ᠣᠶᠢᠷ᠎ᠠ ᠶᠢᠨ ᠵᠢᠯ ᠠᠴᠠ ᠨᠠᠰᠢ᠂ ᠮᠠᠨ ᠤ ᠬᠤᠲᠠ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢ ᠡᠭᠦᠳᠦᠨ | ᠪᠠᠶᠢᠭᠤᠯᠬᠤ ᠪᠠᠷ ᠬᠠᠷᠠᠯᠲᠠ ᠪᠣᠯᠭᠠᠵᠤ᠂ ᠬᠤᠶᠠᠷ ᠢ ᠬᠦᠷᠢᠶᠡᠯᠡᠬᠦ ᠬᠠᠷᠠᠭᠠᠯᠵᠠᠨ ᠲᠥᠪᠬᠢᠨᠡᠭᠦᠯᠬᠦ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠᠷ ᠭᠤᠤᠯᠳᠠᠯᠭ᠎ᠠ ᠪᠣᠯᠭᠠᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠴᠤᠭᠭᠠᠷ | ᠠᠳᠬᠤᠨ ᠬᠠᠮᠲᠤᠪᠡᠷ ᠬᠠᠮᠢᠶᠠᠷᠴᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠵᠢᠴᠢ ᠲᠡᠭᠦᠨ ᠤ ᠭᠡᠷ | ᠪᠦᠯᠢ ᠶᠢᠨ ᠬᠢᠨ ᠤ ᠬᠦᠴᠢᠷ ᠪᠡᠷᠬᠡᠰᠢᠶᠠᠯ ᠢ ᠨᠢ ᠰᠢᠢᠳᠪᠦᠷᠢᠯᠡᠵᠦ᠂ ᠴᠡᠷᠢᠭ ᠢᠶᠠᠨ ᠬᠦᠷᠢᠶᠡᠯᠡᠬᠦ ᠠᠵᠢᠯ ᠤᠨ ᠬᠢᠷᠢ | ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃ | ᠮᠠᠨ ᠤ ᠬᠤᠲᠠ ᠳᠤ ᠣᠳᠣ 10723 ᠬᠠᠷᠠᠭᠠᠯᠵᠠᠬᠤ ᠡᠲᠡᠭᠡᠳ ᠪᠠᠶᠢᠨ᠎ᠠ᠂ ᠡᠭᠦᠨ ᠳᠤ 382 | ᠭᠤᠣᠯᠳᠠᠯᠭ᠎ᠠ ᠲᠠᠢ ᠬᠠᠷᠠᠭᠠᠯᠵᠠᠬᠤ ᠡᠲᠡᠭᠡᠳ ᠪᠠᠶᠢᠨ᠎ᠠ᠃ | ᠨᠢᠳᠤᠨᠤᠨ ᠤ 1 ᠰᠠᠷ᠎ᠠ ᠶᠢᠨ 19 ᠤ ᠡᠳᠦᠷ᠂ ᠮᠠᠨ ᠤ ᠬᠤᠲᠠ ᠶᠢᠨ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠫᠠᠶᠢᠰᠠ ᠡᠯᠭᠦᠨ ᠪᠠᠶᠢᠭᠤᠯᠤᠭᠳᠠᠪᠠ᠃ ᠨᠢᠭᠡ ᠵᠢᠯ ᠭᠠᠷᠤᠶ ᠶᠢᠨ | ᠲᠤᠷᠰᠢ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ᠂ ᠰᠢᠯᠵᠢᠭᠦᠯᠦᠨ ᠲᠤᠰᠢᠶᠠᠵᠤ ᠲᠦᠪᠬᠢᠨᠡᠬᠦᠯᠬᠦ᠂ ᠬᠦᠴᠢᠷᠳᠡᠯ ᠢ | ᠬᠠᠪᠰᠤᠷᠤᠨ ᠲᠡᠳᠬᠦᠬᠦ᠂ ᠬᠠᠷᠠᠭᠠᠯᠵᠠᠨ ᠲᠡᠳᠬᠦᠬᠦ᠂ ᠰᠠᠶᠢᠰᠢᠶᠠᠨ ᠳᠤᠷᠠᠰᠬᠠᠬᠤ᠂ ᠴᠡᠷᠢᠭ ᠢ ᠬᠦᠷᠢᠶᠡᠯᠡᠨ ᠬᠡᠷ | ᠪᠦᠯᠢ ᠶᠢ ᠨᠢ ᠬᠠᠷᠠᠭᠠᠯᠵᠠᠬᠤ ᠵᠡᠷᠭᠡ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠶ ᠬᠦᠢᠴᠡᠳᠭᠡᠵᠦ᠂ ᠴᠡᠷᠢᠭ ᠤᠨ | ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠠᠰᠤᠷᠠᠯᠲᠠ | ᠥᠬᠡᠶ ᠴᠢᠩᠭᠠᠳᠬᠠᠪᠠ᠃ | ᠬᠠᠷᠠᠭᠠᠯᠵᠠᠨ ᠲᠥᠪᠬᠢᠨᠡᠭᠦᠯᠬᠦ᠂ ᠠᠵᠢᠯ ᠣᠯᠭᠤᠬᠤ ᠦᠢᠯᠡᠰ ᠪᠣᠰᠬᠠᠬᠤ ᠲᠥᠷᠦ ᠶᠢᠨ ᠪᠣᠳᠣᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠬᠤ ᠶᠠᠪᠤᠴᠠ ᠳᠤᠮᠳᠠ᠂ ᠮᠠᠨ ᠤ ᠬᠤᠲᠠ ᠠᠵᠢᠯ ᠣᠯᠭᠤᠬᠤ ᠠᠰᠠᠷᠠᠨ ᠬᠠᠷᠠᠭᠠᠯᠵᠠᠬᠤ | ᠵᠡᠷᠭᠡ ᠬᠤᠯᠪᠤᠭᠳᠠᠯ ᠪᠦᠬᠦᠢ ᠲᠥᠷᠦ ᠶᠢᠨ ᠪᠣᠳᠣᠯᠭ᠎ᠠ ᠶᠢ ᠨᠡᠶᠢᠲᠡᠯᠡᠵᠦ᠂ ᠱᠠᠭᠠᠷᠳᠠᠯᠭ᠎ᠠ ᠶᠣᠰᠣᠭᠠᠷ ᠵᠠᠰᠠᠭ ᠤᠨ | ᠣᠷᠳᠣᠨ ᠤ ᠲᠦᠪᠬᠢᠨᠡᠬᠦᠯᠬᠦ ᠠᠵᠢᠯ ᠤᠨ ᠨᠥᠬᠦᠴᠡᠯ ᠳᠤ ᠨᠡᠶᠢᠴᠡᠭᠰᠡᠨ ᠴᠡᠷᠢᠭ ᠤᠨ ᠠᠯᠪᠠ ᠠᠴᠠ ᠬᠠᠯᠠᠭᠳᠠᠭᠰᠠᠳ ᠢ | ᠲᠥᠪᠬᠢᠨᠡᠭᠦᠯᠬᠦ ᠡᠭᠦᠷᠭᠡ ᠶᠢ ᠴᠠᠭ ᠲᠤᠬᠠᠢ ᠳᠤᠨᠢ ᠪᠡᠶᠡᠯᠡᠭᠦᠯᠪᠡ᠃ ᠪᠡᠶ᠎ᠡ ᠪᠠᠨ ᠳᠠᠭᠠᠭᠠᠵᠤ ᠠᠵᠢᠯ ᠣᠯᠤᠭᠰᠠᠨ | ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢ ᠶᠢᠨ ᠭᠠᠵᠠᠷ ᠣᠷᠣᠨ ᠤ ᠠᠵᠤ ᠠᠬᠤᠶ ᠶᠢᠨ ᠨᠥᠬᠦᠪᠥᠷᠢ ᠶᠢᠨ | ᠪᠠᠷᠢᠮᠵᠢᠶ᠎ᠠ ᠶᠢ ᠳᠡᠭᠡᠭᠰᠢᠯᠡᠭᠦᠯᠵᠦ᠂ 2019 ᠣᠨ ᠳᠤ ᠪᠡᠶ᠎ᠡ ᠪᠠᠨ ᠳᠠᠭᠠᠭᠠᠵᠤ ᠠᠵᠢᠯ ᠣᠯᠤᠭᠰᠠᠨ ᠴᠡᠷᠢᠭ ᠤᠨ | ᠠᠯᠪᠠ ᠠᠴᠠ ᠬᠠᠯᠠᠭᠳᠠᠭᠰᠠᠨ 126 ᠪᠠᠶᠢᠯᠳᠤᠭᠴᠢ ᠳᠤ ᠨᠢᠭᠡ ᠯᠡ ᠤᠳᠠᠭ᠎ᠠ ᠶᠢᠨ ᠴᠢᠨᠠᠷᠲᠠᠶ ᠠᠵᠤ ᠠᠬᠤᠶ ᠶᠢᠨ | ᠨᠥᠬᠦᠪᠥᠷᠢ ᠮᠥᠩᠭᠦ ᠶᠢ 1089.3 ᠲᠦᠮᠡᠨ ᠲᠥᠭᠦᠷᠢᠭ ᠲᠠᠷᠬᠠᠭᠠᠪᠠ᠃ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠢᠳᠡᠪᠬᠢᠲᠡᠶ ᠪᠠᠷ ᠲᠡᠳᠬᠦᠵᠦ᠂ ᠴᠡᠷᠢᠭ ᠤᠨ | ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠤᠨ ᠬᠥᠮᠦᠵᠢᠯ ᠪᠣᠯᠪᠠᠰᠤᠷᠠᠭᠤᠯᠤᠯ ᠤᠨ ᠬᠡᠷᠡᠭᠴᠡᠭᠡ ᠱᠠᠭᠠᠷᠳᠠᠯᠭ᠎ᠠ ᠶᠢᠨ | ᠪᠠᠶᠢᠳᠠᠯ ᠢ ᠣᠶᠢᠯᠠᠭᠠᠬᠤ ᠪᠠᠶᠢᠴᠠᠭᠠᠯᠲᠠ ᠬᠢᠵᠦ᠂ ᠦᠬᠠᠶ ᠬᠤᠲᠠ ᠶᠢᠨ ᠠᠵᠢᠯ ᠮᠡᠷᠭᠡᠵᠢᠯ ᠤᠨ ᠰᠣᠷᠭᠠᠭᠤᠯᠢ ᠲᠠᠢ | ᠬᠠᠮᠲᠤᠷᠠᠯᠴᠠᠨ᠂ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠤᠨ ᠡᠷᠬᠢᠯᠡᠭᠰᠡᠨ ᠠᠵᠢᠯ ᠤᠨ | ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ ᠨᠢᠭᠡᠳᠦᠯᠲᠡᠶ ᠵᠣᠬᠢᠶᠠᠨ ᠪᠠᠶᠢᠭᠤᠯᠵᠤ᠂ ᠡᠨᠡᠬᠦ ᠬᠤᠭᠤᠴᠠᠭᠠᠨ ᠳᠤ | ᠠᠵᠢᠯᠴᠢᠨ ᠬᠡᠷᠡᠭᠯᠡᠬᠦ ᠨᠢᠭᠡᠴᠡ ᠲᠠᠢ ᠢᠳᠡᠪᠬᠢᠲᠡᠢ ᠬᠠᠷᠢᠯᠴᠠᠵᠤ᠂ ᠠᠵᠢᠯ ᠲᠠᠨᠢᠯᠴᠠᠭᠤᠯᠬᠤ ᠲᠤᠰᠬᠠᠶ ᠲᠠᠯᠠᠪᠣᠷ ᠤᠨ | ᠠᠵᠢᠯᠲᠠᠨ ᠡᠯᠰᠡᠬᠦ ᠴᠤᠭᠯᠠᠭᠠᠨ ᠢ ᠡᠷᠭᠢᠯᠡᠪᠡ᠃ | 2019 ᠣᠨ ᠳᠤ᠂ ᠮᠠᠨ ᠤ ᠬᠤᠲᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠲᠤᠰᠬᠠᠶ ᠠᠵᠢᠯᠲᠠᠨ | ᠡᠯᠰᠡᠬᠦ ᠴᠤᠭᠯᠠᠭᠠᠨ ᠢ 5 ᠲᠠᠯᠠᠪᠤᠷ ᠡᠷᠭᠢᠯᠡᠵᠦ᠂ ᠨᠠᠮᠤᠷ ᠤᠨ ᠤᠯᠠᠷᠢᠯ ᠤᠨ ᠠᠵᠢᠯᠲᠠᠨ ᠡᠯᠰᠡᠬᠦ ᠰᠠᠷ᠎ᠠ ᠶᠢᠨ | ᠠᠵᠢᠯᠯᠠᠭ᠎ᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠵᠢᠴᠢ ᠴᠡᠷᠢᠭ ᠢ ᠳᠠᠭᠠᠭᠰᠠᠨ ᠬᠡᠷ ᠪᠦᠯᠢ ᠶᠢᠨ ᠠᠵᠢᠯ | ᠤᠯᠬᠤ ᠠᠵᠢᠯᠲᠠᠨ ᠡᠯᠰᠡᠬᠦ ᠴᠤᠭᠯᠠᠭᠠᠨ ᠢ ᠠᠮᠵᠢᠯᠲᠠᠲᠠᠶ ᠡᠷᠭᠢᠯᠡᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ | ᠵᠢᠴᠢ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠳᠤ 3000 ᠭᠠᠷᠤᠶ ᠠᠵᠢᠯ ᠤᠨ ᠪᠠᠶᠢᠷᠢ ᠬᠠᠩᠭᠠᠵᠤ᠂ ᠤᠷᠢᠵᠤ | ᠡᠯᠰᠡᠬᠦ ᠬᠤᠭᠤᠴᠠᠭᠠᠨ ᠳᠤ ᠪᠠᠰᠠ ᠦᠢᠯᠡᠴᠢᠯᠡᠭᠡᠨ ᠤ ᠲᠠᠪᠴᠠᠩ ᠭᠠᠷᠭᠠᠵᠤ᠂ ᠴᠡᠷᠢᠭ ᠤᠨ ᠠᠯᠪᠠ ᠠᠴᠠ | ᠬᠠᠯᠠᠭᠳᠠᠭᠰᠠᠳ ᠲᠤ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ ᠦᠢᠯᠡᠴᠢᠯᠡᠭᠡ 400 ᠭᠠᠷᠤᠶ ᠬᠦᠮᠦᠨ | ᠤᠳᠠᠭ᠎ᠠ ᠬᠠᠩᠭᠠᠵᠤ᠂ ᠬᠤᠯᠪᠣᠭᠳᠠᠯ ᠪᠥᠬᠦᠶ ᠠᠵᠢᠯ ᠣᠯᠭᠤᠵᠤ ᠲᠥᠪᠬᠢᠨᠡᠭᠦᠯᠬᠦ ᠲᠥᠷᠥ ᠶᠢᠨ ᠪᠣᠳᠣᠯᠭ᠎ᠠ ᠶᠢᠨ | ᠣᠬᠠᠭᠤᠯᠭ᠎ᠠ ᠶᠢᠨ ᠳᠡᠪᠲᠡᠷ ᠢ 800 ᠭᠠᠷᠤᠶ ᠬᠤᠪᠢ ᠲᠠᠷᠬᠠᠭᠠᠵᠤ᠂ ᠡᠭᠦᠨ ᠠᠴᠠ ᠭᠠᠳᠠᠨ᠎ᠠ ᠪᠠᠰᠠ ᠠᠵᠢᠯ | ᠮᠡᠷᠭᠡᠵᠢᠯ ᠤᠨ 3 ᠳᠡᠭᠡᠳᠦ ᠰᠤᠷᠭᠠᠭᠤᠯᠢ ᠪᠠ ᠪᠣᠯᠪᠠᠰᠤᠷᠠᠭᠤᠯᠤᠯ ᠤᠨ ᠪᠠᠶᠢᠭᠤᠯᠤᠮᠵᠢ ᠯᠤᠭ᠎ᠠ ᠰᠠᠨᠠᠮᠵᠢ ᠲᠣᠬᠢᠷᠠᠯᠴᠠᠵᠤ᠂ | ︽ᠠᠵᠢᠯ ᠤᠨ ᠪᠠᠶᠢᠷᠢ ᠲᠣᠭᠲᠠᠭᠠᠨ ᠪᠣᠯᠪᠠᠰᠤᠷᠠᠭᠤᠯᠬᠤ︾ ︽ᠴᠢᠭᠯᠡᠯ ᠲᠣᠭᠲᠠᠭᠠᠨ ᠪᠣᠯᠪᠠᠰᠤᠷᠠᠭᠤᠯᠬᠤ︾ ᠰᠢᠨ᠎ᠡ | ᠵᠠᠭᠪᠤᠷ ᠢ ᠢᠳᠡᠪᠬᠢᠲᠡᠶ ᠰᠦᠪᠡᠭᠴᠢᠯᠡᠪᠡ᠃ | ᠴᠡᠷᠢᠭ ᠤᠨ ᠬᠥᠮᠦᠨ ᠢ ᠬᠠᠯᠠᠮᠵᠢᠯᠠᠵᠤ᠂ ᠴᠡᠷᠢᠭ ᠤᠨ ᠭᠡᠷ ᠪᠦᠯᠢ ᠶᠢ ᠬᠠᠯᠠᠮᠵᠢᠯᠠᠭᠰᠠᠨ ᠨᠢ ᠳᠠᠷᠤᠶ ᠴᠡᠷᠢᠭ | ᠠᠩᠭᠢ ᠶᠢ ᠬᠠᠯᠠᠮᠵᠢᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠠᠶᠢᠭᠤᠯᠤᠯᠲᠠ ᠶᠢ ᠬᠠᠯᠠᠮᠵᠢᠯᠠᠭᠰᠠᠨ ᠶᠠᠪᠤᠳᠠᠯ | ᠪᠣᠯᠤᠨ᠎ᠠ᠃ ᠠᠯᠢ ᠣᠯᠠᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠮᠠᠨ ᠤ ᠬᠤᠲᠠ ᠶᠢᠨ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ᠂ ᠢᠷᠠᠭᠤ ᠠᠯᠳᠠᠷ ᠤᠨ | ᠲᠥᠷᠥᠭᠳᠡᠯ ᠤᠯᠠᠮ ᠨᠢᠭᠡ ᠠᠯᠬᠤᠮ ᠨᠡᠮᠡᠭᠳᠡᠵᠡᠢ᠃ ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠡᠯ᠎ᠡ ᠵᠦᠢᠯ ᠤᠨ | ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠴᠡᠷᠢᠭ | ᠤᠨ ᠠᠯᠪᠠ ᠠᠴᠠ ᠬᠠᠯᠠᠭᠳᠠᠭᠰᠠᠳ ᠲᠤ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠢ ᠴᠠᠭ ᠢᠮᠠᠭᠲᠠ | ᠮᠡᠳᠡᠷᠡᠭᠦᠯᠦᠨ᠎ᠡ᠃ |