2020 ᠣᠨ ᠤ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠦᠬᠠᠶ ᠶᠢᠨ ᠶᠠᠷᠢᠶᠠᠨ ᠤ ᠲᠠᠪᠴᠠᠩ · ᠠᠶᠤᠯᠭᠦᠶ ᠦᠢᠯᠡᠳᠪᠦᠷᠢᠯᠡᠯ ᠤᠨ ᠲᠤᠰᠬᠠᠶ ᠰᠡᠳᠦᠪᠲᠦ ᠲᠠᠶᠢᠯᠤᠮᠵᠢ ᠶᠠᠪᠤᠭᠳᠠᠪᠠ
ᠨᠡᠶᠢᠲᠡᠯᠡᠭᠰᠡᠨ ᠴᠠᠭ᠄
2020-06-03
     6 ᠰᠠᠷ᠎ᠠ ᠶᠢᠨ 2 ᠤᠨ ᠡᠳᠦᠷ᠂ ᠪᠥᠬᠦ ᠬᠤᠲᠠ ᠶᠢᠨ 2020 ᠣᠨ ᠤ ︽ᠠᠶᠤᠯ ᠥᠬᠡᠶ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠦᠬᠠᠶ ᠶᠢᠨ ᠶᠠᠷᠢᠶᠠᠨ ᠤ ᠲᠠᠪᠴᠠᠩ · ᠠᠶᠤᠯ ᠥᠬᠡᠶ ᠦᠢᠯᠡᠳᠪᠦᠷᠢᠯᠡᠯ ᠤᠨ ᠲᠤᠰᠬᠠᠶ ᠰᠡᠳᠦᠪᠲᠦ ᠲᠠᠶᠢᠯᠤᠮᠵᠢ ᠣᠲᠣ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠣᠷᠠᠯᠢᠭ ᠤᠨ ᠣᠷᠳᠣᠨ ᠳᠤ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠷᠬᠢᠯᠡᠭᠴᠢ ᠳᠠᠩ ᠢ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ ᠹᠸᠢ ᠶᠦᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠰᠣ᠋ ᠵᠥᠩ ᠱᠧᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠢᠶᠠ ᠴᠢᠩ ᠳ᠋ᠦᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦ ᠬᠤᠩ ᠶᠦᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠵᠢᠶᠠᠨ ᠭᠦᠸᠧ ᠨᠡᠷ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠲᠠ ᠶᠢᠨ ᠳᠠᠷᠤᠭ᠎ᠠ᠂ ᠬᠤᠲᠠ ᠶᠢᠨ ᠠᠮᠤᠷ ᠲᠦᠪᠰᠢᠨ ᠤ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠸᠠᠩ ᠵᠣᠣ ᠱᠧᠩ ᠠᠵᠢᠯᠯᠠᠭ᠎ᠠ ᠶᠢ ᠡᠷᠭᠢᠯᠡᠪᠡ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠠᠵᠤ ᠠᠬᠤᠶᠢᠯᠠᠯ ᠤᠨ ᠠᠵᠢᠯᠴᠢᠨ ᠤ ᠲᠥᠯᠥᠭᠡᠯᠡᠭᠴᠢ᠂ ᠤᠯᠤᠰ ᠤᠨ ᠡᠨᠧᠷᠭᠢ ᠶᠢᠨ ᠪᠦᠯᠦᠭᠯᠡᠯ ᠤᠨ ᠨᠡᠭᠦᠷᠡᠰᠤ ᠬᠡᠤᠷᠰᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠲᠤᠬᠠᠶ ᠶᠢᠨ ᠲᠠᠯᠠᠪᠤᠷ ᠤᠨ ᠲᠣᠭᠤᠷᠢᠨ ᠪᠠᠶᠢᠴᠠᠭᠠᠬᠤ ᠠᠵᠢᠯᠴᠢᠨ ᠽᠦᠩ ᠿᠦᠢ ᠪᠥᠬᠦ ᠬᠤᠲᠠ ᠳᠤ ᠠᠮᠤᠷ ᠲᠦᠪᠰᠢᠨ ᠤ ᠰᠠᠨᠠᠭᠠᠴᠢᠯᠠᠭ᠎ᠠ ᠭᠠᠷᠭᠠᠪᠠ᠃      ᠤᠤᠯ ᠤᠨ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠰᠤᠳᠤᠯᠭᠠᠨ ᠤ ᠲᠥᠪ ᠤᠨ ᠡᠷᠭᠢᠯᠡᠭᠴᠢ᠂ ᠮᠡᠳᠡᠭᠡ ᠵᠠᠩᠭᠢ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠬᠤᠸᠠᠩ ᠱᠧᠩ ᠴᠦ ︽ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠬᠡᠷᠬᠢᠨ ᠨᠠᠶᠢᠳᠠᠪᠤᠷᠢᠵᠢᠭᠤᠯᠬᠤ ᠪᠣᠶ︾ ᠭᠡᠬᠦ ᠲᠤᠰᠬᠠᠶ ᠰᠡᠳᠦᠪᠲᠤ ᠲᠠᠶᠢᠯᠤᠮᠵᠢ ᠬᠢᠪᠠ᠃      2020 ᠣᠨ ᠤ 6 ᠰᠠᠷ᠎ᠠ ᠪᠣᠯ ᠪᠥᠬᠦ ᠤᠯᠤᠰ ᠤᠨ 19 ᠳ᠋ᠤᠭᠡᠷ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠪᠣᠯᠤᠨ᠎ᠠ᠂ ︽ᠠᠳᠡᠯ ᠤᠨ ᠳᠠᠯᠳᠠ ᠬᠡᠮ ᠢ ᠠᠷᠢᠯᠭᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠤᠭᠴᠠᠯᠠᠶ᠎ᠠ︾ ᠭᠡᠰᠡᠨ ᠭᠤᠤᠯ ᠰᠡᠳᠦᠪ ᠲᠠᠢ ᠶᠤᠮ᠃ ᠮᠠᠨ ᠤ ᠬᠤᠲᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠨ ᠴᠢᠩᠭᠠᠳᠬᠠᠬᠤ ᠨᠥᠬᠦᠴᠡᠯ ᠲᠤᠤᠷᠠᠬᠢ ᠠᠶᠤᠯᠭᠦᠶ ᠦᠢᠯᠡᠳᠪᠦᠷᠢᠯᠡᠯ ᠪᠠ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠲᠣᠭᠤᠷᠢᠨ ᠳᠤ ᠬᠥᠮᠦᠵᠢᠯ ᠪᠣᠯᠪᠠᠰᠤᠷᠠᠭᠤᠯᠤᠯ ᠬᠢᠬᠦ᠂ ᠳᠠᠯᠳᠠ ᠭᠡᠮ ᠢ ᠢᠯᠡᠴᠢᠯᠡᠬᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠲᠤᠷᠰᠢᠯᠭ᠎ᠠ ᠶᠢ ᠳᠡᠯᠭᠡᠷᠡᠭᠦᠯᠬᠦ᠂ ᠬᠡᠷᠡᠭ ᠤᠨ ᠵᠢᠱᠢᠶ᠎ᠡ ᠶᠢ ᠰᠡᠷᠡᠮᠵᠢᠯᠡᠭᠦᠯᠬᠦ᠂ ᠬᠢᠨᠠᠯᠲᠠ ᠲᠠᠯᠪᠢᠵᠦ ᠢᠯᠡᠴᠢᠯᠡᠨ ᠮᠡᠳᠡᠭᠦᠯᠬᠦ᠂ ᠮᠡᠳᠡᠯᠭᠡ ᠶᠢ ᠲᠦᠭᠡᠮᠡᠯᠵᠢᠭᠦᠯᠬᠦ ᠵᠡᠷᠭᠡ ᠣᠯᠠᠨ ᠬᠡᠯᠪᠡᠷᠢ ᠶᠢᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠨ᠂ ᠪᠦᠬᠦ ᠠᠷᠠᠳ ᠤᠨ ᠠᠮᠤᠷ ᠲᠦᠪᠰᠢᠨ ᠤ ᠤᠬᠠᠮᠰᠠᠷ ᠢ ᠨᠡᠮᠡᠭᠳᠡᠭᠦᠯᠵᠦ᠂ ᠣᠯᠠᠨ ᠨᠡᠶᠢᠲᠡ ᠶᠢᠨ ᠠᠮᠤᠷ ᠲᠦᠪᠰᠢᠨ ᠤ ᠬᠡᠪ ᠴᠢᠨᠠᠷ ᠢ ᠳᠡᠭᠡᠭᠰᠢᠯᠡᠭᠦᠯᠵᠦ᠂ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠥᠭᠡᠳ ᠪᠣᠳᠠᠲᠠᠶᠢᠵᠢᠭᠤᠯᠵᠤ᠂ ᠠᠶᠤᠯ ᠲᠦᠭᠰᠢᠭᠦᠷᠢ ᠶᠢ ᠪᠦᠬᠦ ᠬᠦᠴᠦᠨ ᠢᠶᠠᠷ ᠰᠡᠷᠭᠡᠶᠢᠯᠡᠨ ᠠᠷᠢᠯᠭᠠᠵᠤ᠂ ᠠᠶᠤᠯᠭᠦᠶ ᠦᠢᠯᠡᠳᠪᠦᠷᠢᠯᠡᠯ ᠤᠨ ᠲᠦᠪᠰᠢᠨ ᠤ ᠳᠡᠭᠡᠭᠰᠢᠯᠡᠯᠲᠡ ᠪᠣᠯᠤᠨ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠵᠤ᠂ ᠠᠷᠠᠳ ᠣᠯᠠᠨ ᠤ ᠬᠦᠷᠲᠡᠮᠵᠢ ᠶᠢᠨ ᠲᠦᠷᠦᠭᠳᠡᠯ᠂ ᠵᠤᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠲᠥᠷᠥᠭᠳᠡᠯ ᠢ ᠲᠠᠰᠤᠷᠠᠯᠲᠠ ᠤᠢᠭᠡᠢ ᠨᠡᠮᠡᠭᠳᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠤ ᠢᠯᠠᠯᠲᠠ ᠳᠤ ᠠᠶᠤᠯᠭᠦᠶ ᠦᠢᠯᠡᠳᠪᠦᠷᠢᠯᠡᠯ ᠤᠨ ᠲᠣᠭᠲᠠᠭᠤᠨ ᠣᠷᠴᠢᠨ ᠢ ᠪᠣᠶ ᠪᠣᠯᠭᠠᠬᠤ ᠪᠠᠷ ᠴᠢᠷᠮᠠᠶᠢᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map