ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠤᠨ ᠤᠮᠠᠷᠠᠲᠤ ᠬᠢᠯᠢ ᠶᠢᠨ ᠠᠵᠢᠯᠲᠠᠨ ᠤ ᠤᠯᠠᠭᠠᠨᠮᠥ᠋ᠴᠢᠷ ᠮᠠᠨ ᠤ ᠬᠤᠲᠠ ᠳᠤ ᠢᠷᠡᠵᠦ ᠲᠣᠬᠤᠨᠢᠭᠤᠯᠬᠤ ᠲᠣᠭᠯᠠᠯᠲᠠ ᠭᠠᠷᠭᠠᠪᠠ
ᠨᠡᠶᠢᠲᠡᠯᠡᠭᠰᠡᠨ ᠴᠠᠭ᠄
2020-07-28
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠤᠨ ᠤᠮᠠᠷᠠᠲᠤ ᠬᠢᠯᠢ ᠶᠢᠨ ᠠᠵᠢᠯᠳᠠᠨ ᠤ ᠤᠯᠠᠭᠠᠨᠮᠥ᠋ᠴᠢᠷ ᠤᠯᠤᠰ ᠤᠨ ᠡᠨᠧᠷᠭᠢ ᠶᠢᠨ ᠪᠦᠯᠦᠭᠯᠡᠯ ᠤᠨ ᠨᠡᠭᠦᠷᠡᠰᠤ ᠬᠡᠤᠷᠰᠢᠭᠦᠯᠬᠦ ᠰᠢ ᠯᠠᠶ ᠹᠧᠩ ᠺᠣᠮᠫᠠᠨᠢ ᠳᠤ ᠭᠦᠨᠵᠡᠭᠡᠶᠢᠷᠡᠨ ︽ᠳᠤᠮᠳᠠᠳᠤ ᠶᠢᠨ ᠵᠡᠭᠦᠳᠦ   ᠬᠥᠳᠡᠯᠮᠦᠷᠢ ᠭᠤᠶᠤ ᠰᠠᠶᠢᠬᠠᠨ   ᠠᠵᠢᠯᠳᠠᠨ ᠤ ᠰᠡᠳᠭᠢᠯᠭᠡ︾ ᠬᠡᠬᠦ ᠲᠣᠬᠤᠨᠢᠭᠤᠯᠬᠤ ᠲᠣᠭᠯᠠᠯᠲᠠ ᠥᠷᠨᠢᠭᠦᠯᠪᠡ᠃ ᠲᠣᠭᠯᠠᠭᠴᠢᠳ 10 ᠭᠠᠷᠤᠶ ᠠᠳᠠᠯᠢ ᠪᠤᠰᠤ ᠬᠡᠪ ᠨᠠᠮᠪᠠ ᠲᠠᠢ ᠲᠣᠭᠯᠠᠯᠲᠠ ᠭᠠᠷᠭᠠᠵᠤ᠂ ᠣᠯᠠᠨ ᠶᠠᠩᠵᠤ ᠶᠢᠨ ᠤᠷᠠᠯᠢᠭ ᠤᠨ ᠬᠡᠯᠪᠡᠷᠢ ᠪᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠣᠯᠣᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠡᠬᠡ ᠤᠯᠤᠰ ᠤᠨ ᠤᠮᠠᠷᠠᠲᠤ ᠬᠢᠯᠢ ᠳᠠᠬᠢ ᠠᠮᠢᠳᠤᠯᠢᠭ ᠦᠢᠯᠡᠳᠦᠯᠭᠡ ᠶᠢ ᠬᠠᠯᠠᠭᠤᠨ ᠢᠶᠠᠷ ᠮᠠᠭᠲᠠᠨ ᠳᠠᠭᠤᠯᠠᠵᠤ᠂ ᠲᠤᠬᠠᠶ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠵᠠᠶ᠃      ᠬᠤᠶᠢᠰᠢᠳᠠ᠂ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠠᠵᠢᠯᠲᠠᠨ ᠠᠵᠢᠯᠴᠢᠨ ᠤ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢ ᠤᠯᠠᠮ ᠪᠠᠶᠠᠯᠢᠭᠵᠢᠭᠤᠯᠵᠤ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠣᠯᠤᠨ ᠨᠢᠭᠡᠳᠦᠭᠡᠷ ᠹᠷᠣᠨᠲ ᠤᠨ ᠠᠵᠢᠯᠲᠠᠨ ᠠᠵᠢᠯᠴᠢᠨ ᠤ ᠬᠤᠭᠤᠷᠣᠨᠳᠣᠬᠢ ᠵᠠᠶ ᠶᠢ ᠣᠶᠢᠷᠠᠲᠤᠭᠤᠯᠵᠤ᠂ ᠠᠵᠢᠯᠲᠠᠨ ᠠᠵᠢᠯᠴᠢᠨ ᠳᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠯᠠᠭᠤᠨ ᠳᠤᠯᠠᠭᠠᠨ ᠢ ᠮᠡᠳᠡᠷᠡᠭᠦᠯᠬᠦ ᠪᠤᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map