ᠤᠳᠠ ᠲᠤᠭᠤᠷᠢᠭ ᠤᠨ ᠯᠢᠶᠠᠩ ᠵᠢᠶᠠ ᠭᠧᠦ ᠵᠠᠭᠡᠯᠢ ᠭᠤᠳᠤᠮᠵᠢ ︽ᠢᠷᠬᠡᠠ ᠤ ᠬᠠᠣᠯᠢ ᠶᠢᠨ ᠪᠢᠴᠢᠭ︾ ᠤᠨ ᠤᠬᠠᠭᠤᠯᠭ᠎ᠠ ᠶᠢᠨ ᠪᠤᠯᠪᠠᠰᠣᠷᠠᠯ ᠶᠠᠪᠤᠭᠳᠠᠭᠤᠯᠪᠠ
ᠨᠡᠶᠢᠲᠡᠯᠡᠭᠰᠡᠨ ᠴᠠᠭ᠄
2020-08-11
     ︽ᠢᠷᠬᠡᠠ ᠤ ᠬᠠᠣᠯᠢ ᠶᠢᠨ ᠪᠢᠴᠢᠭ︾ ᠢ ᠦᠷᠭᠡᠨ ᠤᠯᠠᠨ ᠰᠠᠭᠤᠭᠠᠯᠢ ᠠᠷᠠᠳ ᠲᠤ ᠴᠠᠭ ᠳᠣᠬᠠᠢ ᠳᠤᠨᠢ ᠣᠬᠠᠭᠤᠯᠤᠨ ᠰᠣᠷᠣᠯᠴᠠᠭᠤᠯᠵᠤ᠂ ︽ᠬᠠᠤᠯᠢ ᠴᠠᠭᠠᠵᠡ ᠨᠡᠶᠢᠭᠡᠮ ᠲᠤᠭᠤᠷ‍‌ᠵᠭ᠋ ᠲᠤ ᠤᠷᠤᠬᠤ︾ ᠤᠬᠠᠭᠤᠯᠭ᠎ᠠ ᠶᠢᠨ ᠬᠦᠳᠡᠯᠭᠡᠭᠡᠨ ᠢ ᠬᠢᠨᠠᠮᠠᠭᠠᠢ ᠨᠠᠶᠢᠳᠠᠪᠤᠷᠢᠵᠢᠭᠤᠯᠬᠤ ᠶᠢᠨ ᠲᠦᠯᠦᠭᠡ᠂ 8 ᠰᠠᠷ᠎ᠠ ᠶᠢᠨ 7 ᠤ ᠡᠳᠤᠷ᠂ ᠤᠳᠠ ᠲᠤᠭᠤᠷᠢᠭ  ᠤᠨ ᠯᠢᠶᠠᠩ ᠵᠢᠶᠠ ᠭᠧᠦ ᠵᠠᠭᠡᠯᠢ ᠭᠤᠳᠤᠮᠵᠢ ︽ᠢᠷᠬᠡᠠ ᠤ ᠬᠠᠣᠯᠢ ᠶᠢᠨ ᠪᠢᠴᠢᠭ︾ ᠤᠨ ᠤᠬᠠᠭᠤᠯᠭ᠎ᠠ ᠶᠢᠨ ᠪᠤᠯᠪᠠᠰᠣᠷᠠᠯ ᠶᠠᠪᠤᠭᠳᠠᠭᠤᠯᠪᠠ᠃      ᠪᠤᠯᠪᠠᠰᠣᠷᠠᠯ ᠨᠢ ᠭᠤᠤᠯᠳᠠᠭᠤ ︽ᠢᠷᠬᠡᠠ ᠤ ᠬᠠᠣᠯᠢ ᠶᠢᠨ ᠪᠢᠴᠢᠭ︾ ᠤᠨ ᠲᠤᠭᠤᠷᠢᠨ ᠳᠤ ᠠᠷᠠᠳ ᠤᠨ ᠲᠤᠮᠳᠠᠬᠢ ᠵᠢᠭᠡᠯᠡᠯᠭᠡ ᠶᠢᠨ ᠤᠬᠠᠭᠳᠠᠬᠤᠨ᠂ ᠬᠡᠷᠡᠭᠴᠡᠭᠡ᠂ ᠵᠦᠢᠯ ᠵᠤᠷᠪᠤᠰ᠂ ᠡᠳᠤᠷ ᠬᠤᠭᠤᠴᠠᠭ᠎ᠠ ᠵᠡᠷᠭᠡ ᠲᠠᠯ᠎ᠠ ᠪᠠᠷ  ᠨᠠᠷᠢᠯᠢᠭ ᠲᠠᠶᠢᠯᠪᠤᠷᠢᠯᠠᠵᠤ ᠦᠭᠪᠡ᠃ ᠲᠠᠶᠢᠯᠪᠤᠷᠢᠯᠠᠭᠴᠢ ᠠᠴᠠ ᠲᠥᠭᠦᠮ ᠣᠶᠢᠯᠠᠭᠠᠮᠵᠢᠳᠠᠢ ᠥᠭᠡ ᠬᠡᠯᠡ ᠪᠠᠷ ᠰᠠᠭᠤᠭᠠᠯᠢ ᠠᠷᠠᠳ ᠬᠢᠭᠡᠳ ᠬᠤᠯᠪᠤᠭᠳᠠᠯ ᠪᠦᠬᠦᠢ ᠬᠠᠥᠯᠢ ᠴᠠᠭᠠᠵᠠ ᠶᠢᠨ ᠮᠡᠳᠡᠯᠭᠡ ᠶᠢᠨ ᠵᠦᠷᠢᠶ᠎ᠡ ᠶᠢ ᠪᠠᠭᠠᠰᠬᠠᠵᠤ᠂ ᠬᠡᠷᠡᠭ ᠶᠠᠪᠤᠳᠠᠯ ᠢᠶᠠᠷ ᠬᠠᠣᠯᠢ ᠴᠠᠭᠠᠵᠠ ᠶᠢᠨ ᠮᠠᠳᠠᠯᠬᠡ ᠶᠢ ᠲᠦᠭᠡᠮᠡᠯᠵᠢᠬᠦᠯᠦᠭᠰᠡᠨ ᠨᠢ ᠬᠠᠤᠯᠢ ᠴᠠᠭᠠᠵᠠ ᠶᠢᠨ ᠵᠦᠢᠯ ᠵᠤᠷᠪᠤᠰ ᠢ ᠰᠠᠭᠤᠭᠠᠯᠢ ᠠᠷᠠᠳ ᠤᠨ ᠠᠮᠢᠳᠤᠷᠠᠯ ᠲᠠᠢ ᠨᠡᠩ ᠢᠯᠡᠭᠦᠦ ᠤᠶᠢᠷᠠᠲᠤᠭᠤᠯᠪᠠ᠃      ᠪᠤᠯᠪᠠᠰᠣᠷᠠᠯ ᠨᠢ ᠰᠠᠭᠤᠭᠠᠯᠢ ᠠᠷᠠᠳ ᠤᠨ ᠬᠠᠥᠯᠢ ᠪᠠᠷ ᠵᠠᠰᠠᠬᠤ ᠣᠶᠢᠯᠠᠭᠠᠭᠳᠠᠬᠤᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠨᠢᠭᠡᠳᠦᠯᠲᠡᠢ ᠰᠠᠶᠢᠰᠢᠶᠠᠯ ᠢ ᠬᠦᠷᠲᠡᠪᠡ᠃ ᠪᠤᠯᠪᠠᠰᠣᠷᠠᠯ ᠲᠡᠭᠦᠰᠦᠭᠰᠡᠨ ᠤ ᠬᠤᠶᠢᠨ᠎ᠡ᠂ ᠲᠠᠶᠢᠯᠪᠤᠷᠢᠯᠠᠭᠴᠢ ᠠᠴᠠ ᠲᠤᠬᠠᠢ ᠶᠢᠨ ᠲᠠᠯᠠᠪᠤᠷ ᠲᠤ ᠰᠠᠭᠤᠭᠠᠯᠢ ᠠᠷᠠᠳ ᠤᠨ ᠬᠠᠣᠯᠢ ᠴᠠᠭᠠᠵᠠ ᠶᠢᠨ ᠠᠰᠠᠭᠤᠳᠠᠯ ᠢ ᠨᠠᠷᠢᠯᠢᠭ ᠬᠠᠷᠢᠭᠤᠯᠵᠤ ᠦᠭᠪᠡ᠃
 
ᠢᠷᠡᠯᠲᠡ᠄ ᠦᠬᠠᠢ ᠬᠣᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map