ᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠨᠠᠮ ᠤᠨ ᠪᠠᠶᠢᠭᠤᠯᠤᠯᠲᠠ ᠪᠠᠷ ᠮᠣᠩᠭᠤᠯ ᠬᠢᠲᠠᠳ ᠡᠮᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2020-05-28
     ᠣᠶᠢᠷ᠎ᠠ ᠶᠢᠨ ᠵᠢᠯ ᠳᠤ᠂ ᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠨᠠᠮ ᠤᠨ ᠪᠠᠶᠢᠭᠤᠯᠤᠯᠲᠠ ᠪᠠᠷ ᠮᠣᠩᠭᠤᠯ ᠬᠢᠲᠠᠳ ᠡᠮᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠵᠤ᠂ ︽ᠡᠷᠡᠭᠦᠯ ᠮᠡᠨᠲᠤ ᠦᠬᠠᠢ︾ ᠶᠢᠨ ᠪᠦᠲᠦᠭᠡᠨ ᠪᠠᠶᠢᠭᠤᠯᠤᠯᠲᠠ ᠶᠢ ᠬᠦᠴᠦᠲᠡᠶ ᠠᠬᠢᠭᠤᠯᠪᠠ᠃      ᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠨᠠᠮ ᠤᠨ ᠪᠠᠶᠢᠭᠤᠯᠤᠯᠲᠠ ᠪᠠᠷ ︽ᠣᠨᠣᠰᠢᠯᠠᠨ ᠡᠮᠨᠡᠬᠦ ᠠᠷᠭ᠎ᠠ︾ ᠶᠢ ᠬᠡᠷᠡᠭᠵᠢᠭᠦᠯᠵᠦ᠂ ᠨᠠᠮ ᠤᠨ ᠡᠭᠦᠷ ᠤᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠵᠤ᠂ ᠨᠠᠮ ᠤᠨ ᠲᠠᠭᠤᠨ ᠢ ᠨᠠᠮ ᠤᠨ ᠡᠭᠦᠷ ᠨᠢᠭᠡᠪᠦᠷᠢ᠂ ᠨᠠᠮ ᠤᠨ ᠭᠡᠰᠢᠭᠦᠨ ᠨᠢᠭᠡᠪᠦᠷᠢ ᠳᠤ ᠳᠠᠮᠵᠢᠭᠤᠯᠪᠠ︔ ᠨᠠᠮ ᠤᠨ ᠤᠳᠤᠷᠢᠳᠤᠯᠭ᠎ᠠ ᠶᠢ ᠡᠮᠨᠡᠯᠭᠡ ᠶᠢᠨ ᠬᠤᠷᠢᠶᠠᠨ ᠤ ᠵᠠᠰᠠᠯᠲᠠ ᠶᠢᠨ ᠡᠯ᠎ᠡ ᠭᠤᠭᠴᠤᠭ᠎ᠠ ᠳᠤ ᠠᠭᠤᠰᠤᠯᠴᠠᠭᠤᠯᠬᠤ ᠶᠢ ᠪᠠᠷᠢᠮᠲᠠᠯᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ︽ᠨᠢᠭᠡᠳᠦᠭᠡᠷ ᠬᠠᠷᠢᠭᠤᠴᠠᠯᠭᠠᠳᠠᠨ ᠤ ᠢᠨᠵᠧᠨᠧᠷᠢᠩ︾ ᠢ ᠬᠡᠷᠡᠭᠵᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ︽ᠲᠥᠪ ᠮᠡᠳᠡᠷᠡᠯ︾  ᠤᠨ ᠳᠠᠮᠵᠢᠭᠤᠯᠬᠤ ᠦᠢᠯᠡᠳᠦᠯ ᠢ ᠴᠢᠩᠭᠠᠳᠬᠠᠪᠠ︔ ᠱᠦᠵᠢ᠂ ᠬᠤᠷᠢᠶᠠᠨ ᠳᠠᠷᠤᠭ᠎ᠠ ᠶᠢᠨ ︽ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠡᠷᠭᠢᠮᠯᠡᠬᠦ᠂ ᠠᠵᠢᠯᠯᠠᠭ᠎ᠠ ᠶᠢ ᠴᠢᠬᠤᠯᠠᠴᠢᠯᠠᠬᠤ᠂ ᠦᠷ᠎ᠡ ᠪᠦᠲᠦᠮᠵᠢ ᠭᠠᠷᠭᠠᠬᠤ︾ ᠠᠵᠢᠯᠯᠠᠭ᠎ᠠ ᠶᠢ ᠮᠣᠩᠭᠤᠯ ᠬᠢᠲᠠᠳ ᠡᠮᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠪᠣᠯᠭᠠᠬᠤ ᠶᠢ ᠪᠠᠷᠢᠮᠲᠠᠯᠠᠵᠤ᠂ ᠪᠦᠬᠦ ᠠᠵᠢᠯᠲᠠᠨ ᠢᠶᠠᠨ ᠨᠢᠭᠲᠠᠷᠠᠭᠤᠯᠤᠨ ᠬᠥᠭᠵᠢᠯᠲᠡ ᠶᠢᠨ ᠨᠡᠶᠢᠯᠡᠮᠡᠯ ᠬᠦᠴᠦᠨ ᠢ ᠬᠠᠮᠲᠤ ᠪᠠᠷ ᠡᠷᠢᠯᠭᠢᠯᠡᠪᠡ᠃      ᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ︽ᠨᠠᠮ ᠤᠨ ᠡᠭᠦᠷ ᠢ ᠰᠠᠯᠠᠭ᠎ᠠ ᠲᠠᠰᠤᠭ ᠲᠤ ᠪᠠᠶᠢᠭᠤᠯᠬᠤ︾ ᠵᠠᠷᠴᠢᠮ ᠢ ᠪᠠᠷᠢᠮᠲᠠᠯᠠᠵᠤ᠂ 3 ᠠᠴᠠ ᠳᠡᠭᠡᠭᠰᠢ ᠨᠠᠮ ᠤᠨ ᠭᠡᠰᠢᠭᠦᠨ ᠤ ᠰᠠᠯᠠᠭ᠎ᠠ ᠲᠠᠰᠤᠭ ᠲᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠤᠬᠢᠷᠠᠭᠤᠯᠤᠯᠳᠠ ᠬᠢᠵᠦ᠂ ᠤᠤᠯ ᠤᠨ 3 ᠨᠠᠮ ᠤᠨ ᠡᠭᠦᠷ ᠤᠨ ᠰᠠᠭᠤᠷᠢᠨ ᠳᠡᠭᠡᠷ᠎ᠡ 3 ᠨᠠᠮ ᠤᠨ ᠡᠭᠦᠷ ᠢ ᠰᠢᠨ᠎ᠡ ᠪᠠᠷ ᠨᠡᠮᠡᠭᠳᠡᠭᠦᠯᠵᠦ᠂ ᠡᠮᠨᠡᠯᠭᠡ ᠶᠢᠨ ᠬᠤᠷᠢᠶᠠᠨ ᠤ ᠳᠣᠲᠣᠭᠠᠳᠤ ᠪᠠᠶᠢᠭᠤᠯᠤᠮᠵᠢ ᠶᠢ ᠪᠦᠬᠦ ᠲᠠᠯ᠎ᠠ ᠪᠠᠷ ᠬᠠᠮᠤᠷᠴᠠᠶ᠃ ᠨᠠᠮ ᠤᠨ ᠵᠣᠬᠢᠶᠠᠨ ᠪᠠᠶᠢᠭᠤᠯᠤᠯᠲᠠ ᠶᠢᠨ ︽ᠨᠠᠮ ᠤᠨ ᠠᠵᠢᠯ ᠳᠤ ᠠᠰᠢᠭᠲᠠᠢ᠂ ᠨᠠᠮ ᠤᠨ ᠭᠡᠰᠢᠭᠦᠨ ᠤ ᠠᠵᠢᠯᠯᠠᠭ᠎ᠠ ᠳᠤ ᠠᠰᠢᠭᠲᠠᠢ᠂ ᠨᠠᠮ ᠤᠨ ᠭᠡᠰᠢᠭᠦᠨ ᠤ ᠦᠢᠯᠡᠳᠦᠯ ᠢ ᠪᠠᠳᠠᠷᠠᠭᠤᠯᠬᠤ ᠳᠤ ᠠᠰᠢᠭᠲᠠᠢ︾ ᠪᠠᠶᠢᠬᠤ ᠶᠢ ᠪᠡᠶᠡᠯᠡᠭᠦᠯᠪᠡ︔ ︽ᠨᠠᠮ ᠤᠨ ᠪᠠᠶᠢᠭᠤᠯᠤᠯᠲᠠ ᠪᠠᠷ ᠡᠷᠡᠭᠦᠯ ᠮᠡᠨᠳᠦ ᠶᠢ ᠠᠬᠢᠭᠤᠯᠵᠤ᠂ ᠡᠷᠡᠭᠦᠯ ᠮᠡᠨᠳᠦ ᠶᠢ ᠨᠠᠮ ᠤᠨ ᠪᠠᠶᠢᠭᠤᠯᠤᠯᠳᠠ ᠳᠤ ᠠᠭᠤᠰᠤᠯᠴᠠᠭᠤᠯᠬᠤ︾ ᠠᠵᠢᠯ ᠤᠨ ᠰᠡᠳᠬᠢᠴᠡ ᠶᠢ ᠪᠠᠷᠢᠮᠲᠠᠯᠠᠵᠤ᠂ ︽ᠦᠵᠡᠵᠦ ᠰᠣᠨᠣᠰᠬᠤ ᠠᠰᠠᠭᠤᠵᠤ ᠯᠠᠪᠯᠠᠬᠤ︾ ᠠᠵᠢᠯ ᠤᠨ ᠠᠷᠭ᠎ᠠ ᠶᠢ ᠬᠡᠷᠡᠭᠵᠢᠭᠦᠯᠵᠦ᠂ ᠠᠰᠠᠭᠤᠳᠠᠯ ᠢ ᠪᠠᠶᠢᠴᠠᠭᠠᠬᠤ᠂ ᠵᠥᠷᠢᠶ᠎ᠡ ᠪᠠᠨ ᠡᠷᠢᠬᠦ᠂ ᠳᠤᠲᠠᠭᠤᠳᠠᠯ ᠢᠶᠠᠨ ᠨᠥᠬᠦᠪᠥᠷᠢᠯᠡᠬᠦ ᠲᠠᠯ᠎ᠠ ᠪᠠᠷ ᠪᠠᠶᠢᠩᠭᠤᠵᠢᠭᠤᠯᠤᠭᠰᠠᠨ ᠬᠢᠨᠠᠨ ᠵᠢᠯᠣᠭᠤᠳᠴᠤ ᠪᠠᠶᠢᠴᠠᠭᠠᠬᠤ ᠶᠢ ᠥᠷᠨᠢᠭᠦᠯᠪᠠ︔ ᠮᠣᠩᠭᠤᠯ ᠬᠢᠲᠠᠳ ᠡᠮ ᠡᠮᠨᠡᠯᠭᠡ ᠶᠢᠨ ᠣᠨᠴᠠᠯᠢᠭᠲᠤ ᠣᠨᠣᠰᠢᠯᠠᠨ ᠡᠮᠨᠡᠬᠦ ᠳᠠᠪᠠᠭᠤᠯᠢᠭ ᠢᠶᠠᠨ ᠴᠢᠬᠤᠯᠠᠴᠢᠯᠠᠨ ᠪᠠᠳᠠᠷᠠᠭᠤᠯᠵᠤ᠂ ︽ᠨᠠᠷᠠᠲᠤ ᠡᠮᠴᠢ ᠶᠢᠨ ᠠᠵᠢᠯᠯᠠᠬᠤ ᠲᠠᠰᠤᠭ︾ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠮᠣᠩᠭᠤᠯ ᠬᠢᠲᠠᠳ ᠡᠮᠨᠡᠯᠭᠡ ᠶᠢᠨ ᠠᠬᠠᠮᠠᠳ ᠲᠤᠰᠬᠠᠶ ᠮᠡᠷᠭᠡᠵᠢᠯᠲᠡᠨ ᠤ ᠡᠮᠴᠢᠯᠡᠭᠡᠨ ᠤ ᠲᠠᠰᠤᠭ ᠵᠡᠷᠭᠡ 10 ᠨᠠᠮ ᠤᠨ ᠭᠡᠰᠢᠭᠦᠨ ᠤ ᠬᠤᠰᠢᠭᠤᠴᠢ ᠠᠵᠢᠯ ᠤᠨ ᠪᠠᠶᠢᠷᠢ ᠶᠢᠨ ︽ᠨᠢᠭᠡ ᠴᠡᠭ ᠣᠯᠠᠨ ᠠᠵᠢᠯ ᠤᠨ ᠪᠠᠶᠢᠷᠢ︾ ᠲᠠᠢ ᠬᠤᠯᠪᠣᠭᠳᠠᠭᠰᠠᠨ ᠡᠮᠴᠢᠯᠡᠭᠡᠨ ᠤ ᠦᠢᠯᠡᠴᠢᠯᠡᠭᠡᠨ ᠤ ᠪᠠᠶᠢᠷᠢᠰᠢᠯ ᠢ ᠪᠦᠷᠢᠯᠳᠦᠬᠦᠯᠪᠡ︔ ᠮᠣᠩᠭᠤᠯ ᠬᠢᠲᠠᠳ ᠡᠮᠴᠢᠯᠡᠭᠡᠨ ᠤ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ ᠴᠢᠬᠤᠯᠠᠴᠢᠯᠠᠨ ᠪᠠᠳᠠᠷᠠᠭᠤᠯᠵᠤ᠂ ︽ᠨᠠᠮ ᠤᠨ ᠪᠠᠶᠢᠭᠤᠯᠤᠯᠲᠠ +︾ ᠶᠢᠨ ᠬᠦᠷᠦᠯᠴᠡᠬᠦ ᠲᠠᠯ᠎ᠠ ᠶᠢ ᠤᠷᠲᠤᠳᠬᠠᠵᠤ᠂ ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠴᠡᠷᠢᠭ ᠤᠨ ᠬᠤᠸᠠᠷᠠᠨ᠂ ᠨᠡᠶᠢᠭᠡᠮ ᠲᠣᠭᠤᠷᠢᠭ᠂ ᠳᠠᠭᠠᠭᠠᠴᠢᠯᠠᠨ ᠬᠤᠯᠪᠣᠭᠠᠯᠠᠬᠤ ᠬᠠᠮᠲᠤ ᠪᠠᠷ ᠪᠠᠶᠢᠭᠤᠯᠬᠤ ᠨᠢᠭᠡᠴᠡ ᠳᠤ ᠭᠦᠨᠵᠡᠭᠡᠶᠢᠷᠡᠨ ᠠᠯᠪᠠᠨ ᠵᠢᠷᠤᠮ ᠤᠨ ᠪᠠᠶᠢᠴᠠᠭᠠᠯᠳᠠ᠂ ᠡᠷᠡᠭᠦᠯ ᠮᠡᠨᠳᠦ ᠶᠢᠨ ᠤᠬᠠᠭᠤᠯᠭ᠎ᠠ ᠵᠡᠷᠭᠡ ᠠᠵᠢᠯᠯᠠᠭ᠎ᠠ ᠥᠷᠨᠢᠭᠦᠯᠵᠦ᠂ ᠣᠷᠣᠨ ᠪᠦᠰᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠠᠭᠤᠰᠤᠯᠴᠠᠨ ᠬᠥᠭᠵᠢᠬᠦ ᠶᠢ ᠠᠭᠢᠭᠤᠯᠪᠠ︔ ︽ᠨᠢᠭᠡ ᠨᠠᠮ ᠤᠨ ᠭᠡᠰᠢᠭᠦᠨ ᠨᠢᠭᠡ ᠲᠤᠭ︾ ᠤᠨ ᠦᠢᠯᠡᠳᠦᠯ ᠢ ᠴᠢᠬᠤᠯᠠᠴᠢᠯᠠᠨ ᠪᠠᠳᠠᠷᠠᠭᠤᠯᠵᠤ᠂ ᠨᠠᠮ ᠤᠨ ᠡᠭᠦᠷ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠪᠠᠶᠢᠭᠤᠯᠵᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠮᠣᠩᠭᠤᠯ ᠡᠮ ᠡᠮᠨᠡᠯᠭᠡ᠂ ᠬᠢᠲᠠᠳ ᠡᠮ ᠡᠮᠨᠡᠯᠭᠡ ᠶᠢᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠪᠠᠶᠢᠭᠤᠯᠵᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠮᠣᠩᠭᠤᠯ ᠡᠮ ᠡᠮᠨᠡᠯᠭᠡ᠂ ᠬᠢᠲᠠᠳ ᠡᠮ ᠡᠮᠨᠡᠯᠭᠡ ᠶᠢᠨ ᠤᠷᠢᠳᠴᠢᠯᠠᠨ ᠰᠡᠷᠭᠡᠶᠢᠯᠡᠬᠦ ᠪᠠ ᠣᠨᠣᠰᠢᠯᠠᠨ ᠡᠮᠨᠡᠬᠦ ᠲᠥᠰᠦᠯ ᠢ ᠰᠤᠳᠤᠯᠤᠨ ᠲᠤᠭᠳᠠᠭᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠦᠴᠦᠨ ᠴᠢᠳᠠᠯ ᠢᠶᠠᠨ ᠨᠡᠮᠡᠷᠢᠯᠡᠪᠡ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map