ᠬᠤᠲᠠ ᠶᠢᠨ ᠤᠳᠤᠷᠢᠳᠤᠯᠭ᠎ᠠ ᠬᠤᠶᠠᠷ ᠬᠤᠲᠠ ᠶᠢ ᠬᠤᠯᠪᠤᠭᠠᠯᠠᠨ ᠴᠤᠭᠴᠠᠯᠠᠬᠤ ᠵᠢᠴᠢ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2020-07-27
     7 ᠰᠠᠷ᠎ᠠ ᠶᠢᠨ 20 ᠤ ᠡᠳᠦᠷ ᠪᠠ 24 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠢᠶᠠ ᠴᠢᠩ ᠳ᠋ᠦᠩ ᠪᠦᠯᠬᠦᠮ ᠳᠠᠭᠠᠭᠤᠯᠤᠨ ᠤᠳᠠ ᠲᠣᠭᠤᠷᠢᠭ ᠪᠠ ᠬᠠᠶᠢᠨᠠᠨ ᠲᠣᠭᠤᠷᠢᠭ ᠲᠤ ᠭᠦᠨᠵᠡᠭᠡᠶᠢᠷᠡᠨ ᠬᠤᠶᠠᠷ ᠬᠤᠳᠠ ᠶᠢ ᠬᠤᠯᠪᠣᠭᠠᠯᠠᠨ ᠴᠤᠭᠴᠠᠯᠠᠬᠤ ᠪᠠ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠬᠢᠨᠠᠨ ᠵᠢᠯᠣᠭᠤᠳᠪᠠ᠃      ᠵᠢᠶᠠ ᠴᠢᠩ ᠳ᠋ᠦᠩ ᠨᠡᠷ ᠤᠷᠢᠳ ᠬᠤᠵᠢᠳ ᠤᠳᠠ ᠲᠣᠭᠤᠷᠢᠭ ᠪᠣᠯᠤᠨ ᠬᠠᠶᠢᠨᠠᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠤᠯᠪᠠᠰᠣᠨ ᠤ ᠦᠢᠯᠡᠳᠦᠯᠭᠡ ᠶᠢᠨ ᠲᠥᠪ᠂ ᠰᠣᠶᠣᠯ ᠤᠨ ᠣᠷᠳᠣᠨ᠂ ᠨᠡᠶᠢᠭᠡᠮ ᠲᠣᠭᠤᠷᠢᠭ᠂ ᠵᠢᠵᠢᠭ ᠴᠡᠴᠡᠷᠯᠢᠭ᠂ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ ᠰᠠᠭᠤᠭᠠᠯᠢ ᠠᠷᠠᠳ ᠤᠨ ᠵᠢᠵᠢᠭ ᠲᠣᠭᠤᠷᠢᠭ᠂ ᠬᠠᠭᠤᠴᠢᠨ ᠪᠠᠶᠢᠰᠢᠩᠲᠤ ᠲᠤᠭᠤᠷᠢᠭ᠂ ᠬᠠᠮ ᠵᠠᠭᠤᠴᠢᠯᠠᠭᠤᠷ ᠤᠨ ᠲᠥᠪ᠂ ᠷᠠᠳᠢᠣ᠋ ᠲᠧᠯᠸᠢᠰ ᠤᠨ ᠠᠵᠢᠯ ᠤᠨ ᠦᠷᠳᠡᠭᠡ᠂ ᠨᠣᠮ ᠤᠨ ᠰᠠᠩ ᠵᠡᠷᠭᠡ ᠭᠠᠵᠠᠷ ᠲᠤ ᠬᠦᠷᠴᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ᠂ ᠣᠯᠠᠨ ᠲᠦᠮᠡᠨ ᠤ ᠰᠣᠶᠣᠯ ᠤᠳᠬ᠎ᠠ ᠤᠷᠠᠯᠢᠭ ᠤᠨ ᠤᠬᠠᠭᠤᠯᠭ᠎ᠠ᠂ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠪᠠ ᠶᠠᠪᠠᠭᠠᠨ ᠵᠡᠭᠡᠯᠢ ᠶᠢᠨ ᠬᠤᠳᠠᠯᠳᠤᠭᠠᠨ ᠤ ᠡᠷᠦᠬᠡ ᠶᠢᠨ ᠬᠠᠮᠢᠶᠠᠷᠤᠯᠲᠠ᠂ ᠵᠢᠵᠢᠭ ᠲᠣᠭᠤᠷᠢᠭ ᠤᠨ ᠣᠷᠴᠢᠨ ᠲᠤᠭᠤᠷᠢᠨ ᠤ ᠡᠷᠡᠭᠦᠯ ᠬᠠᠮᠠᠭᠠᠯᠠᠯ᠂ ᠬᠠᠭᠤᠴᠢᠨ ᠪᠠᠶᠢᠰᠢᠩᠲᠤ ᠲᠣᠭᠤᠷᠢᠭ ᠢ ᠥᠭᠡᠷᠡᠴᠢᠯᠡᠨ ᠪᠠᠶᠢᠭᠤᠯᠬᠤ ᠵᠡᠷᠭᠡ ᠠᠵᠢᠯ ᠥᠷᠨᠢᠭᠦᠯᠦᠭᠰᠡᠨ ᠪᠠᠶᠢᠳᠠᠯ ᠤᠨ ᠲᠣᠭᠤᠷᠢᠨ ᠳᠤ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠦᠭᠡᠳ ᠬᠢᠨᠠᠨ ᠵᠢᠯᠣᠭᠤᠳᠪᠠ᠃      ᠵᠢᠶᠠ ᠴᠢᠩ ᠳ᠋ᠦᠩ ᠴᠢᠬᠤᠯᠠᠴᠢᠯᠠᠭᠰᠠᠨ ᠨᠢ᠂ ᠡᠯ᠎ᠡ ᠵᠦᠢᠯ ᠤᠨ ᠠᠵᠢᠯ ᠢ ᠥᠷᠨᠢᠭᠦᠯᠬᠦ ᠳᠡᠭᠡᠨ ᠢᠮᠠᠭᠲᠠ ᠠᠷᠠᠳ ᠲᠦᠮᠡᠨ ᠤ ᠬᠦᠰᠡᠵᠦ ᠪᠠᠶᠢᠭ᠎ᠠ ᠰᠡᠳᠬᠢᠵᠦ ᠪᠠᠶᠢᠭ᠎ᠠ ᠡᠷᠡᠮᠡᠯᠵᠡᠵᠦ ᠪᠠᠶᠢᠭ᠎ᠠ ᠵᠦᠢᠯ ᠳᠤ ᠠᠩᠬᠠᠷᠣᠯ ᠢᠶᠠᠨ ᠲᠦᠪᠯᠡᠷᠡᠬᠦᠯᠵᠦ᠂ ᠰᠠᠭᠤᠷᠢ ᠴᠢᠨᠠᠷᠲᠠᠶ ᠠᠵᠢᠯ ᠢ ᠪᠣᠳᠠᠲᠠᠶ ᠬᠢᠵᠦ᠂ ᠦᠨᠳᠦᠰᠦᠨ ᠱᠠᠲᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠢᠷᠢ ᠲᠦᠪᠰᠢᠨ ᠢ ᠲᠡᠭᠡᠭᠰᠢᠯᠡᠬᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠬᠡᠪᠰᠢᠭᠦᠯᠦᠨ ᠥᠷᠨᠢᠭᠦᠯᠵᠦ᠂ ᠵᠢᠵᠢᠭ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠨᠠᠷᠢᠯᠢᠭᠵᠢᠭᠤᠯᠤᠭᠰᠠᠨ ᠬᠠᠮᠢᠶᠠᠷᠣᠯᠳᠠ ᠪᠠᠨ ᠴᠢᠩᠭᠠᠳᠬᠠᠵᠤ᠂ ᠢᠯᠠᠩᠭᠤᠶ᠎ᠠ ᠵᠢᠵᠢᠭ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ᠂ ᠥᠮᠴᠢᠲᠡᠨ ᠤ ᠺᠤᠮᠢᠰ ᠪᠣᠯᠤᠨ ᠳᠠᠭᠠᠭᠠᠴᠢᠯᠠᠨ ᠬᠤᠯᠪᠣᠭᠠᠯᠠᠬᠤ ᠨᠢᠭᠡᠴᠡ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠳᠠᠭᠠᠭᠠᠴᠢᠯᠠᠨ ᠬᠤᠯᠪᠣᠭᠠᠯᠠᠬᠤ ᠨᠢᠭᠡᠴᠡ ᠶᠢᠨ ᠣᠯᠠᠨ ᠲᠦᠮᠡᠨ ᠳᠤ ᠦᠨᠡᠨᠬᠦ ᠪᠣᠳᠠᠲᠤ ᠶᠠᠪᠤᠳᠠᠯ ᠬᠢᠵᠦ ᠥᠭᠬᠦ ᠶᠢ ᠰᠠᠨᠠᠭᠠᠴᠢᠯᠠᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠶᠠᠰᠤ ᠴᠢᠨᠠᠷ ᠪᠠ ᠵᠢᠵᠢᠭ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠠᠰᠤ ᠴᠢᠨᠠᠷ ᠢ ᠰᠠᠶᠢᠵᠢᠷᠠᠭᠤᠯᠵᠤ᠂ ᠰᠠᠭᠤᠭᠠᠯᠢ ᠲᠣᠭᠤᠷᠢᠭ ᠤᠨ ︽ᠬᠡᠷ ᠪᠦᠯᠢ︾ ᠶᠢᠨ ᠠᠭᠤᠷ ᠠᠮᠢᠰᠬᠤᠯ ᠢ ᠪᠣᠶ ᠪᠣᠯᠭᠠᠵᠤ᠂ ᠬᠠᠮᠲᠤ ᠪᠠᠷ ᠴᠢᠷᠮᠠᠶᠢᠵᠤ ᠪᠠᠶᠢᠭᠠᠳ ᠵᠢᠵᠢᠭ ᠲᠣᠭᠤᠷᠢᠭ ᠢ ᠦᠬᠠᠶ ᠶᠢᠨ ᠬᠠᠮᠤᠭ ᠤᠨ ᠭᠤᠶᠣ ᠭᠠᠵᠠᠷ ᠪᠣᠯᠭᠠᠨ ᠪᠥᠲᠥᠭᠡᠨ ᠪᠠᠶᠢᠭᠤᠯᠬᠤ ᠬᠡᠷᠡᠭᠳᠡᠢ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map