ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ ᠬᠤᠲᠠ ᠶᠢᠨ ᠳᠣᠯᠣᠳᠤᠭᠠᠷ ᠬᠤᠭᠤᠴᠠᠭᠠᠨ ᠤ ᠬᠤᠷᠢᠶᠠᠨ ᠤ | ᠶᠢᠰᠦᠳᠦᠭᠡᠷ ᠪᠥᠬᠦᠳᠡ ᠬᠤᠷᠠᠯ ᠤᠨ ᠠᠯᠪᠠᠨ ᠮᠡᠳᠡᠭᠡ | ︵2020 ᠣᠨ ᠤ 8 ᠰᠠᠷ᠎ᠠ ᠶᠢᠨ 7 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ | ᠬᠤᠳᠠ ᠶᠢᠨ ᠳᠣᠯᠣᠳᠤᠭᠠᠷ ᠬᠤᠭᠤᠴᠠᠭᠠᠨ ᠤ ᠬᠤᠷᠢᠶᠠᠨ ᠤ ᠶᠢᠰᠦᠳᠦᠭᠡᠷ ᠪᠥᠬᠦᠳᠡ ᠬᠤᠷᠠᠯ ᠠᠴᠠ ᠪᠠᠲᠤᠯᠠᠪᠠ︶ | | | | | ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ ᠬᠤᠲᠠ ᠶᠢᠨ ᠳᠣᠯᠣᠳᠤᠭᠠᠷ ᠬᠤᠭᠤᠴᠠᠭᠠᠨ ᠤ | ᠬᠤᠷᠢᠶᠠᠨ ᠤ ᠶᠢᠰᠦᠳᠦᠭᠡᠷ ᠪᠥᠬᠦᠳᠡ ᠬᠤᠷᠠᠯ 2020 ᠣᠨ ᠤ 8 ᠰᠠᠷ᠎ᠠ ᠶᠢᠨ 7 ᠤ ᠡᠳᠦᠷ ᠬᠠᠶᠢᠷᠤᠪ ᠤᠨ | ᠲᠤᠬᠤᠢ ᠳᠤ ᠬᠤᠷᠠᠯᠳᠤᠪᠠ᠃ | ᠪᠥᠬᠦᠳᠡ ᠬᠤᠷᠠᠯ ᠳᠤ ᠬᠤᠳᠠ ᠶᠢᠨ ᠨᠠᠮ ᠤᠨ ᠬᠤᠷᠢᠶᠠᠨ ᠤ ᠭᠡᠰᠢᠭᠦᠨ 36 ᠬᠥᠮᠦᠨ ᠣᠷᠣᠯᠴᠠᠪᠠ᠃ | ᠬᠤᠲᠠ ᠶᠢᠨ ᠱᠠᠲᠤᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠬᠤᠲᠠ ᠶᠢᠨ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠭᠡᠰᠢᠭᠦᠨ᠂ ᠡᠯ᠎ᠡ ᠲᠣᠭᠤᠷᠢᠭ ᠤᠨ ᠳᠦᠷᠪᠡᠨ ᠪᠠᠭ ᠤᠨ ᠭᠤᠣᠯ ᠬᠠᠷᠢᠭᠤᠴᠠᠯᠭᠠᠲᠠᠨ | ᠨᠥᠬᠦᠳ᠂ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠳᠠᠨ ᠨᠥᠬᠦᠳ ᠪᠣᠯᠤᠨ ᠬᠡᠰᠡᠭ ᠨᠠᠮ ᠤᠨ | ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠬᠤᠷᠠᠯ ᠳᠤ ᠰᠤᠯᠠ ᠣᠷᠣᠯᠴᠠᠪᠠ᠃ | ᠪᠥᠬᠦᠳᠡ ᠬᠤᠷᠠᠯ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ ᠬᠤᠲᠠ ᠶᠢᠨ | ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠶᠠᠷᠢᠶ᠎ᠠ ᠲᠠᠯᠪᠢᠪᠠ᠃ | ᠪᠦᠭᠦᠳᠡ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ | ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ | ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠪᠥᠬᠦ ᠤᠯᠤᠰ ᠤᠨ ︽ᠬᠤᠶᠠᠷ ᠬᠤᠷᠠᠯ︾ | ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠬᠤᠶᠠᠳᠤᠭᠠᠷ ᠣᠳᠠᠭᠠᠨ ᠤ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶᠠᠨ ᠤ ︽︿ | ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠬᠤ᠂ ᠴᠢᠨᠡᠭᠡᠯᠢᠭ | ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠬᠤ᠂ ᠰᠢᠨ᠎ᠡ ᠴᠠᠭ ᠦᠶ᠎ᠡ ᠶᠢᠨ ᠥᠪᠥᠷ | ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠦᠷᠢ﹀ ᠶᠢ ᠲᠤᠤᠱᠯᠠᠭᠤᠯᠬᠤ ᠲᠤᠬᠠᠢ ᠬᠡᠷᠡᠭᠵᠢᠭᠦᠯᠬᠦ ᠲᠥᠰᠦᠯ︾ ᠢ | ᠬᠢᠨᠠᠨ ᠵᠥᠪᠯᠡᠵᠦ ᠪᠠᠲᠤᠯᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠪᠠ ᠨᠠᠮ ᠤᠨ ᠪᠠᠶᠢᠭᠤᠯᠤᠯᠲᠠ ᠶᠢᠨ | ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃ ᠱᠢ ᠸᠠᠨ ᠵᠢᠶᠦ᠋ᠨ ︽ᠬᠡᠷᠡᠭᠵᠢᠭᠦᠯᠬᠦ ᠲᠥᠰᠦᠯ ︵ | ᠶᠠᠷᠢᠯᠴᠠᠬᠤ ᠨᠤᠤᠷᠠᠭ︶︾ ᠤᠨ ᠲᠤᠬᠠᠶ ᠪᠥᠬᠦᠳᠡ ᠬᠤᠷᠠᠯ ᠳᠤ ᠲᠤᠲᠤᠷᠬᠠᠶᠢᠯᠠᠯᠳᠠ ᠬᠢᠵᠡᠶ᠃ | ᠪᠥᠬᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ | ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ | ᠣᠷᠣᠯᠴᠠᠬᠤ ᠳᠠᠭᠠᠨ ᠲᠠᠯᠪᠢᠭᠰᠠᠨ ᠴᠢᠬᠤᠯᠠ ᠶᠠᠷᠢᠶ᠎ᠠ ᠨᠢ ᠠᠷᠠᠳ ᠲᠦᠮᠡᠨ ᠢᠶᠠᠷ ᠭᠤᠣᠯ ᠪᠤᠯᠭᠠᠭᠰᠠᠨ ᠬᠥᠭᠵᠢᠯᠲᠡ ᠶᠢᠨ | ᠦᠵᠡᠯ ᠰᠠᠨᠠᠭᠠᠨ ᠤ ᠵᠣᠷᠢᠭ ᠰᠠᠨᠠᠭᠠᠨ ᠤ ᠮᠥᠨ ᠴᠢᠨᠠᠷ᠂ ᠡᠯᠪᠡᠭ ᠪᠠᠶᠠᠯᠢᠭ ᠠᠭᠤᠯᠤᠭᠳᠠᠬᠤᠨ᠂ ᠦᠢᠯᠡᠳᠦᠯᠭᠡ ᠶᠢᠨ | ᠱᠠᠭᠠᠷᠳᠠᠯᠭ᠎ᠠ ᠶᠢ ᠭᠦᠨᠵᠡᠭᠡᠢ ᠲᠣᠳᠣᠷᠬᠠᠶᠢᠯᠠᠨ ᠦᠬᠦᠯᠡᠵᠦ᠂ ᠮᠠᠨ ᠤ ᠨᠠᠮ ᠤᠨ ᠪᠦᠬᠦ ᠰᠡᠳᠬᠢᠯ ᠪᠦᠬᠦ | ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠤᠷᠢᠯᠳᠠ ᠶᠢ ᠠᠮᠢᠳᠤᠯᠢᠭ ᠢᠶᠠᠷ ᠲᠠᠶᠢᠯᠪᠤᠷᠢᠯᠠᠵᠤ᠂ | ᠠᠷᠠᠳ ᠲᠦᠮᠡᠨ ᠤ ᠤᠳᠤᠷᠢᠳᠤᠭᠴᠢ ᠶᠢᠨ ᠡᠷᠡᠰ ᠪᠠᠲᠤ ᠠᠷᠠᠳ ᠲᠦᠮᠡᠨ ᠤ ᠵᠣᠭᠰᠣᠯᠲᠠ᠂ ᠠᠷᠠᠳ ᠤᠨ ᠲᠥᠯᠥᠭᠡ | ᠵᠢᠳᠬᠦᠬᠦ ᠴᠢᠩ ᠦᠨᠡᠨᠴᠢ ᠬᠠᠶᠢᠷ᠎ᠠ ᠰᠡᠳᠬᠢᠯᠭᠡ ᠶᠢ ᠬᠦᠢᠴᠡᠳ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠥᠪᠥᠷ | ᠮᠣᠩᠭᠤᠯ ᠤᠨ ᠬᠦᠭᠵᠢᠯᠳᠡ ᠶᠢ ᠠᠬᠢᠭᠤᠯᠬᠤ ᠳᠤ ᠴᠢᠬᠤᠯᠠ ᠦᠵᠡᠯ ᠰᠠᠨᠠᠭᠠᠨ ᠤ ᠵᠢᠯᠣᠭᠤᠳᠣᠯᠭ᠎ᠠ ᠪᠠ ᠠᠵᠢᠯᠯᠠᠭᠠᠨ ᠤ | ᠵᠦᠭᠯᠡᠭᠦᠷ ᠬᠠᠩᠭᠠᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ | ᠠᠷᠪᠠᠨ ᠬᠤᠶᠠᠳᠤᠭᠠᠷ ᠪᠦᠬᠦᠳᠡ ᠬᠤᠷᠠᠯ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠶ ᠰᠣᠷᠣᠯᠴᠠᠨ ᠲᠤᠤᠱᠯᠠᠭᠤᠯᠵᠤ᠂ ᠲᠤᠰᠬᠠᠶ ᠰᠡᠳᠦᠪᠲᠦ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠬᠤ ᠠᠵᠢᠯ ᠢ ᠲᠤᠰᠬᠠᠶ ᠰᠡᠳᠦᠪ ᠢᠶᠠᠷ ᠬᠢᠨᠠᠨ ᠶᠠᠷᠢᠯᠴᠠᠵᠤ ︽ᠰᠢᠢᠳᠪᠦᠷᠢ︾ ᠨᠡᠶᠢᠳᠡᠯᠡᠭᠰᠡᠨ ᠨᠢ | ᠪᠥᠬᠦ ᠣᠷᠣᠨ ᠤ ᠳᠡᠭᠡᠳᠦ ᠳᠣᠤᠷᠠᠳᠤ ᠱᠠᠲᠤᠨ ᠤ ᠠᠷᠠᠳ ᠲᠦᠮᠡᠨ ᠢᠶᠠᠷ ᠭᠤᠤᠯ ᠪᠤᠯᠭᠠᠭᠰᠠᠨ ᠬᠥᠭᠵᠢᠯᠲᠡ ᠶᠢᠨ | ᠦᠵᠡᠯ ᠰᠠᠨᠠᠭ᠎ᠠ ᠶᠢ ᠨᠠᠩ ᠰᠠᠶᠢᠲᠤᠷ ᠦᠢᠯᠡᠳᠦᠯᠭᠡᠵᠢᠭᠦᠯᠬᠦ ᠳᠤ ᠬᠦᠴᠦᠲᠡᠶ ᠵᠢᠯᠣᠭᠤᠳᠣᠯᠭ᠎ᠠ ᠪᠠ ᠴᠢᠬᠤᠯᠠ | ᠦᠨᠳᠦᠰᠦᠯᠡᠯ ᠬᠠᠩᠭᠠᠭᠰᠠᠨ ᠪᠠᠶᠢᠨ᠎ᠠ᠃ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ᠪᠣᠯᠤᠨ ᠥᠷᠭᠡᠨ ᠣᠯᠠᠨ ᠨᠠᠮ ᠤᠨ ᠬᠡᠰᠢᠬᠦᠨ ᠺᠠᠳ᠋ᠷᠴᠤᠳ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠣᠳᠣᠬᠠᠨ ᠤ ᠡᠯ᠎ᠡ ᠵᠦᠢᠯ ᠤᠨ | ᠠᠵᠢᠯ ᠤᠨ ᠶᠡᠷᠦᠩᠬᠡᠶᠢᠯᠡᠭᠰᠡᠨ ᠵᠢᠯᠤᠭᠤᠲᠤᠮᠵᠢ ᠪᠤᠯᠭᠠᠬᠤ ᠶᠢ ᠪᠠᠷᠢᠮᠳᠠᠯᠠᠵᠤ᠂ ᠤᠬᠠᠮᠰᠠᠷ ᠠᠴᠠ ᠪᠠᠨ ᠦᠵᠡᠯ ᠰᠠᠨᠠᠭ᠎ᠠ | ᠪᠠ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ | ᠬᠥᠭᠵᠢᠯᠲᠡ ᠶᠢᠨ ᠲᠤᠬᠠᠶ ᠴᠢᠬᠤᠯᠠ ᠵᠢᠭᠠᠪᠤᠷᠢ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠣᠶᠤᠨ ᠤᠬᠠᠭᠠᠨ ᠪᠠ | ᠬᠦᠴᠦᠨ ᠴᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ | ᠠᠷᠪᠠᠨ ᠬᠤᠶᠠᠳᠤᠭᠠᠷ ᠪᠥᠬᠦᠳᠡ ᠬᠤᠷᠠᠯ ᠠᠴᠠ ᠲᠣᠭᠲᠠᠭᠠᠭᠰᠠᠨ ᠠᠵᠢᠯ ᠤᠨ ᠡᠭᠦᠷᠭᠡ ᠳᠡᠭᠡᠷ᠎ᠡ ᠨᠢᠭᠳᠠᠷᠠᠭᠤᠯᠵᠤ᠂ | ᠡᠯ᠎ᠡ ᠵᠦᠢᠯ ᠤᠨ ᠠᠵᠢᠯ ᠦᠢᠯᠡᠰ ᠤᠨ ᠲᠠᠰᠤᠷᠠᠯᠲᠠ ᠥᠬᠡᠶ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠤᠯᠬᠤ ᠶᠢ | ᠴᠢᠷᠮᠠᠶᠢᠨ ᠠᠬᠢᠭᠤᠯᠬᠤ ᠬᠡᠷᠡᠭᠳᠡᠢ ᠬᠡᠵᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠠᠷᠠᠳ ᠲᠦᠮᠡᠨ ᠢᠶᠠᠷ ᠭᠤᠤᠯ ᠪᠣᠯᠭᠠᠭᠰᠠᠨ | ᠬᠥᠭᠵᠢᠯᠲᠡ ᠶᠢᠨ ᠦᠵᠡᠯ ᠰᠠᠨᠠᠭ᠎ᠠ ᠨᠠᠮ ᠤᠨ ᠬᠦᠰᠡᠯᠡᠩ ᠢᠲᠡᠭᠡᠯ ᠪᠢᠰᠢᠷᠡᠯ᠂ ᠰᠢᠨᠵᠢ ᠴᠢᠨᠠᠷ ᠵᠣᠷᠢᠯᠲᠠ᠂ ᠤᠭ | ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠲᠥᠪᠯᠡᠷᠡᠩᠭᠦᠶ ᠢᠯᠡᠷᠡᠭᠦᠯᠵᠦ᠂ ᠨᠠᠮ ᠤᠨ ᠲᠡᠮᠡᠴᠡᠯ ᠤᠨ ᠥᠩᠭᠡᠷᠡᠯᠲᠡ ᠪᠣᠯᠤᠨ | ᠦᠢᠯᠡᠳᠦᠯᠭᠡ ᠶᠢᠨ ᠲᠤᠷᠰᠢᠯᠭ᠎ᠠ ᠶᠢ ᠭᠦᠨᠵᠡᠭᠡᠶ ᠳ᠋ᠦᠩᠨᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠴᠢᠬᠤᠯᠠ ᠠᠭᠤᠯᠭ᠎ᠠ ᠪᠣᠯᠬᠤ ᠪᠥᠭᠡᠳ ᠪᠠᠰᠠ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠦᠪ ᠬᠤᠷᠢᠶᠠᠨ ᠤ ᠲᠦᠷᠦ ᠶᠢ ᠵᠠᠰᠠᠬᠤ ᠢᠯᠡ ᠲᠣᠳᠣ | ᠣᠨᠴᠠᠯᠢᠭ ᠪᠣᠯᠤᠨ᠎ᠠ᠃ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ︽ᠳᠥᠷᠪᠡᠨ | ᠤᠬᠠᠮᠰᠠᠷ︾ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ | ᠬᠤᠶᠠᠷ ᠢ ᠬᠠᠮᠠᠭᠠᠯᠠᠬᠤ︾ ᠶᠢ ᠪᠡᠶᠡᠯᠡᠬᠦᠯᠵᠦ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠦᠨᠳᠦᠰᠦᠨ ᠪᠠᠶᠢᠷᠢᠰᠢᠯ | ᠪᠠ ᠦᠨᠳᠦᠰᠦᠨ ᠪᠠᠶᠢᠷᠢ ᠲᠣᠭᠲᠠᠭᠠᠯᠲᠠ ᠶᠢ ᠪᠠᠷᠢᠮᠳᠠᠯᠠᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠦᠵᠡᠯ | ᠰᠠᠨᠠᠭᠠᠨ ᠤ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠣᠳ ᠢ | ᠬᠥᠲᠥᠯᠥᠨ ᠵᠢᠯᠣᠭᠤᠳᠴᠤ ᠪᠠᠶᠢᠭᠠᠳ ᠠᠷᠠᠳ ᠲᠦᠮᠡᠨ ᠢ ᠳᠡᠭᠡᠳᠦᠯᠡᠬᠦ ᠤᠶᠢᠯᠠᠭᠠᠭᠳᠠᠬᠤᠨ ᠢ ᠨᠠᠩ ᠪᠠᠲᠤ ᠪᠠᠬᠢ ᠪᠤᠢ | ᠪᠣᠯᠭᠠᠵᠤ᠂ ᠠᠷᠠᠳ ᠲᠦᠮᠡᠨ ᠳᠤ ᠲᠦᠰᠢᠭᠯᠡᠬᠦ ᠡᠷᠳᠡᠨᠢ ᠶᠢ ᠨᠠᠩ ᠰᠠᠶᠢᠨ ᠬᠡᠷᠡᠭᠯᠡᠵᠦ᠂ ᠠᠷᠠᠳ ᠲᠦᠮᠡᠨ ᠳᠤ ᠪᠤᠶᠠᠨ | ᠦᠢᠯᠡᠳᠬᠦ ᠶᠠᠪᠤᠳᠠᠯ ᠢ ᠨᠠᠩ ᠪᠣᠳᠠᠲᠠᠶ ᠬᠢᠵᠦ᠂ ᠠᠷᠠᠳ ᠲᠦᠮᠡᠨ ᠳᠤ ᠦᠨᠳᠦᠰᠦᠯᠡᠬᠦ ᠦᠨᠳᠦᠰᠦ ᠰᠤᠷᠪᠤᠯᠵᠢ ᠶᠢ ᠨᠠᠩ | ᠭᠦᠨᠵᠡᠭᠡᠶ ᠪᠤᠶᠢᠵᠢᠭᠤᠯᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ ᠳᠤᠮᠳᠠ ᠡᠭᠦᠷᠭᠡᠯᠡᠯ | ᠵᠢᠳᠬᠦᠯ ᠴᠢᠷᠮᠠᠶᠢᠯᠭ᠎ᠠ ᠭᠠᠷᠭᠠᠬᠤ ᠶᠢ ᠢᠯᠡᠷᠡᠭᠦᠯᠬᠦ ᠬᠡᠷᠡᠭᠳᠡᠢ ᠬᠡᠵᠡᠢ᠃ | ᠪᠥᠬᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠠᠴᠠ ᠨᠠᠰᠢ᠂ ᠭᠡᠨᠡᠳᠲᠡ ᠡᠭᠦᠰᠦᠭᠰᠡᠨ | ᠠᠭᠤᠰᠬᠢᠨ ᠦᠷᠪᠢᠰᠦᠯ ᠤᠨ ᠬᠢᠵᠢᠭ ᠤᠨ ᠡᠮᠦᠨ᠎ᠡ᠂ ᠪᠦᠬᠦ ᠬᠤᠲᠠ ᠳᠠᠶᠠᠭᠠᠷ ᠢᠶᠠᠨ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠵᠤ᠂ ᠲᠣᠭᠲᠠᠭᠤᠨ ᠪᠠᠶᠢᠯᠭᠠᠬᠤ ᠪᠥᠭᠡᠳ ᠤᠷᠤᠭᠰᠢᠯᠠᠨ | ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠪᠠᠷᠢᠮᠲᠠᠯᠠᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ | ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠨᠢᠭᠡᠳᠦᠯᠲᠡᠶ | ᠲᠥᠯᠥᠪᠯᠡᠨ ᠠᠬᠢᠭᠤᠯᠵᠤ᠂ ᠠᠵᠤ ᠠᠬᠤᠶ ᠶᠢᠨ ᠠᠵᠢᠯᠯᠠᠭᠠᠨ ᠳᠤ ᠲᠠᠬᠢᠨ ᠳᠡᠭᠡᠭᠰᠢᠯᠡᠬᠦ ᠪᠠᠶᠢᠳᠠᠯ ᠢᠯᠡᠷᠡᠵᠦ᠂ | ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠠᠲᠤᠯᠠᠪᠠ ᠬᠡᠵᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠮᠠᠨ ᠤ ᠬᠤᠲᠠ ᠶᠢᠨ ᠠᠵᠤ ᠠᠬᠤᠢ ᠬᠡᠳᠦ᠋ᠢᠪᠡᠷ | ᠬᠢᠵᠢᠭ ᠤᠨ ᠳᠠᠭᠠᠷᠢᠯᠲᠠ ᠳᠤ ᠤᠴᠠᠷᠠᠭᠰᠠᠨ ᠪᠣᠯᠪᠠᠴᠤ ᠭᠤᠣᠯ ᠪᠣᠯᠬᠤ ᠠᠵᠤ ᠠᠬᠤᠢ ᠶᠢᠨ ᠬᠦᠢᠴᠡᠳᠭᠡᠯ ᠲᠤᠭᠠᠨ ᠤ | ᠬᠤᠪᠢᠷᠠᠯᠲᠠ ᠶᠢᠨ ᠪᠦᠲᠦᠴᠡ ᠪᠠ ᠬᠠᠨᠳᠤᠰᠢ ᠶᠢᠨ ᠵᠠᠳᠠᠯᠪᠠᠯ᠂ ᠬᠢᠵᠢᠭ ᠤᠨ ᠪᠠᠶᠢᠳᠠᠯ ᠤᠨ ᠳᠠᠭᠠᠷᠢᠯᠲᠠ ᠪᠣᠯ ᠣᠬᠤᠷ | ᠬᠤᠭᠤᠴᠠᠭᠠᠨ ᠤ᠂ ᠬᠡᠰᠡᠭ ᠲᠠᠯ᠎ᠠ ᠶᠢᠨ ᠶᠤᠮ᠂ ᠠᠵᠤ ᠠᠬᠤᠶ ᠲᠣᠭᠲᠠᠭᠤᠨ ᠪᠠᠶᠢᠬᠤ ᠶᠢᠨ ᠵᠡᠷᠭᠡ ᠳᠤ ᠰᠠᠶᠢᠵᠢᠷᠠᠬᠤ᠂ | ᠤᠷᠲᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠬᠠᠨᠳᠣᠰᠢ ᠬᠤᠪᠢᠷᠠᠭᠰᠠᠨ ᠦᠭᠡᠢ᠃ ᠪᠦᠬᠦ ᠲᠠᠯ᠎ᠠ ᠶᠢᠨ᠂ | ᠬᠤᠪᠢᠰᠤᠩᠭᠤᠶ᠂ ᠠᠯᠤᠰ ᠬᠡᠲᠦ ᠶᠢᠨ ᠬᠠᠷᠠᠴᠠ ᠪᠠᠷ ᠬᠥᠭᠵᠢᠯᠲᠡ ᠶᠢᠨ ᠲᠣᠭᠲᠠᠭᠤᠨ᠂ ᠬᠦᠭᠵᠢᠯᠳᠡ ᠶᠢᠨ ᠬᠦᠴᠢᠷ | ᠠᠰᠠᠭᠤᠳᠠᠯ ᠢ ᠲᠠᠨᠢᠵᠤ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠢᠳᠡᠪᠬᠢᠲᠡᠢ ᠪᠥᠭᠡᠳ | ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠬᠢᠮᠤᠷᠠᠯ ᠤᠨ ᠳᠤᠮᠳᠠ ᠰᠢᠨ᠎ᠡ ᠠᠵᠠ ᠲᠤᠬᠢᠶᠠᠯ ᠢ ᠪᠤᠢ ᠪᠤᠯᠭᠠᠬᠤ ᠪᠠ | ᠬᠤᠪᠢᠷᠠᠯᠲᠠ ᠶᠢᠨ ᠳᠤᠮᠳᠠ ᠰᠢᠨ᠎ᠡ ᠪᠠᠶᠢᠳᠠᠯ ᠢ ᠨᠡᠭᠡᠭᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ | ᠠᠵᠤ ᠠᠬᠤᠶ ᠨᠡᠶᠢᠭᠡᠮ ᠤᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠬᠦᠯᠬᠦ ᠰᠢᠢᠳᠪᠦᠷᠢᠲᠦ ᠢᠯᠠᠯᠲᠠ ᠶᠢ ᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠰᠢᠢᠳᠪᠦᠷᠢᠲᠦ ᠳᠠᠶᠢᠯᠠᠯᠳᠤᠭᠠᠨ ᠤ ᠬᠠᠷᠠᠯᠲᠠ ᠡᠭᠦᠷᠭᠡ ᠶᠢ ᠡᠷᠡᠰ ᠪᠡᠶᠡᠯᠡᠭᠦᠯᠬᠦ ᠬᠡᠷᠡᠭᠳᠡᠢ ᠬᠡᠵᠡᠢ᠃ | ᠪᠥᠬᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠰᠠᠶᠢᠲᠤᠷ ᠠᠳᠬᠤᠬᠤ ᠪᠣᠯ ᠬᠥᠭᠵᠢᠯᠲᠡ ᠶᠢᠨ ᠶᠡᠭᠡ ᠲᠠᠯ᠎ᠠ ᠶᠢ ᠬᠠᠮᠠᠭᠠᠯᠠᠬᠤ᠂ ᠤᠯᠠᠨ ᠲᠦᠮᠡᠨ ᠤ ᠡᠷᠡᠭᠦᠯ ᠮᠡᠨᠳᠤ ᠶᠢ | ᠬᠠᠮᠠᠭᠠᠯᠠᠬᠤ ᠶᠢᠨ ᠰᠠᠭᠤᠷᠢ ᠪᠠ ᠤᠷᠢᠲᠠᠯ ᠮᠥᠨ᠃ ᠭᠠᠳᠠᠭᠠᠳᠤ ᠠᠴᠠ ᠬᠠᠯᠳᠠᠪᠤᠷᠢᠯᠠᠨ ᠣᠷᠣᠵᠣ ᠢᠷᠡᠬᠦ ᠶᠢ | ᠰᠡᠷᠭᠡᠶᠢᠯᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠲᠤᠲᠤᠨ᠎ᠠ ᠪᠠᠨ ᠲᠠᠷᠬᠠᠨ ᠲᠡᠯᠭᠡᠷᠡᠬᠦ ᠶᠢ | ᠰᠡᠷᠭᠡᠶᠢᠯᠡᠨ ᠡᠵᠡᠮᠳᠡᠬᠦ ᠲᠣᠤᠷ ᠢ ᠨᠢᠭᠲᠠ ᠰᠦᠯᠵᠢᠵᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ | ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠡᠨᠡᠬᠦ ᠤᠳᠠᠭᠠᠨ ᠤ ᠠᠷᠠᠳ ᠤᠨ ᠲᠠᠶᠢᠨ ᠤ ᠢᠯᠠᠯᠲᠠ ᠶᠢ ᠦᠨᠡᠨᠬᠦ ᠣᠯᠬᠤ ᠬᠡᠷᠡᠭᠲᠡᠶ ᠬᠡᠵᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ | ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠳᠤ ᠡᠷᠬᠡᠪᠰᠢ ᠳᠠᠪᠠᠭ᠋ᠤ ᠴᠢᠬᠤᠯᠠ ᠶᠡᠭᠡ ᠪᠣᠭᠤᠮᠲᠠ | ᠪᠣᠯᠤᠨ᠎ᠠ᠂ ᠪᠠᠶᠢᠳᠠᠯ ᠬᠡᠷᠬᠢᠨ ᠬᠤᠪᠢᠷᠠᠭᠰᠠᠨ ᠴᠤ ᠡᠨᠡ ᠡᠭᠦᠷᠭᠡ ᠶᠢ ᠪᠦᠷ ᠬᠤᠪᠢᠷᠠᠭᠤᠯᠵᠤ ᠪᠣᠯᠬᠤ ᠦᠭᠡᠢ᠂ ᠡᠷᠬᠡᠪᠰᠢ | ᠲᠣᠭᠲᠠᠭᠰᠠᠨ ᠴᠠᠭ ᠲᠠᠭᠠᠨ ᠪᠡᠶᠡᠯᠡᠭᠦᠯᠬᠦ ᠬᠡᠷᠡᠭᠳᠡᠢ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠠᠵᠢᠯ | ᠣᠯᠭᠤᠯᠲᠠ ᠪᠠᠷ ᠶᠠᠳᠠᠭᠤ ᠶᠢ ᠲᠡᠳᠬᠦᠬᠦ᠂ ᠮᠥᠩᠭᠦᠨ ᠬᠦᠢᠯᠭᠡᠭᠡ ᠪᠠᠷ ᠶᠠᠳᠠᠭᠤ ᠶᠢ ᠲᠡᠳᠬᠦᠬᠦ᠂ ᠰᠤᠷᠭᠠᠨ | ᠬᠥᠮᠦᠵᠢᠯ ᠢᠶᠠᠷ ᠶᠠᠳᠠᠭᠤ ᠶᠢ ᠲᠡᠳᠬᠦᠬᠦ ᠶᠢ ᠨᠢᠭᠡᠳᠦᠯᠲᠡᠶ ᠲᠦᠯᠦᠪᠯᠡᠨ ᠠᠬᠢᠭᠤᠯᠵᠤ᠂ ᠳᠠᠬᠢᠨ ᠶᠠᠳᠠᠭᠤᠷᠠᠬᠤ ᠶᠢ | ᠰᠡᠷᠭᠡᠶᠢᠯᠡᠬᠦ ᠶᠠᠳᠠᠭᠤᠷᠠᠬᠤ ᠶᠢ ᠬᠢᠨᠠᠨ ᠬᠡᠮᠵᠢᠬᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠪᠠᠨ ᠲᠡᠭᠦᠯᠳᠡᠷᠵᠢᠭᠦᠯᠵᠦ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠢᠭᠡᠳ ᠬᠥᠳᠡᠭᠡ ᠲᠤᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠶᠢ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠬᠦᠯᠬᠦ ᠬᠡᠷᠡᠭᠳᠡᠢ᠃ ᠶᠡᠷᠦᠩᠬᠡᠶ ᠱᠦᠵᠢ ᠰᠢ ᠶᠢᠨ | ᠫᠢᠩ ᠤᠨ ︽ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ | ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠬᠦᠴᠦᠯᠡᠨ ᠰᠠᠶᠢᠲᠤᠷ ᠠᠳᠬᠤᠬᠤ︾ | ᠲᠤᠬᠠᠶ ᠴᠢᠬᠤᠯᠠ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠪ᠂ ᠥᠪᠡᠷᠲᠡᠭᠡᠨ | ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠬᠠᠷᠢᠭᠤ | ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠱᠠᠯᠠᠪᠳᠠᠨ ᠪᠣᠳᠠᠲᠠᠶ ᠠᠳᠬᠤᠵᠤ᠂ ᠠᠭᠤᠷᠬᠠᠢ ᠶᠢᠨ | ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠯᠠᠪᠳᠠᠭᠤᠨ ᠢᠶᠠᠷ ᠠᠬᠢᠭᠤᠯᠵᠤ᠂ ᠣᠷᠣᠨ | ᠪᠦᠰᠡ ᠶᠢᠨ ᠠᠭᠠᠷ ᠮᠠᠨᠳᠠᠯ ᠤᠨ ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠵᠠᠰᠠᠬᠤ ᠶᠢ ᠢᠳᠡᠪᠬᠢᠲᠡᠢ | ᠠᠬᠢᠭᠤᠯᠵᠤ᠂ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠᠰᠠᠷ ᠤᠨ ᠬᠠᠮᠢᠶᠠᠷᠤᠯᠲᠠ ᠪᠠᠨ ᠴᠢᠩᠳᠠᠯᠠᠵᠤ᠂ | ᠬᠥᠷᠥᠰᠥ ᠰᠢᠷᠣᠶ ᠶᠢᠨ ᠪᠣᠬᠢᠷᠲᠤᠯ ᠢ ᠵᠠᠰᠠᠬᠤ ᠠᠵᠢᠯ ᠢ ᠥᠷᠨᠢᠭᠦᠯᠦᠨ᠂ ᠪᠣᠬᠢᠷᠲᠤᠯ ᠢ ᠰᠡᠷᠭᠡᠶᠢᠯᠡᠨ ᠵᠠᠰᠠᠬᠤ ᠱᠠᠲᠤ | ᠦᠶ᠎ᠡ ᠶᠢᠨ ᠴᠢᠨᠠᠷᠳᠠᠢ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠳᠡᠢ᠃ ᠥᠷᠢ ᠥᠭᠴᠡᠭᠡ ᠲᠥᠯᠥᠬᠦ | ᠴᠠᠭ ᠤᠨ ᠳᠠᠷᠠᠭᠠᠯᠠᠯ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢᠨ | ᠲᠦᠭᠰᠢᠭᠦᠷᠢ ᠶᠢ ᠴᠢᠩᠭ᠎ᠠ ᠰᠡᠷᠭᠡᠶᠢᠯᠡᠨ ᠡᠵᠡᠮᠳᠡᠵᠦ᠂ ᠰᠢᠰᠲ᠋ᠧᠮ ᠤᠨ ᠴᠢᠨᠠᠷᠲᠠᠶ ᠲᠦᠭᠰᠢᠭᠦᠷᠢ ᠦᠯᠦ ᠭᠠᠷᠭᠠᠬᠤ | ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠶ ᠬᠡᠵᠡᠢ᠃ | ᠪᠥᠬᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠠᠵᠤ ᠠᠬᠤᠶ ᠶᠢᠨ ᠠᠵᠢᠯᠯᠠᠭᠠᠨ ᠢ ᠲᠣᠭᠲᠠᠭᠤᠨ | ᠪᠠᠶᠢᠯᠭᠠᠬᠤ ᠪᠣᠯ ᠳᠠᠷᠤᠶ ᠬᠥᠭᠵᠢᠯᠲᠡ ᠶᠢᠨ ᠰᠠᠭᠤᠷᠢ ᠶᠢ ᠲᠣᠭᠲᠠᠭᠤᠨ ᠪᠠᠶᠢᠯᠭᠠᠵᠤ᠂ ᠠᠷᠠᠳ ᠤᠨ ᠠᠮᠢᠳᠤᠷᠠᠯ ᠤᠨ | ᠬᠤᠷᠢᠭ᠎ᠠ ᠱᠤᠭᠤᠮ ᠢ ᠰᠠᠬᠢᠨ ᠬᠠᠮᠠᠭᠠᠯᠠᠬᠤ ᠶᠠᠪᠤᠳᠠᠯ ᠪᠣᠯᠤᠨ᠎ᠠ᠃ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠰᠠᠶᠢᠲᠤᠷ ᠠᠳᠬᠤᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠤᠳᠤᠷᠢᠳᠬᠤ ᠺᠠᠳ᠋ᠷᠴᠣᠳ ᠤᠨ ᠲᠦᠷᠦᠯ ᠵᠦᠢᠯ ᠢ ᠳᠠᠭᠠᠭᠠᠴᠢᠯᠠᠨ ᠬᠤᠯᠪᠣᠭᠠᠯᠠᠬᠤ | ᠬᠠᠷᠢᠭᠤᠴᠠᠯᠭ᠎ᠠ ᠶᠢᠨ ᠳᠦᠷᠢᠮ ᠢ ᠰᠢᠯᠢᠳᠡᠭᠵᠢᠬᠦᠯᠦᠨ ᠨᠠᠶᠢᠳᠠᠪᠤᠷᠢᠵᠢᠭᠤᠯᠵᠤ᠂ ᠨᠡᠩ ᠤᠯᠠᠨ ᠲᠦᠷᠦᠯ ᠵᠦᠢᠯ ᠢ | ᠡᠷᠲᠡᠬᠡᠨ ᠠᠵᠢᠯ ᠡᠭᠢᠯᠡᠬᠦᠯᠵᠦ᠂ ᠦᠢᠯᠡᠳᠪᠦᠷᠢᠯᠡᠯ ᠳᠤ ᠣᠷᠣᠭᠤᠯᠣᠨ ᠦᠷ᠎ᠡ ᠪᠦᠲᠦᠮᠵᠢ ᠤᠯᠬᠤ ᠶᠢ ᠠᠬᠢᠭᠤᠯᠬᠤ | ᠬᠡᠷᠡᠭᠳᠡᠢ᠃ ᠤᠯᠤᠰ ᠠᠴᠠ ︽ᠬᠤᠶᠠᠷ ᠰᠢᠨ᠎ᠡ ᠨᠢᠭᠡ ᠴᠢᠬᠤᠯᠠ︾ ᠪᠦᠲᠦᠭᠡᠨ ᠪᠠᠶᠢᠭᠤᠯᠤᠯᠲᠠ ᠶᠢ ᠳᠡᠮᠵᠢᠬᠦ ᠴᠢᠬᠤᠯᠠ | ᠶᠡᠭᠡ ᠠᠵᠠ ᠲᠣᠬᠢᠶᠠᠯ ᠢ ᠠᠳᠬᠤᠵᠤ᠂ ᠨᠢᠭᠡ ᠪᠦᠯᠦᠭ ᠭᠤᠤᠯᠳᠠᠯᠭ᠎ᠠ ᠲᠠᠢ ᠲᠥᠷᠥᠯ ᠵᠦᠢᠯ ᠢ ᠱᠠᠯᠠᠪᠳᠠᠨ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠨᠡᠶᠢᠭᠡᠮ ᠤᠨ ᠬᠥᠷᠥᠩᠭᠡ ᠶᠢᠨ ᠭᠤᠤᠯᠳᠠᠯᠭ᠎ᠠ ᠲᠠᠢ ᠬᠦᠷᠢᠶᠡᠨ ᠤ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠲᠡᠮᠵᠢᠵᠦ᠂ ᠪᠦᠲᠦᠮᠵᠢᠲᠡᠶ ᠪᠡᠯᠡ ᠣᠷᠣᠭᠤᠯᠤᠯᠲᠠ ᠶᠢᠨ ᠬᠡᠪᠴᠢᠶ᠎ᠡ ᠶᠢ | ᠦᠷᠭᠡᠳᠭᠡᠬᠦ ᠬᠡᠷᠡᠭᠳᠡᠢ᠃ ᠴᠢᠨᠠᠷ ᠰᠠᠶᠢᠲᠠᠶ ᠬᠠᠩᠭᠠᠯᠭ᠎ᠠ ᠪᠠᠷ ᠰᠢᠨ᠎ᠡ ᠬᠡᠷᠡᠭᠴᠡᠭᠡ ᠶᠢ ᠡᠭᠦᠳᠦᠨ ᠪᠦᠲᠦᠭᠡᠬᠦ ᠶᠢ | ᠴᠢᠬᠤᠯᠠᠴᠢᠯᠠᠵᠤ᠂ ᠲᠣᠭᠠᠴᠢᠯᠠᠭᠰᠠᠨ ᠬᠡᠷᠡᠭᠯᠡᠭᠡ᠂ ᠪᠦᠲᠦᠭᠡᠯᠴᠢ ᠬᠡᠷᠡᠭᠯᠡᠭᠡ᠂ ᠪᠣᠬᠢᠷᠲᠤᠯ ᠦᠭᠡᠢ ᠬᠡᠷᠡᠭᠯᠡᠭᠡ ᠵᠡᠷᠭᠡ | ᠰᠢᠨ᠎ᠡ ᠪᠠᠷ ᠮᠠᠨᠳᠤᠭᠰᠠᠨ ᠬᠡᠷᠡᠭᠯᠡᠭᠡ ᠶᠢᠨ ᠨᠡᠮᠡᠭᠳᠡᠯ ᠤᠨ ᠴᠡᠭ ᠢ ᠶᠡᠬᠡᠪᠡᠷ ᠪᠤᠶᠢᠵᠢᠭᠤᠯᠵᠤ᠂ ᠭᠤᠣᠯᠳᠠᠯᠭ᠎ᠠ ᠲᠠᠢ | ᠵᠢᠭᠤᠯᠴᠢᠯᠠᠯ ᠤᠨ ᠲᠥᠷᠥᠯ ᠵᠦᠢᠯ ᠤᠨ ᠡᠵᠡᠩᠨᠡᠯᠲᠡ ᠶᠢ ᠰᠠᠶᠢᠲᠤᠷ ᠠᠳᠬᠤᠵᠤ᠂ ᠬᠡᠷᠡᠭᠯᠡᠭᠡ ᠶᠢᠨ ᠲᠦᠷᠭᠡᠨ | ᠳᠡᠭᠡᠭᠰᠢᠯᠡᠬᠦ ᠶᠢ ᠠᠬᠢᠭᠤᠯᠬᠤ ᠬᠡᠷᠡᠭᠳᠡᠢ᠃ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ | ᠪᠠᠨ ᠴᠢᠩᠭᠠᠳᠬᠠᠵᠤ᠂ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ ᠬᠡᠵᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠬᠤ ᠪᠣᠯ | ᠮᠠᠨ ᠤ ᠬᠤᠲᠠ ᠶᠢᠨ ᠴᠢᠨᠠᠷ ᠰᠠᠶᠢᠲᠠᠢ ᠬᠥᠭᠵᠢᠯᠲᠡ᠂ ᠥᠨᠳᠥᠷ ᠲᠦᠪᠰᠢᠨ ᠢᠶᠠᠷ ᠠᠷᠠᠳ ᠲᠤ ᠠᠰᠢᠭ ᠬᠦᠷᠲᠡᠭᠡᠬᠦ | ᠤᠷᠲᠤ ᠬᠤᠭᠤᠴᠠᠭᠠᠨ ᠤ ᠴᠢᠬᠤᠯᠠ ᠶᠡᠭᠡ ᠡᠭᠦᠷᠭᠡ ᠮᠥᠨ᠃ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ | ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ | ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠤᠯᠠᠮᠵᠢᠯᠠᠯᠲᠤ ᠠᠵᠤ ᠦᠢᠯᠡᠰ ᠤᠨ ᠥᠷᠢᠰᠥᠯᠳᠦᠭᠡᠨ ᠤ ᠳᠠᠪᠠᠭᠤᠯᠢᠭ ᠢ | ᠳᠡᠭᠡᠭᠰᠢᠯᠡᠭᠦᠯᠵᠦ᠂ ᠰᠢᠨ᠎ᠡ ᠠᠵᠤ ᠦᠢᠯᠡᠰ ᠰᠢᠨ᠎ᠡ ᠬᠥᠳᠡᠯᠭᠡᠬᠦ ᠡᠨᠧᠷᠭᠢ ᠶᠢ ᠢᠳᠡᠪᠬᠢᠲᠡᠢ ᠪᠤᠶᠢᠵᠢᠭᠤᠯᠵᠤ᠂ | ᠦᠢᠯᠡᠴᠢᠯᠡᠭᠡᠨ ᠤ ᠦᠢᠯᠡᠰ ᠤᠨ ᠳᠡᠰ ᠳᠡᠪᠰᠢᠬᠦ ᠶᠢ ᠠᠬᠢᠭᠤᠯᠵᠤ᠂ ᠣᠨᠴᠠᠯᠢᠭᠲᠤ ᠲᠠᠷᠢᠶᠠᠯᠠᠩ ᠢ ᠶᠡᠬᠡᠪᠡᠷ | ᠬᠦᠭᠵᠢᠬᠦᠯᠵᠦ᠂ ᠣᠳᠣ ᠦᠶ᠎ᠡ ᠶᠢᠨ ᠠᠵᠤ ᠦᠢᠯᠡᠰ ᠤᠨ ᠲᠣᠭᠲᠠᠯᠴᠠᠭ᠎ᠠ ᠶᠢ ᠨᠠᠷᠢᠯᠢᠭᠵᠢᠭᠤᠯᠬᠤ ᠬᠡᠷᠡᠭᠳᠡᠢ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠵᠡᠷᠭᠡ ᠲᠠᠪᠴᠠᠩ ᠤᠨ ᠦᠢᠯᠡᠳᠦᠯ ᠢ ᠪᠠᠳᠠᠷᠠᠭᠤᠯᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ︽ᠣᠨᠳᠣᠤ ᠭᠠᠵᠠᠷ ᠲᠤ ᠨᠡᠪᠴᠢᠭᠦᠯᠵᠦ᠂ ᠦᠬᠠᠶ ᠶᠢ | ᠬᠤᠪᠢᠷᠠᠭᠤᠯᠬᠤ︾ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ | ᠰᠢᠯᠢᠳᠡᠭᠵᠢᠬᠦᠯᠬᠦ ᠬᠡᠷᠡᠭᠳᠡᠢ᠃ ᠬᠠᠷᠢᠴᠠᠩᠭᠤᠢ ᠪᠣᠯᠪᠠᠰᠤᠷᠠᠩᠭᠤᠢ ᠬᠤᠳᠠ ᠬᠥᠳᠡᠭᠡ ᠶᠢ ᠠᠭᠤᠰᠤᠯᠴᠠᠭᠤᠯᠤᠨ | ᠠᠵᠢᠯᠯᠠᠭᠤᠯᠬᠤ ᠵᠠᠭᠪᠤᠷ ᠢ ᠪᠠᠶᠢᠭᠤᠯᠵᠤ᠂ ᠬᠤᠳᠠ ᠬᠥᠳᠡᠭᠡ ᠶᠢ ᠠᠭᠤᠰᠤᠯᠴᠠᠭᠤᠯᠬᠤ ᠠᠵᠢᠯ ᠢ ᠭᠦᠢᠴᠡᠳ ᠬᠢᠬᠦ | ᠬᠡᠷᠡᠭᠲᠡᠢ᠃ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠤᠯ ᠴᠣᠭᠴᠠ ᠪᠣᠯᠭᠠᠭᠰᠠᠨ᠂ ᠤᠯᠤᠰ ᠤᠨ | ᠳᠣᠲᠣᠭᠠᠳᠤ ᠣᠯᠠᠨ ᠣᠯᠣᠰ ᠤᠨ ᠬᠤᠤᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ | ᠪᠠᠶᠢᠷᠢᠰᠢᠯ ᠳᠤ ᠠᠭᠤᠰᠬᠠᠬᠤ ᠪᠠᠷ ᠭᠤᠤᠯ ᠪᠤᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢ ᠠᠬᠢᠭᠤᠯᠵᠤ᠂ ᠪᠡᠯᠡ ᠣᠷᠣᠭᠤᠯᠤᠯᠲᠠ ᠶᠢᠨ ᠰᠢᠨ᠎ᠡ ᠨᠡᠮᠡᠭᠳᠡᠯ ᠤᠨ ᠴᠡᠭ ᠪᠣᠯᠤᠨ ᠬᠡᠷᠡᠭᠯᠡᠭᠡᠨ ᠤ | ᠨᠡᠮᠡᠭᠳᠡᠯ ᠤᠨ ᠴᠡᠭ ᠢ ᠪᠤᠶᠢᠵᠢᠭᠤᠯᠬᠤ ᠬᠡᠷᠡᠭᠳᠡᠢ︔ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠬᠤᠮᠠᠬᠢ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠳᠡᠢ︔ ᠤᠯᠤᠰ | ᠤᠨ ᠬᠠᠳᠤᠨ ᠭᠤᠣᠯ ᠤᠨ ︽几︾ ᠦᠰᠦᠭ ᠤᠨ ᠮᠣᠷᠣᠶᠢᠯᠳᠠ ᠶᠢᠨ ᠬᠡᠰᠡᠭ ᠤᠨ ᠬᠤᠲᠠ ᠶᠢᠨ ᠲᠣᠭᠤᠷᠢᠭ ᠢ | ᠬᠠᠮᠵᠢᠯᠴᠠᠨ ᠬᠦᠭᠵᠢᠬᠦᠯᠬᠦ ᠲᠣᠬᠢᠶᠠᠯ ᠢ ᠠᠳᠬᠤᠵᠤ᠂ ᠣᠷᠣᠨ ᠪᠦᠰᠡ ᠶᠢᠨ ᠭᠦᠨᠵᠡᠭᠡᠶ ᠬᠠᠮᠲᠤᠷᠠᠯᠴᠠᠭ᠎ᠠ ᠶᠢ | ᠠᠬᠢᠭᠤᠯᠵᠤ᠂ ︽ᠨᠢᠭᠡ ᠪᠦᠰᠡ ᠨᠢᠭᠡ ᠵᠠᠮ︾ ᠤᠨ ᠵᠠᠮ ᠳᠠᠭᠠᠤ ᠶᠢᠨ ᠭᠠᠵᠠᠷ ᠣᠷᠣᠨ ᠯᠤᠭ᠎ᠠ ᠶᠢᠨ ᠠᠷᠠᠯᠵᠢᠶᠠᠨ ᠤ | ᠶᠠᠪᠤᠯᠴᠠᠭ᠎ᠠ ᠶᠢ ᠢᠳᠡᠪᠬᠢᠳᠡᠢ ᠥᠷᠨᠢᠭᠦᠯᠵᠦ᠂ ᠥᠭᠡᠷᠡᠴᠢᠯᠡᠯᠲᠡ ᠨᠡᠭᠡᠭᠡᠯᠳᠡ ᠬᠢᠬᠦ ᠠᠵᠢᠯ ᠢ ᠶᠡᠭᠡ ᠪᠠᠷ ᠬᠢᠬᠦ ᠬᠡᠷᠡᠭᠳᠡᠢ | ᠬᠡᠵᠡᠢ᠃ | ᠪᠥᠬᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠬᠤ ᠳᠤ ᠡᠴᠦᠰᠯᠡᠯ ᠭᠡᠵᠦ ᠪᠠᠶᠢᠬᠤ ᠦᠭᠡᠢ᠂ ᠵᠥᠪᠬᠡᠨ ᠲᠠᠰᠤᠷᠠᠯᠲᠠ ᠦᠭᠡᠢ ᠦᠷᠭᠦᠯᠵᠢᠯᠡᠬᠦ ᠰᠢᠨ᠎ᠡ | ᠡᠬᠢᠯᠡᠯᠲᠡ ᠯᠡ ᠪᠠᠶᠢᠨ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠪᠦᠬᠦ | ᠲᠠᠯ᠎ᠠ ᠪᠠᠷ ᠴᠢᠩᠭᠠᠳᠬᠠᠵᠤ᠂ ᠭᠤᠤᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢᠨ ᠠᠵᠢᠯ ᠢ ᠨᠢᠭᠡᠳᠦᠯᠲᠡᠶ | ᠲᠥᠯᠥᠪᠯᠡᠨ ᠰᠠᠶᠢᠲᠤᠷ ᠠᠳᠬᠤᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠᠷ ᠣᠷᠣᠯᠭ᠎ᠠ ᠶᠢᠨ ᠨᠡᠮᠡᠭᠳᠡᠯ ᠢ | ᠠᠬᠢᠭᠤᠯᠵᠤ᠂ ᠠᠷᠠᠳ ᠤᠨ ᠠᠮᠢᠳᠤᠷᠠᠯ ᠢ ᠪᠠᠲᠤᠯᠠᠬᠤ ᠬᠡᠷᠡᠭᠲᠡᠶ᠃ ᠵᠠᠩᠭᠢᠯᠠᠭ᠎ᠠ ᠶᠢᠨ ᠴᠠᠭ᠂ ᠬᠦᠴᠢᠷᠳᠡᠯᠲᠡᠢ | ᠬᠥᠮᠦᠰ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠲᠤᠪᠤᠶᠢᠯᠭᠠᠨ ᠰᠠᠶᠢᠲᠤᠷ ᠬᠢᠵᠦ᠂ ᠦᠨᠳᠦᠰᠦᠨ | ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ ᠤᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠬᠦᠯᠬᠦ᠂ ᠰᠢᠢᠳᠪᠦᠷᠢᠲᠦ | ᠪᠤᠳᠤᠯᠭ᠎ᠠ ᠲᠣᠭᠲᠠᠭᠠᠵᠤ ᠵᠢᠯᠣᠭᠤᠳᠬᠤ ᠵᠡᠷᠭᠡ ᠲᠣᠭᠲᠠᠴᠠ ᠪᠠᠨ ᠪᠦᠷᠢᠨᠰᠢᠬᠦᠯᠵᠤ᠂ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠢ ᠠᠪᠤᠷᠠᠨ ᠵᠠᠰᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ | ᠃ ᠰᠤᠷᠭᠠᠨ ᠬᠥᠮᠦᠵᠢᠯ᠂ ᠨᠡᠶᠢᠭᠡᠮ ᠤᠨ ᠪᠠᠲᠤᠯᠠᠭ᠎ᠠ᠂ ᠨᠠᠶᠢᠳᠠᠨ ᠬᠥᠮᠦᠵᠢᠭᠦᠯᠬᠦ ᠵᠡᠷᠭᠡ ᠨᠡᠶᠢᠭᠡᠮ ᠤᠨ ᠦᠢᠯᠡᠰ ᠢ | ᠨᠢᠭᠡᠳᠦᠯᠳᠡᠢ ᠲᠥᠯᠥᠪᠯᠡᠨ ᠠᠬᠢᠭᠤᠯᠵᠤ᠂ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠤ ᠶᠠᠪᠤᠳᠠᠯ ᠢ ᠪᠣᠳᠠᠲᠠᠶ | ᠬᠢᠬᠦ ᠪᠠᠷ ᠴᠢᠷᠮᠠᠶᠢᠬᠤ ᠬᠡᠷᠡᠭᠲᠡᠶ᠃ ᠪᠦᠬᠦ ᠤᠯᠤᠰ ᠤᠨ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ | ᠣᠳᠣᠬᠢᠴᠢᠯᠠᠯᠲᠠ ᠶᠢᠨ ᠲᠤᠷᠰᠢᠯᠲᠠ ᠶᠢᠨ ᠴᠢᠭ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ | ᠢᠷᠭᠡᠨ ᠤ ᠬᠠᠤᠯᠢ ᠶᠢᠨ ᠪᠢᠴᠢᠭ ᠢ ᠤᠬᠠᠭᠤᠯᠤᠨ ᠲᠦᠭᠡᠮᠡᠯᠵᠢᠭᠦᠯᠬᠦ ᠶᠢ ᠴᠢᠩᠭᠠᠳᠬᠠᠵᠤ᠂ ᠨᠡᠶᠢᠭᠡᠮ ᠤᠨ ᠠᠮᠤᠷ | ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠬᠤ ᠶᠢ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ | ᠲᠤᠰᠬᠠᠶ ᠲᠡᠮᠡᠴᠡᠯ ᠢ ᠭᠦᠨᠵᠡᠭᠡᠶᠢᠷᠡᠭᠦᠯᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ | ᠠᠪᠤᠷᠠᠬᠤ᠂ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠭ᠎ᠠ᠂ ᠠᠶᠤᠯ ᠦᠭᠡᠢ ᠦᠢᠯᠡᠳᠪᠦᠷᠢᠯᠡᠯ᠂ ᠢᠳᠡᠭᠡᠨ ᠪᠠ | ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠵᠡᠷᠭᠡ ᠠᠵᠢᠯ ᠢ ᠰᠠᠶᠢᠲᠤᠷ ᠬᠢᠵᠦ᠂ ᠡᠶ᠎ᠡ ᠵᠣᠬᠢᠴᠠᠯ ᠲᠠᠢ ᠲᠣᠭᠲᠠᠭᠤᠨ | ᠶᠡᠭᠡ ᠲᠠᠯ᠎ᠠ ᠶᠢ ᠪᠠᠬᠢᠵᠢᠬᠦᠯᠬᠦ ᠬᠡᠷᠡᠭᠳᠡᠢ ᠬᠡᠵᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠠᠮᠢ ᠠᠬᠤᠶ ᠶᠢᠨ ᠣᠷᠴᠢᠨ ᠲᠤᠭᠤᠷᠢᠨ ᠤ ᠬᠠᠮᠠᠭᠠᠯᠠᠯᠲᠠ | ᠪᠣᠯ ᠠᠷᠠᠳ ᠲᠦᠮᠡᠨ ᠳᠤ ᠪᠤᠶᠠᠨ ᠦᠢᠯᠡᠳᠬᠦ ᠵᠠᠭᠤᠨ ᠵᠢᠯ ᠤᠨ ᠶᠡᠭᠡ ᠪᠤᠳᠤᠯᠭ᠎ᠠ ᠮᠥᠨ᠃ ᠠᠮᠢ ᠠᠬᠤᠶ ᠶᠢᠨ | ᠪᠥᠲᠥᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠪᠠᠶᠢᠭᠤᠯᠤᠭᠳᠠᠭᠰᠠᠨ ᠣᠷᠣᠨ ᠤ ᠶᠡᠷᠦᠩᠬᠡᠢ | ᠨᠣᠭᠤᠭᠠᠷᠠᠭᠤᠯᠤᠯᠲᠠ ᠶᠢᠨ ᠬᠡᠮᠵᠢᠶ᠎ᠡ ᠶᠢ ᠵᠣᠬᠢᠬᠤ ᠬᠡᠮᠵᠢᠶ᠎ᠡ ᠪᠠᠷ ᠵᠦᠶ ᠵᠣᠬᠢᠰᠲᠠᠶ ᠨᠡᠮᠡᠭᠳᠡᠭᠦᠯᠵᠦ᠂ ᠠᠮᠢ ᠠᠬᠤᠶ ᠶᠢᠨ | ᠰᠢᠰᠲ᠋ᠧᠮ ᠤᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠬᠠᠳᠤᠨ ᠭᠤᠣᠯ ᠤᠨ ᠰᠠᠪᠠ | ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠭᠤᠣᠯ ᠤᠨ ᠵᠠᠮ ᠪᠠ ᠲᠠᠩ ᠭᠠᠵᠠᠷ ᠢ | ᠶᠡᠷᠦᠩᠬᠡᠶᠢᠯᠡᠨ ᠳᠡᠭᠡᠭᠰᠢᠯᠡᠭᠦᠯᠦᠨ ᠵᠠᠰᠠᠬᠤ ᠶᠢ ᠰᠠᠶᠢᠲᠤᠷ ᠠᠳᠬᠤᠵᠤ᠂ ᠬᠠᠲᠤᠨ ᠭᠤᠣᠯ ᠢ ᠠᠷᠠᠳ ᠲᠦᠮᠡᠨ ᠳᠤ | ᠪᠤᠶᠠᠨ ᠦᠢᠯᠡᠳᠬᠦ ᠵᠣᠯ ᠵᠢᠷᠭᠠᠯᠲᠤ ᠭᠤᠣᠯ ᠪᠤᠯᠭᠠᠬᠤ ᠬᠡᠷᠡᠭᠳᠡᠢ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ | ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠬᠢ ᠡᠭᠦᠰᠦᠯ ᠠᠴᠠ ᠨᠢ ᠠᠳᠬᠤᠬᠤ᠂ ᠦᠨᠳᠦᠰᠦᠨ ᠠᠴᠠ ᠨᠢ | ᠵᠠᠰᠠᠬᠤ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠬᠠᠮᠢᠶᠠᠷᠣᠯᠳᠠ ᠶᠢᠨ ᠲᠦᠷᠢᠮ ᠤᠨ ᠰᠢᠰᠲ᠋ᠧᠮ ᠢ ᠪᠠᠶᠢᠭᠤᠯᠬᠤ | ᠬᠡᠷᠡᠭᠲᠡᠢ ᠬᠡᠵᠡᠢ᠃ | ᠪᠥᠬᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ | ᠲᠦᠷᠢᠮ ᠲᠤᠭᠳᠠᠭᠠᠯ ᠠᠴᠠ ᠵᠦᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ | ᠠᠵᠢᠯ ᠢ ᠥᠷᠨᠢᠭᠦᠯᠬᠦ ᠪᠣᠯ ᠨᠢᠭᠡ ᠵᠦᠢᠯ ᠤᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠤᠨ᠎ᠠ᠃ ᠵᠢᠭᠰᠠᠭᠠᠨ | ᠪᠠᠶᠢᠴᠠᠭᠠᠵᠤ ᠬᠢᠨᠠᠨ ᠪᠠᠶᠢᠴᠠᠭᠠᠬᠤ᠂ ᠲᠣᠭᠤᠷᠢᠨ ᠪᠠᠶᠢᠴᠠᠭᠠᠵᠤ ᠴᠠᠭᠳᠠᠨ ᠪᠠᠶᠢᠴᠠᠭᠠᠭᠠᠳ ᠣᠯᠵᠤ ᠮᠡᠳᠡᠭᠰᠡᠨ | ᠠᠰᠠᠭᠤᠳᠠᠯ ᠢ ᠴᠢᠩᠭ᠎ᠠ ᠠᠩᠬᠠᠷᠴᠦ᠂ ᠪᠠᠶᠢᠳᠠᠯ ᠢ ᠢᠯᠭᠠᠬᠤ᠂ ᠲᠥᠷᠥᠯ ᠬᠤᠪᠢᠶᠠᠨ ᠰᠢᠢᠳᠪᠦᠷᠢᠯᠡᠬᠦ᠂ ᠠᠰᠠᠭᠤᠳᠠᠯ ᠤᠨ | ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠨᠡᠭᠦᠷᠡᠰᠦᠨ ᠳᠤ ᠬᠤᠯᠪᠣᠭᠳᠠᠭᠰᠠᠨ | ᠢᠯᠵᠠᠷᠠᠯ ᠤᠨ ᠠᠰᠠᠭᠤᠳᠠᠯ ᠢ ᠭᠦᠨᠵᠡᠭᠡᠶ ᠠᠭᠤᠳᠠᠯᠵᠤ ᠲᠦᠢᠯᠪᠤᠷᠢᠲᠠᠶ ᠪᠠᠶᠢᠴᠠᠭᠠᠵᠤ᠂ ᠬᠡᠷᠡᠭ ᠢ ᠴᠢᠩᠭ᠎ᠠ ᠪᠠᠶᠢᠴᠠᠭᠠᠨ | ᠰᠢᠢᠳᠪᠦᠷᠢᠯᠡᠵᠦ᠂ ᠱᠠᠮᠰᠢᠭᠰᠠᠨ ᠢ ᠴᠢᠩᠭ᠎ᠠ ᠵᠠᠯᠬᠠᠭᠠᠨ ᠰᠢᠢᠳᠬᠡᠵᠦ ᠢᠯᠵᠠᠷᠠᠯ ᠢ ᠵᠠᠰᠠᠬᠤ ᠬᠡᠷᠡᠭᠲᠡᠶ᠃ ᠡᠯ᠎ᠡ | ᠵᠦᠢᠯ ᠤᠨ ᠲᠦᠷᠢᠮ ᠪᠢᠴᠢᠭ ᠮᠠᠲ᠋ᠧᠷᠢᠶᠠᠯ ᠢ ᠲᠣᠭᠲᠠᠭᠠᠬᠤ᠂ ᠥᠭᠡᠷᠡᠴᠢᠯᠡᠬᠦ᠂ ᠬᠦᠴᠦᠨ ᠥᠬᠡᠶ ᠪᠣᠯᠭᠠᠬᠤ ᠶᠢ | ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠲᠤᠰᠬᠠᠶ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ ᠲᠠᠰᠤᠷᠠᠯᠲᠠ | ᠥᠬᠡᠶ ᠪᠠᠬᠢᠵᠢᠭᠦᠯᠦᠨ ᠥᠷᠭᠡᠳᠬᠡᠬᠦ ᠬᠡᠷᠡᠭᠲᠡᠶ ᠬᠡᠵᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠪᠣᠯ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠳᠠ ᠶᠢ ᠵᠣᠯᠭᠠᠭᠤᠯᠬᠤ ᠠᠩᠬᠠᠳᠠᠭᠴᠢ ᠲᠠᠪᠤᠨ | ᠵᠢᠯ ᠤᠨ ᠲᠥᠯᠥᠪᠵᠢᠭᠦᠯᠭᠡ ᠪᠣᠯᠤᠨ᠎ᠠ᠂ ᠨᠡᠶᠢᠭᠡᠮ ᠵᠢᠷᠤᠮ ᠤᠨ ᠣᠳᠣᠭᠢᠴᠢᠯᠠᠯᠳᠠ ᠶᠢᠨ ᠦᠬᠠᠢ ᠶᠢᠨ ᠪᠦᠳᠦᠭᠡᠨ | ᠪᠠᠶᠢᠭᠤᠯᠤᠯᠲᠠ ᠶᠢᠨ ᠰᠢᠨ᠎ᠡ ᠠᠶᠠᠨ ᠢ ᠡᠬᠢᠯᠡᠭᠦᠯᠵᠦ᠂ ᠴᠢᠨᠠᠷ ᠰᠠᠶᠢᠲᠠᠢ ᠬᠦᠭᠵᠢᠯᠳᠡ ᠶᠢᠨ ᠰᠢᠨ᠎ᠡ ᠬᠠᠭᠤᠳᠠᠰᠤ ᠶᠢ | ᠪᠢᠴᠢᠭᠯᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠠᠷᠠᠳ ᠲᠦᠮᠡᠨ ᠢᠶᠠᠷ ᠭᠤᠤᠯ ᠪᠣᠯᠭᠠᠨ ᠣᠷᠣᠨ ᠪᠠᠶᠢᠷᠢ | ᠲᠣᠭᠲᠠᠭᠠᠵᠤ ᠬᠥᠭᠵᠢᠭᠦᠯᠬᠦ᠂ ᠢᠷᠡᠭᠡᠳᠦᠶ ᠶᠢ ᠲᠣᠭᠲᠠᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢᠶᠠᠷ ᠶᠡᠷᠦᠩᠬᠡᠶᠢᠯᠡᠨ ᠵᠢᠯᠣᠭᠤᠳᠣᠭᠤᠯᠵᠤ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ | ᠠᠵᠢᠯ ᠢ ᠰᠠᠶᠢᠲᠤᠷ ᠬᠢᠵᠦ᠂ ᠬᠥᠭᠵᠢᠯᠲᠡ ᠶᠢᠨ ᠬᠡᠪᠴᠢᠶ᠎ᠡ᠂ ᠬᠤᠷᠳᠤᠴᠠ᠂ ᠶᠠᠰᠤ ᠴᠢᠨᠠᠷ᠂ ᠪᠦᠲᠦᠴᠡ᠂ ᠦᠷ᠎ᠡ | ᠠᠰᠢᠭ᠂ ᠠᠮᠤᠷ ᠲᠦᠪᠰᠢᠨ ᠢ ᠬᠠᠷᠢᠯᠴᠠᠨ ᠨᠢᠭᠡᠳᠬᠡᠬᠦ ᠶᠢ ᠠᠬᠢᠭᠤᠯᠬᠤ ᠬᠡᠷᠡᠭᠳᠡᠢ ᠬᠡᠵᠡᠢ᠃ | ᠪᠥᠬᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠨᠢᠭᠡ ᠭᠠᠵᠠᠷ ᠣᠷᠣᠨ ᠤ ᠲᠦᠷᠦ ᠲᠦᠪᠰᠢᠨ ᠲᠦᠮᠡᠨ | ᠠᠮᠤᠭᠤᠯᠠᠩ᠂ ᠠᠮᠤᠷ ᠲᠣᠭᠲᠠᠭᠤᠨ ᠡᠮᠬᠢ ᠵᠢᠷᠤᠮ ᠲᠠᠢ ᠪᠠᠶᠢᠬᠤ ᠶᠢ ᠪᠡᠶᠡᠯᠡᠬᠦᠯᠦᠶ᠎ᠡ ᠭᠡᠪᠡᠯ ᠡᠷᠬᠡᠪᠰᠢ ᠰᠠᠶᠢᠨ ᠰᠠᠶᠢᠬᠠᠨ | ᠤᠯᠤᠰ ᠲᠦᠷᠦ ᠶᠢᠨ ᠠᠮᠢ ᠠᠬᠤᠶ ᠲᠠᠢ ᠪᠠᠶᠢᠬᠤ ᠬᠡᠷᠡᠭᠲᠡᠶ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠤᠯᠤᠰ | ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ ᠶᠢ ᠬᠦᠨᠵᠡᠭᠡᠶᠢᠷᠡᠬᠦᠯᠬᠦ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ | ᠥᠷᠨᠢᠭᠦᠯᠵᠦ᠂ ᠢᠮᠠᠭᠲᠠ ᠪᠣᠳᠠᠲᠠᠶ ᠦᠷ᠎ᠡ ᠪᠦᠲᠦᠮᠵᠢ ᠶᠢ ᠬᠡᠮᠵᠢᠬᠦ ᠬᠡᠮᠵᠢᠭᠦᠷ ᠪᠣᠯᠭᠠᠵᠤ᠂ ᠡᠯ᠎ᠡ ᠵᠦᠢᠯ ᠤᠨ | ᠭᠤᠤᠯᠳᠠᠯᠭ᠎ᠠ ᠲᠠᠢ ᠡᠭᠦᠷᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠰᠠᠬᠢᠯᠭ᠎ᠠ ᠪᠠᠲᠤ ᠶᠣᠰᠣ | ᠲᠦᠷᠢᠮ ᠢ ᠦᠨᠡᠨ ᠬᠦ ᠴᠢᠩᠳᠠᠯᠠᠵᠤ᠂ ᠦᠵᠡᠯ ᠰᠠᠨᠠᠭ᠎ᠠ ᠤᠢᠢᠯᠠᠭᠠᠭᠳᠠᠬᠤᠨ ᠢᠶᠠᠨ ᠬᠤᠪᠢᠷᠠᠭᠤᠯᠵᠤ᠂ ᠨᠠᠮ ᠤᠨ | ᠰᠣᠷᠳᠠᠯ ᠵᠠᠰᠠᠭ ᠤᠨ ᠰᠤᠷᠲᠠᠯ ᠢᠶᠠᠨ ᠬᠤᠪᠢᠷᠠᠭᠤᠯᠬᠤ ᠬᠡᠷᠡᠭᠲᠡᠶ ᠬᠡᠵᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠣᠯ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠨᠢᠭᠡᠨ ᠭᠤᠤᠯᠳᠠᠯᠭ᠎ᠠ ᠲᠠᠢ | ᠡᠭᠦᠷᠭᠡ ᠮᠥᠨ᠂ ᠤᠯᠤᠰ ᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ | ᠠᠬᠢᠭᠤᠯᠬᠤ ᠶᠢᠨ ᠴᠢᠬᠤᠯᠠ ᠠᠭᠤᠯᠭ᠎ᠠ ᠮᠥᠨ᠃ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢᠨ | ᠲᠤᠷᠰᠢᠯᠲᠠ ᠶᠢᠨ ᠠᠵᠢᠯ ᠢ ᠭᠦᠨᠵᠡᠭᠡᠶᠢᠷᠡᠭᠦᠯᠬᠦ ᠲᠤᠬᠠᠶ ᠲᠥᠪ ᠤᠨ ᠶᠡᠷᠦᠩᠬᠡᠶ ᠱᠠᠭᠠᠷᠳᠠᠯᠭ᠎ᠠ ᠶᠢ ᠬᠢᠨᠠᠮᠠᠭᠠᠶ | ᠲᠤᠤᠱᠯᠠᠭᠤᠯᠵᠤ᠂ ᠪᠦᠬᠦ ᠣᠷᠣᠨ ᠤ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠲᠤᠷᠰᠢᠯᠲᠠ ᠶᠢᠨ ᠴᠢᠭ ᠤᠨ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ | ᠬᠦᠨᠵᠡᠭᠡᠢ ᠨᠠᠶᠢᠳᠠᠪᠤᠷᠢᠵᠢᠭᠤᠯᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠵᠤ᠂ ᠪᠦᠷᠢᠨ | ᠲᠥᠯᠥᠪᠯᠡᠵᠦ᠂ ᠭᠦᠢᠴᠡᠳ ᠪᠡᠯᠡᠳᠬᠡᠵᠦ᠂ ᠥᠭᠡᠷᠡᠴᠢᠯᠡᠯᠲᠡ ᠶᠢᠨ ᠲᠤᠷᠰᠢᠯᠲᠠ ᠶᠢᠨ ᠡᠯ᠎ᠡ ᠵᠦᠢᠯ ᠤᠨ ᠡᠭᠦᠷᠭᠡ ᠶᠢ | ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠳᠡᠢ ᠬᠡᠵᠡᠢ᠃ | ᠪᠥᠬᠦᠳᠡ ᠬᠤᠷᠠᠯ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠣᠨ ᠨᠤᠲᠤᠭ ᠤᠨ ᠬᠤᠷᠢᠶᠠᠨ ᠤ | ᠠᠵᠢᠯ ᠤᠨ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠪᠦᠦ ᠶᠧ ᠨᠥᠬᠦᠷ ︵ᠮᠣᠩᠭᠤᠯ | ᠦᠨᠳᠦᠰᠦᠲᠡᠨ︶ ᠤᠨ ᠬᠤᠲᠠ ᠶᠢᠨ ᠨᠠᠮ ᠤᠨ ᠬᠤᠷᠢᠶᠠᠨ ᠤ ᠭᠡᠰᠢᠭᠦᠨ ᠤ ᠲᠤᠰᠢᠶᠠᠯ ᠠᠴᠠ ᠪᠠᠨ ᠪᠠᠭᠤᠬᠤ ᠶᠢ | ᠵᠥᠪᠰᠢᠶᠡᠷᠡᠵᠦ᠂ ᠸᠠᠩ ᠹᠧᠩ ᠢ ᠬᠤᠲᠠ ᠶᠢᠨ ᠨᠠᠮ ᠤᠨ ᠬᠤᠷᠢᠶᠠᠨ ᠤ ᠭᠡᠰᠢᠭᠦᠨ ᠤ ᠲᠤᠰᠢᠶᠠᠯ ᠠᠴᠠ ᠪᠠᠭᠤᠯᠭᠠᠬᠤ ᠪᠠᠷ | ᠲᠣᠭᠲᠠᠪᠠ᠃ | ᠪᠥᠬᠦᠳᠡ ᠬᠤᠷᠠᠯ ᠠᠴᠠ ᠤᠷᠢᠶᠠᠯᠠᠭᠰᠠᠨ ᠨᠢ᠂ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠳᠠᠷᠠᠨ ᠪᠦᠯᠬᠦᠮᠳᠡᠵᠦ᠂ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠤᠬᠠᠮᠰᠠᠷ ᠠᠴᠠ ᠪᠠᠨ ᠦᠢᠯᠡᠳᠦᠯᠭᠡᠵᠢᠬᠦᠯᠵᠦ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠡᠳᠬᠢᠯ ᠢᠶᠠᠨ ᠨᠢᠭᠡᠳᠬᠡᠨ | ᠬᠦᠴᠦ ᠪᠠᠨ ᠬᠠᠮᠲᠤᠳᠬᠠᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠠᠵᠤ ᠠᠬᠤᠶ ᠨᠡᠶᠢᠭᠡᠮ ᠪᠣᠯᠤᠨ ᠨᠠᠮ ᠤᠨ | ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠥᠬᠦ | ᠬᠦᠴᠦᠨ ᠢᠶᠠᠷ ᠠᠬᠢᠭᠤᠯᠵᠤ᠂ ᠰᠢᠨ᠎ᠡ ᠴᠠᠭ ᠦᠶ᠎ᠡ ᠶᠢᠨ ᠨᠡᠶᠢᠭᠡᠮ ᠵᠢᠷᠤᠮ ᠤᠨ ᠤᠳᠣᠭᠢᠴᠢᠯᠠᠭᠰᠠᠨ ᠤᠯᠤᠰ ᠢ ᠪᠥᠬᠦ | ᠲᠠᠯ᠎ᠠ ᠪᠠᠷ ᠪᠥᠲᠥᠭᠡᠨ ᠪᠠᠶᠢᠭᠤᠯᠬᠤ ᠦᠬᠠᠢ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠰᠦᠭᠡᠢ ᠬᠡᠵᠡᠢ᠃ | |