᠵᠤᠤᠬ᠎ᠠ ᠶᠢᠨ ᠰᠡᠬᠦᠯ ᠤᠨ ᠬᠡᠢ ᠶᠢᠨ ᠡᠬᠢ ᠪᠠᠶᠠᠯᠢᠭ ᠡᠯᠪᠡᠭ ᠪᠠᠶᠢᠵᠤ᠂

ᠦᠢᠯᠡᠳᠴᠦ ᠪᠣᠯᠬᠤ ᠤᠰᠤᠲᠥ᠋ᠷᠥᠭᠴᠢ ᠬᠡᠢ ᠶᠢᠨ ᠶᠡᠷᠦᠩᠬᠡᠢ ᠬᠡᠮᠵᠢᠶ᠎ᠡ 81.4 ᠳ᠋ᠦᠩᠰᠢᠭᠤᠷ ᠪᠣᠰᠤᠭ᠎ᠠ ᠳᠥᠷᠪᠡᠯᠵᠢᠨ

ᠮᠧᠲᠷ ᠲᠤ ᠬᠦᠷᠴᠡᠢ᠃ ᠡᠭᠦᠨ ᠠᠴᠠ ᠭᠠᠳᠠᠨ᠎ᠠ᠂ ᠦᠬᠠᠶ ᠬᠤᠲᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ

ᠮᠠᠰᠢᠨ ᠲᠡᠷᠭᠡᠨ ᠤ ᠬᠠᠳᠠᠭᠠᠯᠠᠯᠲᠠ ᠶᠢᠨ ᠬᠡᠮᠵᠢᠶ᠎ᠡ 50 ᠭᠠᠷᠤᠶ ᠲᠦᠮᠡ ᠳᠤ ᠬᠦᠷᠴᠦ᠂ ᠶᠡᠭᠡ ᠬᠡᠮᠵᠢᠶᠡᠨ ᠤ ᠨᠡᠭᠦᠷᠡᠰᠦ᠂

ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠠᠬᠤᠶᠢᠯᠠᠯ ᠤᠨ ᠬᠦᠨᠳᠦ ᠬᠡᠯᠪᠡᠷᠢ ᠶᠢᠨ

ᠠᠴᠢᠶᠠᠨ ᠤ ᠮᠠᠰᠢᠨ ᠲᠡᠷᠭᠡᠨ ᠤ ᠬᠡᠷᠡᠭᠴᠡᠭᠡ ᠨᠡᠯᠢᠶᠡᠳ ᠶᠡᠭᠡ ᠪᠠᠶᠢᠨ᠎ᠠ᠃ ᠡᠨᠡ ᠵᠢᠯ ᠠᠴᠠ ᠨᠠᠰᠢ᠂ ᠦᠬᠠᠶ ᠬᠤᠲᠠ

ᠤᠰᠤᠲᠥ᠋ᠷᠥᠭᠴᠢ ᠡᠨᠧᠷᠭᠢ ᠶᠢᠨ ᠠᠵᠤ ᠠᠬᠤᠢ ᠶᠢᠨ ᠬᠥᠭᠵᠢᠯᠲᠡ ᠶᠢᠨ ᠲᠦᠯᠦᠪᠵᠢᠬᠦᠯᠭᠡ ᠶᠢ ᠨᠠᠶᠢᠷᠠᠭᠤᠯᠤᠨ

ᠵᠣᠬᠢᠶᠠᠵᠤ᠂ ᠬᠤᠯᠪᠤᠭᠳᠠᠯ ᠪᠦᠬᠦᠢ ᠵᠣᠷᠢᠭᠵᠢᠭᠤᠯᠬᠤ ᠲᠥᠷᠥ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠵᠦ᠂ ᠪᠦᠬᠦ

ᠣᠷᠣᠨ ᠤ ᠠᠩᠬᠠᠳᠠᠭᠴᠢ ᠤᠰᠤᠲᠥ᠋ᠷᠥᠭᠴᠢ ᠨᠡᠮᠡᠬᠦ ᠥᠷᠲᠡᠭᠡ ᠶᠢ ᠪᠠᠶᠢᠭᠤᠯᠵᠤ᠂ ᠤᠰᠤᠲᠥ᠋ᠷᠥᠭᠴᠢ ᠶᠢᠨ ᠠᠵᠤ

ᠠᠬᠤᠢ ᠶᠢᠨ ᠵᠢᠱᠢᠶ᠎ᠡ ᠦᠵᠡᠬᠦᠯᠬᠦ ᠬᠤᠲᠠ ᠶᠢ ᠪᠦᠬᠦ ᠬᠦᠴᠦᠨ ᠢᠶᠠᠷ ᠪᠠᠶᠢᠭᠤᠯᠵᠤ ᠪᠤᠢ᠃

    ᠡᠣ ᠶᠢᠩ ᠠᠴᠠ ᠰᠠᠨᠠᠭᠤᠯᠭ᠎ᠠ ᠲᠤᠷᠠᠳᠣᠭᠰᠠᠨ ᠨᠢ᠂ ᠤᠰᠤᠲᠥ᠋ᠷᠥᠭᠴᠢ ᠶᠢᠨ ᠡᠨᠧᠷᠭᠢ ᠶᠢᠨ ᠠᠵᠤ ᠦᠢᠯᠡᠰ ᠤᠨ

ᠪᠡᠯᠡ ᠮᠥᠩᠭᠦ ᠶᠢ ᠳᠡᠮᠵᠢᠬᠦ ᠡᠷᠴᠢᠮ ᠢᠶᠠᠨ ᠴᠢᠩᠭᠠᠳᠬᠠᠵᠤ᠂ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ

ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ᠂ ᠦᠢᠯᠡᠳᠬᠦᠨ ᠤ ᠲᠥᠷᠥᠯ ᠵᠦᠢᠯ ᠪᠠ ᠬᠤᠯᠪᠤᠭᠳᠠᠯ

ᠪᠦᠬᠦᠢ ᠠᠵᠤ ᠦᠢᠯᠡᠰ ᠤᠨ ᠠᠵᠤ ᠠᠬᠤᠶᠢᠯᠠᠯ ᠳᠤ ᠡᠳ᠋ ᠤᠨ ᠵᠠᠰᠠᠭ ᠤᠨ ᠣᠷᠣᠭᠤᠯᠤᠯᠲᠠ᠂ ᠢᠲᠡᠭᠡᠮᠵᠢᠲᠦ

ᠵᠢᠭᠡᠯᠡᠯᠭᠡ ᠶᠢᠨ ᠳᠡᠮᠵᠢᠯᠭᠡ᠂ ᠲᠦᠭᠰᠢᠭᠦᠷᠢ ᠶᠢᠨ ᠨᠥᠬᠦᠪᠥᠷᠢ ᠵᠡᠷᠭᠡ ᠲᠥᠷᠥ ᠶᠢᠨ ᠪᠤᠲᠤᠯᠭ᠎ᠠ ᠶᠢᠨ ᠪᠡᠯᠡ ᠮᠥᠩᠭᠦ ᠶᠢᠨ

ᠲᠠᠯ᠎ᠠ ᠪᠠᠷ ᠲᠡᠳᠬᠦᠮᠵᠢ ᠦᠵᠡᠭᠦᠯᠬᠦ ᠬᠡᠷᠡᠭᠲᠡᠶ᠃ ᠡᠭᠦᠨ ᠤ ᠬᠠᠮᠲᠤ᠂ ᠣᠳᠣᠬᠠᠨ ᠤ ᠤᠰᠤᠲᠥ᠋ᠷᠥᠭᠴᠢ ᠡᠨᠧᠷᠭᠢ ᠶᠢᠨ

ᠠᠵᠤ ᠦᠢᠯᠡᠰ ᠤᠨ ᠵᠠᠩᠭᠢᠯᠠᠭ᠎ᠠ ᠶᠢᠨ ᠮᠡᠷᠭᠡᠵᠢᠯ ᠳᠤᠲᠠᠮᠠᠭ᠂ ᠦᠢᠯᠡᠳᠬᠦᠨ ᠤ ᠪᠠᠷᠢᠮᠵᠢᠶ᠎ᠠ ᠶᠢᠨ ᠰᠢᠰᠲ᠋ᠧᠮ ᠤᠨ

ᠪᠠᠶᠢᠭᠤᠯᠤᠯᠲᠠ ᠲᠡᠭᠦᠯᠳᠡᠷᠵᠢᠭᠡᠳᠦᠶ ᠵᠡᠷᠭᠡ ᠠᠰᠠᠭᠤᠳᠠᠯ ᠳᠤ ᠴᠢᠭᠯᠡᠬᠦᠯᠦᠨ᠂ ᠬᠤᠯᠪᠤᠭᠳᠠᠯ ᠪᠦᠬᠦᠢ ᠲᠥᠷᠥ ᠶᠢᠨ

ᠪᠣᠳᠣᠯᠭ᠎ᠠ ᠶᠢ ᠲᠣᠭᠲᠠᠭᠠᠨ ᠵᠣᠷᠢᠭᠵᠢᠭᠤᠯᠤᠨ ᠳᠡᠮᠵᠢᠬᠦ᠂ ᠵᠢᠷᠣᠮᠵᠢᠭᠤᠯᠤᠨ ᠬᠥᠲᠥᠯᠥᠨ ᠵᠢᠯᠣᠭᠤᠳᠴᠣ᠂

ᠤᠰᠤᠲᠥ᠋ᠷᠥᠭᠴᠢ ᠡᠨᠧᠷᠭᠢ ᠶᠢᠨ ᠰᠤᠷᠪᠤᠯᠵᠢ ᠶᠢᠨ ᠮᠡᠷᠭᠡᠵᠢᠯ ᠢ ᠠᠵᠤ ᠦᠢᠯᠡᠰᠵᠢᠭᠦᠯᠦᠨ ᠬᠥᠭᠵᠢᠭᠦᠯᠬᠦ ᠶᠢ ᠠᠬᠢᠭᠤᠯᠤᠨ

᠂ ᠠᠵᠤ ᠠᠬᠤᠢ ᠶᠢᠨ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ᠂ ᠡᠷᠴᠢᠮᠵᠢᠭᠦᠯᠦᠭᠰᠡᠨ ᠬᠥᠭᠵᠢᠯᠲᠡ᠂ ᠪᠣᠬᠢᠷᠲᠤᠯ

ᠦᠭᠡᠢ ᠬᠥᠭᠵᠢᠯᠲᠡ ᠶᠢ ᠠᠬᠢᠭᠤᠯᠪᠠᠯ ᠵᠤᠬᠢᠨ᠎ᠠ ᠬᠡᠵᠡᠢ᠃

     ᠤᠰᠤᠲᠥ᠋ᠷᠥᠭᠴᠢ ᠡᠨᠧᠷᠭᠢ ᠶᠢ 21 ᠳ᠋ᠣᠭᠡᠷ ᠵᠠᠭᠤᠨ ᠤ ᠡᠴᠦᠰ ᠤᠨ ᠡᠨᠧᠷᠭᠢ ᠪᠠᠷ ᠦᠵᠡᠳᠡᠭ᠃ ᠠᠯᠢ ᠡᠷᠲᠡ

2018 ᠣᠨ ᠤ 2 ᠰᠠᠷ᠎ᠠ ᠳᠤ᠂ ᠤᠯᠤᠰ ᠤᠨ ᠡᠨᠧᠷᠭᠢ ᠶᠢᠨ ᠪᠦᠯᠦᠭᠯᠡᠯ ᠳᠠᠷᠤᠶ ᠳᠤᠮᠳᠠᠳᠤ ᠤᠯᠤᠰ ᠤᠨ

ᠤᠰᠤᠲᠥ᠋ᠷᠥᠭᠴᠢ ᠡᠨᠧᠷᠭᠢ ᠵᠢᠴᠢ ᠲᠦᠯᠡᠰᠢᠨ ᠴᠠᠬᠢᠯᠭᠠᠨ ᠴᠡᠨᠡᠭ ᠤᠨ ᠠᠵᠤ ᠦᠢᠯᠡᠰ ᠤᠨ ᠰᠢᠨ᠎ᠡ ᠶᠢ ᠡᠭᠦᠳᠬᠦ

ᠪᠠᠶᠢᠯᠳᠤᠬᠤ ᠪᠤᠲᠤᠯᠭ᠎ᠠ ᠶᠢᠨ ᠬᠤᠯᠪᠣᠭ᠎ᠠ ︵ᠳᠤᠮᠳᠠᠳᠤ ᠤᠯᠤᠰ ᠤᠨ ᠤᠰᠤᠲᠥ᠋ᠷᠥᠭᠴᠢ ᠡᠨᠧᠷᠭᠢ ᠶᠢᠨ ᠬᠤᠯᠪᠣᠭ᠎ᠠ

ᠭᠡᠵᠦ ᠲᠣᠪᠴᠢᠯᠠᠨ᠎ᠠ︶ ᠶᠢ ᠲᠦᠷᠦᠭᠦᠯᠡᠨ ᠪᠠᠶᠢᠭᠤᠯᠪᠠ︔ ᠲᠣᠰ ᠵᠢᠯ ᠤᠨ 4 ᠰᠠᠷ᠎ᠠ ᠳᠤ᠂ ᠪᠥᠬᠦ ᠳᠡᠯᠡᠬᠡᠶ ᠶᠢᠨ

ᠠᠩᠬᠠᠳᠠᠭᠴᠢ ᠬᠦᠷᠡᠩ ᠨᠡᠭᠦᠷᠡᠰᠦ ᠪᠠᠷ ᠤᠰᠤᠲᠥ᠋ᠷᠥᠭᠴᠢ ᠦᠢᠯᠡᠳᠬᠦ ᠬᠤᠳᠠᠯᠳᠤᠭᠠᠨ ᠤ ᠲᠤᠷᠰᠢᠯᠲᠠ ᠶᠢᠨ ᠲᠥᠷᠥᠯ

ᠵᠦᠢᠯ ᠪᠣᠶ ᠪᠣᠯᠪᠠ︔ ᠲᠣᠰ ᠵᠢᠯ ᠤᠨ 10 ᠰᠠᠷ᠎ᠠ ᠳᠤ᠂ ᠤᠯᠤᠰ ᠤᠨ ᠡᠨᠧᠷᠭᠢ ᠶᠢᠨ ᠪᠦᠯᠦᠭᠯᠡᠯ ᠤᠨ ᠵᠡᠬᠦᠠᠭᠠᠷ ᠤᠨ

ᠡᠨᠧᠷᠭᠢ ᠶᠢᠨ ᠪᠦᠯᠦᠭᠯᠡᠯ᠂ ᠤᠰᠤᠲᠥ᠋ᠷᠥᠭᠴᠢ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ᠂

ᠪᠡᠭᠡᠵᠢᠩ ᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠴᠡᠪᠡᠷ ᠡᠨᠧᠷᠭᠢ ᠶᠢᠨ ᠰᠤᠳᠤᠯᠭᠠᠨ ᠤ ᠬᠦᠷᠢᠶᠡᠯᠡᠩ

ᠪᠤᠯᠤᠨ ᠸᠧᠢ ᠹᠠᠩ ᠤᠨ ᠴᠠᠶᠢᠶ᠋ᠢᠦ ᠮᠠᠰᠢᠨ ᠤ ᠬᠤᠪᠢ ᠡᠵᠡᠮᠳᠡᠬᠦ ᠪᠦᠯᠦᠭᠯᠡᠯ ᠯᠦᠭᠡ 200 ᠲᠣᠨ ᠤ ᠲᠠᠰ ᠠᠴᠠ

ᠳᠡᠭᠡᠭᠰᠢᠬᠢ ᠤᠰᠤᠲᠥ᠋ᠷᠥᠭᠴᠢ ᠡᠨᠧᠷᠭᠢ ᠶᠢᠨ ᠠᠭᠤᠷᠬᠠᠶ ᠳᠤ ᠬᠡᠷᠡᠭᠯᠡᠬᠦ ᠬᠦᠨᠲᠤ ᠠᠴᠢᠶᠠᠨ ᠤ ᠮᠠᠰᠢᠨ ᠲᠡᠷᠭᠡ ᠶᠢ

ᠰᠤᠳᠤᠯᠤᠨ ᠨᠡᠭᠡᠭᠡᠬᠦ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠬᠢᠷᠠᠯᠴᠠᠪᠠ᠃

     ᠮᠠᠨ ᠤ ᠤᠯᠤᠰ ᠪᠣᠯ ᠨᠡᠭᠦᠷᠡᠰᠦ ᠡᠯᠪᠡᠭ ᠲᠣᠰᠣ ᠪᠠᠭ᠎ᠠ ᠬᠡᠢ ᠳᠤᠲᠠᠮᠠᠭ ᠤᠯᠤᠰ ᠲᠤ ᠬᠠᠷᠢᠶᠠᠯᠠᠭᠳᠠᠨ᠎ᠠ᠂

ᠨᠡᠭᠦᠷᠡᠰᠦᠨ ᠤ ᠬᠠᠳᠠᠭᠠᠯᠠᠭᠳᠠᠴᠠ ᠡᠯᠪᠡᠭ ᠪᠣᠯᠪᠠᠴᠤ ᠶᠡᠬᠡᠩᠬᠢ ᠬᠡᠰᠡᠭ ᠨᠢ ᠬᠥᠳᠡᠯᠭᠡᠬᠦ ᠬᠦᠴᠦᠨ ᠤ ᠨᠡᠭᠦᠷᠡᠰᠦ

ᠪᠤᠯᠪᠠᠰᠣ ᠬᠦᠬᠦᠷ ᠪᠠᠭ᠎ᠠ ᠦᠨᠡᠰᠦ ᠪᠠᠭᠠᠲᠠᠶ ᠴᠢᠨᠠᠷ ᠰᠠᠶᠢᠲᠠᠶ ᠬᠡᠦᠷᠡᠰᠦᠨ ᠨᠡᠭᠦᠷᠡᠰᠦ ᠨᠡᠯᠢᠶᠡᠳ ᠬᠤᠪᠣᠷ ᠪᠠᠶᠢᠳᠠᠭ᠃

ᠭᠡᠪᠡᠴᠦ ᠮᠠᠨ ᠤ ᠤᠯᠤᠰ ᠤᠨ ᠦᠢᠯᠡᠳᠪᠦᠷᠢᠯᠡᠯ ᠠᠮᠢᠳᠤᠷᠠᠯ ᠤᠨ ᠴᠢᠨᠠᠷ ᠰᠠᠶᠢᠲᠠᠶ ᠬᠡᠤᠷᠡᠰᠦ ᠬᠡᠷᠡᠭᠰᠡᠬᠦ ᠬᠡᠮᠵᠢᠶ᠎ᠡ

ᠨᠡᠯᠢᠶᠡᠳ ᠶᠡᠭᠡ ᠪᠠᠶᠢᠨ᠎ᠠ᠃ ᠡᠶᠢᠮᠦ ᠠᠴᠠ᠂ ᠦ᠋ ᠶᠢᠩ ᠭᠠᠳᠠᠭᠠᠳᠤ ᠠᠴᠠ ᠣᠷᠣᠭᠤᠯᠬᠤ ᠲᠠᠯ᠎ᠠ ᠪᠠᠷ᠂ ᠬᠦᠬᠦᠷ ᠪᠠᠭ᠎ᠠ

ᠦᠨᠡᠰᠦ ᠳᠣᠣᠷ᠎ᠠ ᠴᠢᠨᠠᠷ ᠰᠠᠶᠢᠲᠠᠢ ᠬᠡᠦᠷᠡᠰᠦᠨ ᠨᠡᠭᠦᠷᠡᠰᠦ ᠪᠣᠯᠤᠨ ᠬᠥᠳᠡᠯᠭᠡᠬᠦ ᠬᠦᠴᠦᠨ ᠤ ᠨᠡᠬᠦᠷᠡᠰᠦ ᠶᠢ

ᠢᠯᠭᠠᠭ᠎ᠠ ᠲᠠᠢ ᠪᠠᠶᠢᠯᠭᠠᠬᠤ ᠬᠡᠷᠡᠭᠲᠡᠢ᠂ ᠨᠢᠭᠡ ᠳᠤ ᠮᠠᠨ ᠤ ᠤᠯᠤᠰ ᠤᠨ ᠭᠤᠤᠯ ᠬᠡᠦᠷᠡᠰᠦᠨ ᠨᠡᠭᠦᠷᠡᠰᠦᠨ ᠤ ᠴᠢᠨᠠᠷ

ᠰᠠᠶᠢᠲᠠᠶ ᠬᠠᠳᠠᠭᠠᠯᠠᠭᠳᠠᠴᠠ ᠶᠢ ᠬᠠᠮᠠᠭᠠᠯᠠᠵᠤ ᠴᠢᠳᠠᠨ᠎ᠠ᠂ ᠬᠤᠶᠠᠷ ᠲᠤ ᠤᠯᠤᠰ ᠤᠨ ᠳᠣᠲᠣᠭᠠᠳᠤ ᠶᠢᠨ ᠵᠠᠬ᠎ᠠ

ᠳᠡᠯᠭᠡᠭᠦᠷ ᠤᠨ ᠬᠡᠷᠡᠭᠴᠡᠭᠡ ᠶᠢ ᠬᠠᠩᠭᠠᠵᠤ ᠴᠢᠳᠠᠨ᠎ᠠ ᠬᠡᠵᠦ ᠰᠠᠨᠠᠭᠤᠯᠭ᠎ᠠ ᠲᠤᠷᠠᠳᠴᠠᠢ᠃

    ︽ᠥᠩᠭᠡᠷᠡᠭᠰᠡᠨ ᠳᠤ ᠮᠣᠩᠭᠤᠯ ᠤᠯᠤᠰ ᠠᠴᠠ ᠨᠡᠭᠦᠷᠡᠰᠦ ᠣᠷᠣᠭᠤᠯᠵᠤ ᠪᠠᠶᠢᠭᠰᠠᠨ ᠨᠢ ᠭᠤᠤᠯᠳᠠᠭᠤ ᠮᠠᠰᠢᠨ

ᠲᠡᠷᠭᠡᠨ ᠤ ᠲᠡᠭᠡᠭᠡᠪᠦᠷᠢ ᠶᠢᠨ ᠠᠷᠭ᠎ᠠ ᠮᠠᠶ᠋ᠢᠭ ᠪᠠᠶᠢᠵᠤ᠂ ᠵᠠᠷᠤᠳᠠᠯ ᠨᠢ ᠥᠨᠳᠥᠷ᠂ ᠦᠷ᠎ᠡ ᠠᠰᠢᠭ ᠳᠣᠣᠷ᠎ᠠ᠂

ᠪᠣᠬᠢᠷᠲᠤᠯ ᠶᠡᠭᠡ︾᠃ ᠡᠤ ᠶᠢᠩ ᠰᠤᠷᠪᠤᠯᠵᠢᠯᠠᠭᠴᠢ ᠳᠤ ᠢᠯᠡᠷᠭᠡᠶᠢᠯᠡᠭᠰᠡᠨ ᠨᠢ᠂ ᠮᠣᠩᠭᠤᠯ ᠤᠯᠤᠰ ᠲᠠᠢ ᠬᠠᠮᠲᠤᠷᠠᠨ

ᠮᠣᠩᠭᠤᠯ ᠤᠯᠤᠰ ᠤᠨ ᠠᠭᠤᠷᠬᠠᠢ ᠶᠢᠨ ᠣᠷᠣᠨ ᠠᠴᠠ ᠪᠣᠭᠤᠮᠲᠠ ᠬᠦᠷᠬᠦ ᠲᠡᠮᠦᠷ ᠵᠠᠮ ᠲᠡᠪᠢᠰᠬᠦ ᠶᠢ ᠰᠠᠨᠠᠭᠠᠴᠢᠯᠠᠵᠤ᠂

ᠢᠩᠭᠢᠪᠡᠯ ᠲᠡᠭᠡᠭᠡᠪᠦᠷᠢ ᠶᠢᠨ ᠵᠠᠷᠤᠳᠠᠯ ᠢ ᠪᠠᠭᠤᠷᠠᠭᠤᠯᠵᠤ᠂ ᠪᠠᠰᠠ ᠲᠡᠭᠡᠭᠡᠪᠦᠷᠢ ᠶᠢᠨ ᠦᠷ᠎ᠡ ᠪᠦᠲᠦᠮᠵᠢ ᠶᠢ

ᠳᠡᠭᠡᠭᠰᠢᠯᠡᠭᠦᠯᠵᠦ᠂ ᠣᠷᠴᠢᠨ ᠲᠣᠭᠤᠷᠢᠨ ᠤ ᠪᠣᠬᠢᠷᠲᠤᠯ ᠢ ᠪᠠᠭᠠᠰᠬᠠᠵᠤ ᠴᠢᠳᠠᠨ᠎ᠠ ᠬᠡᠵᠡᠢ᠃

                ︵︽ᠤᠯᠤᠰ ᠤᠨ ᠴᠠᠬᠢᠯᠭᠠᠨ ᠬᠦᠴᠦᠨ ᠤ ᠰᠣᠨᠢᠨ︾ ᠠᠴᠠ ᠣᠷᠴᠢᠭᠤᠯᠪᠠ︶

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map