ᠦᠬᠠᠶ ᠶᠢᠨ ᠬᠤᠶᠢᠲᠤ ᠬᠡᠰᠡᠭ ᠤᠨ ᠲᠡᠮᠦᠷ ᠵᠠᠮ ᠤᠨ ᠶᠡᠷᠦᠩᠬᠡᠶᠢᠯᠡᠭᠰᠡᠨ ᠡᠳ᠋ ᠪᠠᠷᠠᠭᠠᠨ ᠤ ᠬᠦᠢᠯᠭᠡᠭᠡᠨ ᠤ ᠬᠦᠷᠢᠶᠡᠯᠡᠩ ᠠᠰᠢᠭᠯᠠᠯᠲᠠ ᠳᠤ ᠤᠷᠤᠪᠠ
ᠨᠡᠶᠢᠲᠡᠯᠡᠭᠰᠡᠨ ᠴᠠᠭ᠄
2020-05-07
     4 ᠰᠠᠷ᠎ᠠ ᠶᠢᠨ 30 ᠤ ᠡᠳᠦᠷ ᠤᠨ 17 ᠴᠠᠭ ᠤᠨ ᠦᠶ᠎ᠡ ᠪᠠᠷ᠂ 1396 ᠲᠣᠨ ᠾᠯᠣᠷᠲᠤ ᠡᠲ᠋ᠧᠨ ᠠᠴᠢᠶᠠᠯᠠᠭᠰᠠᠨ 86812 ᠡᠬᠡᠯᠵᠢ ᠶᠢᠨ ᠴᠤᠪᠤᠭ᠎ᠠ ᠲᠡᠷᠭᠡ ᠦᠬᠠᠶ ᠶᠢᠨ ᠬᠤᠶᠢᠲᠤ ᠥᠷᠲᠡᠭᠡ ᠠᠴᠠ ᠮᠣᠷᠳᠠᠬᠤ ᠶᠢ ᠳᠠᠭᠠᠯᠳᠤᠨ᠂ ᠦᠬᠠᠶ ᠶᠢᠨ ᠬᠤᠶᠢᠲᠤ ᠬᠡᠰᠡᠭ ᠤᠨ ᠲᠡᠮᠦᠷ ᠵᠠᠮ ᠤᠨ ᠶᠡᠷᠦᠩᠬᠡᠶᠢᠯᠡᠭᠰᠡᠨ ᠡᠳ᠋ ᠪᠠᠷᠠᠭᠠᠨ ᠤ ᠬᠦᠢᠯᠬᠡᠬᠡᠨ ᠤ ᠬᠦᠷᠢᠶᠡᠯᠡᠩ ᠵᠢᠩᠬᠢᠨᠢ ᠪᠠᠷ ᠠᠰᠢᠭᠯᠠᠯᠲᠠ ᠳᠤ ᠣᠷᠣᠭᠰᠠᠨ ᠢ ᠬᠠᠷᠠᠭᠤᠯᠵᠤ ᠪᠠᠶᠢᠨ᠎ᠠ᠃      ᠦᠬᠠᠢ ᠶᠢᠨ ᠬᠤᠶᠢᠲᠤ ᠬᠡᠰᠡᠭ ᠤᠨ ᠲᠡᠮᠦᠷ ᠵᠠᠮ ᠤᠨ ᠶᠡᠷᠦᠩᠬᠡᠶᠢᠯᠡᠭᠰᠡᠨ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠨᠢ ᠬᠠᠶᠢᠷᠤᠪ ᠤᠨ ᠲᠤᠬᠤᠢ ᠲᠣᠭᠤᠷᠢᠭ ᠤᠨ ᠴᠡᠭᠡᠯ ᠪᠠᠯᠭᠠᠰᠤᠨ ᠳᠤ ᠪᠠᠶᠢᠷᠢᠯᠠᠵᠤ᠂ ᠬᠤᠳᠠ ᠶᠢᠨ ᠲᠣᠭᠤᠷᠢᠭ ᠠᠴᠠ 14.7 ᠺᠢᠯᠤᠮᠧᠲᠷ ᠵᠠᠶᠢᠲᠠᠢ ᠪᠠᠶᠢᠵᠤ᠂ ᠬᠠᠶᠢᠷᠤᠪ ᠤᠨ ᠲᠤᠬᠤᠢ ᠶᠢᠨ ᠴᠡᠭᠡᠯ ᠠᠭᠤᠯᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠳᠪᠦᠷᠢ ᠶᠢᠨ ᠬᠦᠷᠢᠶᠡᠯᠡᠩ ᠲᠠᠢ ᠬᠥᠷᠰᠢᠯᠡᠵᠦ ᠪᠠᠶᠢᠬᠤ ᠪᠥᠭᠡᠳ ᠤᠯᠠᠨ ᠵᠤᠷᠪᠤᠰ ᠠᠵᠤ ᠠᠬᠤᠶᠢᠯᠠᠯ ᠤᠨ ᠳᠡᠮᠤᠷ ᠵᠠᠮ ᠤᠨ ᠲᠤᠰᠬᠠᠢ ᠱᠤᠭᠤᠮ ᠢ ᠵᠠᠯᠭᠠᠨ ᠣᠷᠣᠭᠤᠯᠵᠠᠢ᠃ ᠡᠳ᠋ ᠪᠠᠷᠠᠭᠠᠨ ᠤ ᠬᠦᠢᠯᠭᠡᠭᠡᠨ ᠤ ᠬᠦᠷᠢᠶᠡᠯᠡᠩ ᠤᠨ ᠶᠡᠷᠦᠩᠬᠡᠶ ᠪᠠᠯᠠ ᠣᠷᠣᠭᠤᠯᠤᠯᠲᠠ 4.26 ᠳ᠋ᠦᠩᠰᠢᠭᠤᠷ ᠲᠥᠭᠦᠷᠢᠭ ᠲᠤ ᠬᠦᠷᠴᠦ᠂ ᠲᠦᠯᠦᠪᠯᠡᠭᠰᠡᠨ ᠭᠠᠵᠠᠷ ᠡᠵᠡᠯᠡᠬᠦ ᠲᠠᠯᠠᠪᠠᠢ ᠨᠢ 909 ᠮᠥ ᠪᠤᠯᠤᠨ᠎ᠠ᠃ ᠡᠳ᠋ ᠪᠠᠷᠠᠭ᠎ᠠ ᠶᠢᠨ ᠬᠦᠢᠯᠭᠡᠭᠡᠨ ᠤ ᠬᠦᠷᠢᠶᠡᠯᠡᠩ ᠢ ᠡᠮᠦᠨ᠎ᠡ ᠤᠮᠠᠷ᠎ᠠ ᠬᠤᠶᠠᠷ ᠠᠵᠢᠯᠯᠠᠬᠤ ᠲᠠᠯᠠᠪᠠᠢ ᠲᠣᠭᠤᠷᠢᠭ ᠬᠤᠪᠢᠶᠠᠵᠤ᠂ ᠪᠣᠭᠤᠳᠠᠯ ᠪᠠᠭᠯᠠᠭ᠎ᠠ ᠶᠢᠨ ᠪᠠᠷᠠᠭ᠎ᠠ ᠶᠢᠨ ᠲᠣᠭᠤᠷᠢᠭ᠂ ᠴᠢᠩᠭᠡᠯᠢᠭ ᠤᠨ ᠪᠠᠷᠠᠭ᠎ᠠ ᠶᠢᠨ ᠲᠣᠭᠤᠷᠢᠭ᠂ ᠰᠤᠯᠠ ᠣᠪᠣᠭᠠᠯᠠᠵᠤ ᠪᠠᠷᠠᠭ᠎ᠠ ᠲᠡᠭᠡᠭᠡᠪᠦᠷᠢᠯᠡᠬᠦ ᠲᠣᠭᠤᠷᠢᠭ ᠪᠠᠶᠢᠭᠤᠯᠬᠤ ᠶᠢᠨ ᠬᠠᠮᠲᠤ ᠣᠨᠴᠠ ᠪᠠᠷᠠᠭᠠᠨ ᠤ ᠪᠠᠷᠠᠭᠠᠨ ᠤ ᠲᠤᠭᠤᠷᠢᠭ ᠢ ᠤᠷᠢᠳᠴᠢᠯᠠᠨ ᠦᠯᠡᠳᠡᠭᠡᠵᠦ᠂ ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠲᠤ ᠰᠢᠨ᠎ᠡ ᠪᠠᠷ ᠪᠠᠶᠢᠭᠤᠯᠤᠭᠰᠠᠨ ᠨᠢᠭᠡᠨ ᠲᠣᠮᠣ ᠬᠡᠯᠪᠡᠷᠢ ᠶᠢᠨ ᠲᠤᠰᠬᠠᠶᠢᠵᠢᠭᠰᠠᠨ᠂ ᠬᠡᠪᠴᠢᠶᠡᠵᠢᠭᠰᠡᠨ᠂ ᠣᠳᠣᠬᠢᠴᠢᠯᠠᠭᠰᠠᠨ ᠲᠡᠮᠦᠷ ᠵᠠᠮ ᠤᠨ ᠡᠳ᠋ ᠪᠠᠷᠠᠭᠠᠨ ᠤ ᠬᠦᠢᠯᠭᠡᠭᠡᠨ ᠤ ᠲᠥᠪ ᠪᠣᠯᠬᠤ ᠪᠥᠭᠡᠳ ᠪᠠᠰᠠ ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠤᠨ ᠬᠠᠮᠤᠭ ᠤᠨ ᠲᠣᠮᠣ ᠲᠡᠮᠦᠷ ᠵᠠᠮ ᠤᠨ ᠶᠡᠷᠦᠩᠬᠡᠶᠢᠯᠡᠭᠰᠡᠨ ᠡᠳ᠋ ᠪᠠᠷᠠᠭᠠᠨ ᠤ ᠬᠦᠢᠯᠭᠡᠭᠡᠨ ᠤ ᠬᠦᠷᠢᠶᠡᠯᠡᠩ ᠪᠣᠯᠤᠨ᠎ᠠ᠃ ᠡᠳ᠋ ᠪᠠᠷᠠᠭᠠᠨ ᠤ ᠬᠦᠢᠯᠭᠡᠭᠡᠨ ᠤ ᠬᠦᠷᠢᠶᠡᠯᠡᠩ ᠤᠨ ᠤᠶᠢᠷ᠎ᠠ ᠶᠢᠨ ᠬᠤᠭᠤᠴᠠᠭᠠᠨ ᠤ ᠡᠳ᠋ ᠪᠠᠷᠠᠭᠠᠨ ᠤ ᠬᠡᠮᠵᠢᠶ᠎ᠡ ᠨᠢ ᠵᠢᠱᠢᠯᠲᠡ ᠪᠠᠷ 1677 ᠲᠦᠮᠡᠨ ᠲᠣᠨ ᠪᠣᠯᠤᠨ᠎ᠠ᠃      ᠡᠳ᠋ ᠪᠠᠷᠠᠭᠠᠨ ᠤ ᠬᠦᠢᠯᠭᠡᠭᠡᠨ ᠤ ᠬᠦᠷᠢᠶᠡᠯᠡᠩ ᠢ ᠨᠡᠪᠲᠡᠷᠡᠭᠦᠯᠦᠨ ᠡᠵᠡᠩᠨᠡᠬᠦ ᠬᠤᠯᠪᠤᠭᠳᠠᠯ ᠪᠦᠬᠦᠢ ᠪᠡᠯᠡᠳᠬᠡᠯ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠬᠡᠵᠦ ᠦᠢᠯᠡᠳᠪᠦᠷᠢᠯᠡᠯ ᠢᠶᠠᠨ ᠰᠡᠷᠭᠦᠭᠡᠬᠦ ᠳᠤ ᠢᠳᠡᠪᠬᠢᠲᠡᠶ ᠪᠠᠷ ᠬᠦᠴᠦᠨ ᠨᠡᠮᠡᠷᠢᠯᠡᠬᠦ ᠶᠢᠨ ᠲᠤᠰᠠᠳᠠ᠂ ᠬᠥᠬᠡᠬᠤᠲᠠ ᠶᠢᠨ ᠲᠡᠮᠦᠷ ᠵᠠᠮ ᠤᠨ ᠲᠣᠪᠴᠢᠶ᠎ᠠ ᠶᠢᠨ ᠪᠦᠯᠦᠭᠯᠡᠯᠲᠦ ᠺᠣᠮᠫᠠᠨᠢ ᠤᠷᠢᠳᠠᠪᠠᠷ ᠵᠢᠯᠣᠭᠤᠳᠴᠤ᠂ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠬᠤ ᠶᠢ ᠪᠠᠷᠢᠮᠲᠠᠯᠠᠵᠤ᠂ ᠦᠬᠠᠶ ᠣᠷᠣᠨ ᠤ ᠲᠡᠮᠦᠷ ᠵᠠᠮ ᠤᠨ ᠡᠯ᠎ᠡ ᠨᠢᠭᠡᠴᠡ ᠨᠠᠷᠢᠨ ᠨᠢᠮᠪᠠᠶ ᠲᠥᠯᠥᠪᠯᠡᠨ᠂ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠵᠤ᠂ ᠡᠳ᠋ ᠪᠠᠷᠠᠭᠠᠨ ᠤ ᠬᠦᠢᠯᠭᠡᠭᠡᠨ ᠤ ᠬᠦᠷᠢᠶᠡᠯᠡᠩ ᠢ ᠨᠡᠪᠲᠡᠷᠡᠭᠦᠯᠦᠭᠰᠡᠨ ᠤ ᠳᠠᠷᠠᠭᠠᠬᠢ ᠡᠯ᠎ᠡ ᠵᠦᠢᠯ ᠤᠨ ᠠᠵᠢᠯ ᠤᠨ ᠴᠤᠪᠤᠷᠠᠯ ᠢ ᠰᠤᠳᠤᠯᠤᠨ ᠮᠠᠭᠠᠳᠯᠠᠬᠤ ᠪᠠᠷ ᠳᠠᠮᠵᠢᠭᠤᠯᠤᠨ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢᠶᠠᠨ ᠡᠮᠬᠢᠯᠡᠨ ᠵᠠᠳᠠᠯᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠡᠳ᠋ ᠪᠠᠷᠠᠭᠠᠨ ᠤ ᠬᠦᠢᠯᠭᠡᠭᠡᠨ ᠤ ᠬᠦᠷᠢᠶᠡᠯᠡᠩ ᠤᠨ ᠡᠵᠡᠩᠨᠡᠯᠲᠡ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠪᠠᠲᠤᠯᠠᠨ᠎ᠠ᠃ 4 ᠰᠠᠷ᠎ᠠ ᠶᠢᠨ 28 ᠤ ᠡᠳᠦᠷ᠂ ᠦᠬᠠᠶ ᠶᠢᠨ ᠲᠡᠷᠭᠡᠨ ᠤ ᠶᠠᠪᠤᠳᠠᠯ ᠤᠨ ᠬᠡᠰᠡᠭ ᠲᠦᠷᠦᠭᠦᠯᠡᠨ ᠬᠢᠬᠦ ᠰᠠᠯᠠᠭ᠎ᠠ ᠮᠦᠴᠢᠷ ᠤᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠬᠢᠵᠦ᠂ ᠡᠳ᠋ ᠪᠠᠷᠠᠭᠠᠨ ᠤ ᠲᠠᠯᠠᠪᠠᠶ ᠶᠢᠨ ᠲᠡᠷᠭᠡ ᠠᠪᠴᠤ ᠬᠦᠷᠭᠡᠬᠦ ᠠᠵᠢᠯ ᠢ ᠢᠳᠡᠪᠬᠢᠲᠡᠶ ᠵᠣᠬᠢᠶᠠᠨ ᠪᠠᠶᠢᠭᠤᠯᠬᠤ ᠶᠢᠨ ᠬᠠᠮᠲᠤ ᠪᠠᠰᠠ ᠲᠣᠭᠲᠠᠮᠠᠯ ᠲᠡᠷᠭᠡ ᠲᠣᠬᠢᠷᠠᠭᠤᠯᠬᠤ ᠮᠠᠰᠢᠨ ᠢ ᠠᠰᠢᠭᠯᠠᠨ ᠶᠡᠷᠦᠩᠬᠡᠶ ᠬᠦᠨᠳᠦ ᠨᠢ 5000 ᠲᠣᠨ ᠤ ᠴᠢᠷᠬᠦ ᠲᠤᠷᠰᠢᠯᠲᠠ ᠬᠢᠵᠦ᠂ ᠰᠡᠭᠦᠯᠴᠢ ᠶᠢᠨ ᠬᠤᠭᠤᠴᠠᠭᠠᠨ ᠤ ᠡᠳ᠋ ᠪᠠᠷᠠᠭᠠᠨ ᠤ ᠬᠦᠢᠯᠭᠡᠭᠡᠨ ᠤ ᠬᠦᠷᠢᠶᠡᠯᠡᠩ ᠤᠨ ᠪᠦᠬᠦ ᠭᠠᠯᠲᠤ ᠲᠡᠷᠭᠡ ᠶᠢ ᠲᠣᠭᠲᠠᠭᠤᠨ ᠢᠶᠠᠷ ᠠᠵᠢᠯᠯᠠᠭᠤᠯᠬᠤ ᠳᠤ ᠰᠠᠭᠤᠷᠢ ᠲᠠᠯᠪᠢᠵᠠᠶ᠃      ᠦᠬᠠᠢ ᠶᠢᠨ ᠬᠤᠶᠢᠲᠤ ᠬᠡᠰᠡᠭ ᠤᠨ ᠲᠡᠮᠦᠷ ᠵᠠᠮ ᠤᠨ ᠶᠡᠷᠦᠩᠬᠡᠶᠢᠯᠡᠭᠰᠡᠨ ᠡᠳ᠋ ᠪᠠᠷᠠᠭᠠᠨ ᠤ ᠬᠦᠢᠯᠭᠡᠭᠡᠨ ᠤ ᠬᠦᠷᠢᠶᠡᠯᠡᠩ ᠢ ᠪᠠᠶᠢᠭᠤᠯᠤᠭᠰᠠᠨ ᠨᠢ ᠮᠠᠨ ᠤ ᠬᠤᠲᠠ ᠶᠢᠨ ᠲᠡᠮᠦᠷ ᠵᠠᠮ ᠤᠨ ᠪᠠᠷᠠᠭ᠎ᠠ ᠠᠴᠢᠶᠠᠯᠠᠨ ᠲᠡᠭᠡᠭᠡᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠤᠨ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠳᠤ ᠲᠡᠭᠡᠭᠡᠪᠦᠷᠢ ᠶᠢᠨ ᠪᠠᠲᠤᠯᠠᠭ᠎ᠠ ᠬᠠᠩᠭᠠᠬᠤ ᠪᠣᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map