ᠡᠨᠡ ᠵᠢᠯ ᠠᠴᠠ ᠨᠠᠰᠢ᠂ ᠮᠠᠨ ᠤ ᠬᠤᠲᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠡᠭᠦᠷᠭᠡ ᠶᠢ | ᠴᠢᠨᠠᠷ ᠰᠠᠶᠢᠲᠠᠶ ᠪᠡᠶᠡᠯᠡᠭᠦᠯᠬᠦ ᠪᠠᠷ ᠬᠠᠷᠠᠯᠲᠠ ᠪᠣᠯᠭᠠᠵᠤ᠂ ᠫᠠᠶᠢᠰᠠ ᠡᠯᠭᠦᠨ ᠲᠠᠶᠢᠯᠠᠯᠳᠣᠭᠠᠨ ᠢ ᠱᠠᠯᠠᠪᠳᠠᠭᠤᠯᠬᠤ | ᠠᠵᠢᠯ ᠢ ᠬᠦᠨᠵᠡᠭᠡᠢ ᠥᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠨᠠᠩ ᠰᠠᠶᠢᠲᠤᠷ | ᠪᠠᠬᠢᠵᠢᠭᠦᠯᠪᠡ᠃ | ᠮᠠᠨ ᠤ ᠬᠤᠲᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠲᠡᠭᠡᠲᠤ ᠬᠡᠮᠵᠢᠶ᠎ᠡ ᠪᠠᠷ | ᠴᠢᠬᠤᠯᠠᠴᠢᠯᠠᠵᠦ᠂ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠳᠠᠭᠠᠭᠠᠴᠢᠯᠠᠨ ᠬᠤᠯᠪᠣᠭᠠᠯᠠᠬᠤ | ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠪᠣᠭᠤᠮᠲᠠ | ᠰᠢᠪᠲᠤᠯᠬᠤ ᠬᠠᠷᠢᠭᠤᠴᠠᠯᠭ᠎ᠠ ᠪᠠᠨ ᠨᠠᠷᠢᠯᠢᠭᠵᠢᠭᠤᠯᠵᠤ᠂ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ᠂ | ᠲᠠᠶᠢᠯᠠᠯᠳᠣᠭᠠᠨ ᠢ ᠱᠠᠯᠠᠪᠳᠠᠭᠤᠯᠤᠨ ᠬᠢᠨᠠᠨ ᠪᠠᠶᠢᠴᠠᠭᠠᠬᠤ ᠪᠣᠳᠠᠲᠤ ᠦᠷ᠎ᠡ ᠪᠦᠲᠦᠮᠵᠢ ᠪᠠᠨ ᠳᠡᠭᠡᠭᠰᠢᠯᠡᠭᠦᠯᠪᠡ᠃ ᠭᠤᠣᠯ | ᠤᠳᠤᠷᠢᠳᠤᠯᠭ᠎ᠠ ︽ᠱᠠᠯᠠᠪᠳᠠᠭᠤᠯᠤᠨ ᠪᠠᠶᠢᠴᠠᠭᠠᠬᠤ + ᠳᠠᠯᠳᠠᠭᠤᠷ ᠰᠤᠷᠪᠤᠯᠵᠢᠯᠠᠬᠤ︾ ᠬᠡᠯᠪᠡᠷᠢ ᠪᠠᠷ ᠮᠠᠨ ᠤ | ᠬᠤᠳᠠ ᠶᠢᠨ ᠭᠤᠷᠪᠠᠨ ᠲᠣᠭᠤᠷᠢᠭ ᠤᠨ ᠳᠠᠩᠰᠠ ᠡᠪᠬᠡᠮᠡᠯ ᠪᠠᠶᠢᠭᠤᠯᠤᠨ ᠺᠠᠷᠲᠯᠠᠭᠰᠠᠨ ᠡᠷᠦᠬᠡ ᠶᠢ ᠲᠠᠰᠢᠷᠠᠮ ᠢᠶᠠᠷ | ᠰᠤᠷᠪᠤᠯᠵᠢᠯᠠᠵᠤ᠂ ᠠᠰᠠᠭᠤᠳᠠᠯ ᠢ ᠣᠯᠵᠤ ᠮᠡᠳᠡᠪᠡᠯ ᠴᠠᠭ ᠬᠢᠵᠠᠭᠠᠷᠯᠠᠨ ᠴᠡᠭᠴᠡᠯᠡᠨ ᠰᠠᠶᠢᠵᠢᠷᠠᠭᠤᠯᠪᠠ᠃ | ᠲᠤᠭᠤᠷᠢᠭ ᠲᠤ ᠰᠠᠭᠤᠭ᠎ᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠶᠡᠷᠦᠩᠬᠡᠢ | ᠠᠩᠭᠢ ᠠᠴᠠ ᠰᠠᠭᠤᠭ᠎ᠠ ᠲᠣᠭᠤᠷᠢᠭ᠂ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠤ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠵᠢᠯ ᠢ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠭᠠᠷᠠᠭ ᠤᠨ ᠬᠢᠨᠠᠨ ᠵᠢᠯᠣᠭᠤᠳᠬᠤ ᠶᠢ ᠬᠡᠷᠡᠭᠵᠢᠭᠦᠯᠵᠦ᠂ ᠦᠨᠳᠦᠰᠦᠨ | ᠱᠠᠲᠤᠨ ᠤ ᠲᠥᠷᠥᠯ ᠵᠦᠢᠯ ᠤᠨ ᠠᠵᠢᠯ ᠡᠬᠢᠯᠡᠬᠦ᠂ ᠲᠠᠩᠰᠠ ᠡᠪᠬᠡᠮᠡᠯ ᠢ ᠡᠮᠬᠢᠯᠡᠬᠦ ᠵᠡᠷᠭᠡ ᠠᠵᠢᠯ ᠢ ᠲᠤᠬᠠᠶ ᠶᠢᠨ | ᠭᠠᠵᠠᠷ ᠲᠤᠨᠢ ᠪᠠᠶᠢᠴᠠᠭᠠᠨ ᠦᠵᠡᠵᠦ᠂ ᠠᠰᠠᠭᠤᠳᠠᠯ ᠢ ᠢᠯᠡᠷᠡᠭᠦᠯᠬᠦ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠳᠤ ᠫᠠᠶᠢᠰᠠ ᠡᠯᠭᠦᠨ ᠲᠠᠶᠢᠯᠠᠯᠳᠣᠭᠠᠨ ᠢ ᠱᠠᠯᠠᠪᠳᠠᠭᠤᠯᠬᠤ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ | ᠪᠢᠴᠢᠭ ᠪᠠᠭᠤᠯᠭᠠᠵᠤ᠂ ᠠᠵᠢᠯ ᠳᠤ ᠮᠤᠬᠤᠷᠳᠠᠯ ᠦᠯᠡᠳᠡᠭᠡᠬᠦ ᠥᠬᠡᠶ ᠪᠠᠶᠢᠬᠤ ᠶᠢ ᠦᠨᠡᠨᠬᠦ ᠪᠠᠲᠤᠯᠠᠪᠠ᠃ | ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ | ᠪᠦᠷᠢᠯᠳᠦᠬᠦᠨ ᠨᠢᠭᠡᠴᠡ ᠪᠠᠷ ᠭᠤᠤᠯ ᠴᠣᠭᠴᠠ ᠪᠣᠯᠭᠠᠨ 10 ᠲᠤᠰᠬᠠᠶ ᠲᠥᠷᠥᠯ ᠤᠨ ᠲᠠᠶᠢᠯᠠᠯᠳᠣᠭᠠᠨ ᠢ ᠬᠢᠨᠠᠨ | ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠠᠵᠢᠯ ᠲᠥᠷᠥᠯ ᠤᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠢ ᠦᠨᠳᠦᠰᠦᠯᠡᠨ᠂ ᠲᠠᠶᠢᠯᠠᠯᠳᠣᠭᠠᠨ ᠢ ᠬᠢᠨᠠᠨ ᠵᠢᠯᠣᠭᠤᠳᠬᠤ ᠠᠭᠤᠯᠭ᠎ᠠ ᠶᠢ | ᠲᠣᠳᠣᠷᠬᠠᠶᠢᠯᠠᠵᠤ᠂ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ ᠠᠰᠢᠭᠯᠠᠨ᠂ ᠳᠤᠲᠠᠭᠤᠳᠠᠯ ᠢᠶᠠᠨ ᠨᠥᠬᠦᠪᠥᠷᠢᠯᠡᠵᠦ᠂ | ᠲᠥᠪᠯᠡᠷᠡᠭᠦᠯᠦᠨ ᠪᠣᠭᠤᠮᠲᠠ ᠰᠢᠪᠲᠤᠯᠬᠤ᠂ ᠶᠠᠳᠠᠭᠤ ᠶᠢ ᠲᠡᠳᠬᠦᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ | ᠣᠨᠣᠪᠴᠢᠲᠠᠶ ᠨᠠᠶᠢᠳᠠᠪᠤᠷᠢᠵᠢᠭᠤᠯᠪᠠ᠃ | ︽ᠦᠬᠠᠶ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠫᠠᠶᠢᠰᠠ ᠡᠯᠭᠦᠨ | ᠲᠠᠶᠢᠯᠠᠯᠳᠣᠭᠠᠨ ᠢ ᠱᠠᠯᠠᠪᠳᠠᠭᠤᠯᠬᠤ ᠠᠵᠢᠯ ᠤᠨ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠤᠨ | ᠱᠠᠭᠠᠷᠳᠠᠯᠭ᠎ᠠ ᠶᠣᠰᠣᠭᠠᠷ᠂ ᠮᠠᠨ ᠤ ᠬᠤᠳᠠ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠪᠥᠬᠦ | ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠫᠠᠶᠢᠰᠠ ᠡᠯᠭᠦᠨ ᠲᠠᠶᠢᠯᠠᠯᠳᠣᠭᠠᠨ ᠢ | ᠱᠠᠯᠠᠪᠳᠠᠭᠤᠯᠬᠤ ᠠᠵᠢᠯ ᠳᠤ ᠱᠠᠯᠠᠪᠳᠠᠭᠤᠯᠬᠤ ᠪᠠᠶᠢᠴᠠᠭᠠᠯᠲᠠ ᠦᠷᠨᠢᠬᠦᠯᠪᠡ᠃ ᠱᠠᠯᠠᠪᠳᠠᠭᠤᠯᠤᠨ ᠪᠠᠶᠢᠴᠠᠭᠠᠬᠤ | ᠳᠤᠭᠤᠶᠢᠯᠠᠩ ᠨᠢ ᠡᠷᠦᠬᠡ ᠳᠤ ᠣᠷᠣᠵᠣ ᠠᠶᠢᠯᠴᠢᠯᠠᠨ ᠰᠤᠷᠪᠤᠯᠵᠢᠯᠠᠬᠤ᠂ ᠲᠤᠬᠠᠢ ᠶᠢᠨ ᠭᠠᠵᠠᠷ ᠲᠤᠨᠢ ᠬᠢᠨᠠᠨ | ᠪᠠᠶᠢᠴᠠᠭᠠᠬᠤ᠂ ᠮᠠᠲ᠋ᠧᠷᠢᠶᠠᠯ ᠪᠠᠶᠢᠴᠠᠭᠠᠨ ᠦᠵᠡᠬᠦ᠂ ᠲᠣᠬᠢᠷᠠᠭᠤᠯᠤᠯᠲᠠ ᠶᠢᠨ ᠬᠤᠷᠠᠯ ᠬᠢᠬᠦ ᠵᠡᠷᠭᠡ ᠠᠷᠭ᠎ᠠ ᠬᠡᠯᠪᠡᠷᠢ ᠪᠠᠷ | ᠳᠠᠮᠵᠢᠨ᠂ ︽ᠭᠤᠷᠪᠠ ᠶᠢ ᠨᠠᠶᠢᠳᠠᠪᠤᠷᠢᠵᠢᠭᠤᠯᠬᠤ︾ ︽ᠭᠤᠷᠪᠠ ᠶᠢ ᠪᠠᠲᠤᠯᠠᠬᠤ︾᠂ ᠠᠵᠤ ᠦᠢᠯᠡᠰ ᠢᠶᠠᠷ | ᠶᠠᠳᠠᠭᠤ ᠶᠢ ᠲᠡᠳᠬᠦᠬᠦ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠵᠡᠷᠭᠡ ᠲᠠᠯ᠎ᠠ ᠤᠨ ᠪᠠᠶᠢᠩᠭᠤᠵᠢᠭᠰᠠᠨ | ᠱᠠᠯᠠᠪᠳᠠᠭᠤᠯᠬᠤ ᠪᠠᠶᠢᠴᠠᠭᠠᠯᠲᠠ ᠬᠢᠵᠦ᠂ ᠮᠠᠨ ᠤ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠶᠠᠰᠤ ᠴᠢᠨᠠᠷ ᠢ ᠳᠡᠭᠡᠭᠰᠢᠯᠡᠭᠦᠯᠪᠠ᠃ | |