ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠠᠯᠬᠤᠭ᠎ᠠ ᠤᠷᠤᠯᠳᠤᠭᠠᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ ᠳᠤ ᠮᠠᠨ ᠤ ᠬᠤᠲᠠ ᠶᠢᠨ ᠲᠠᠮᠢᠷᠴᠢᠳ ᠰᠠᠶᠢᠨ ᠬᠢᠷᠢ ᠪᠦᠲᠦᠮᠵᠢ ᠣᠯᠪᠠ
ᠨᠡᠶᠢᠲᠡᠯᠡᠭᠰᠡᠨ ᠴᠠᠭ᠄
2020-08-11
     ᠲᠦᠷᠦᠭᠦᠬᠡᠨ᠂ 2020 ᠣᠨ ᠤ ︽ᠪᠡᠶ᠎ᠡ ᠲᠠᠮᠢᠷ ᠤᠨ ᠱᠠᠩᠨᠠᠯᠲᠤ ᠰᠣᠭᠤᠯᠤᠭ᠎ᠠ ᠬᠤᠨᠳᠠᠭᠠᠲᠤ︾ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠠᠯᠬᠤᠭ᠎ᠠ ᠤᠷᠤᠯᠳᠤᠭᠠᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ ᠬᠢᠩᠭᠠᠨ ᠠᠶᠢᠮᠠᠭ ᠤᠨ ᠲᠦᠴᠢᠦᠸᠠᠨ ᠰᠢᠶᠠᠨ ᠳᠤ ᠶᠠᠪᠤᠭᠳᠠᠵᠤ᠂ ᠮᠠᠨ ᠤ ᠬᠤᠲᠠ ᠶᠢᠨ ᠲᠠᠮᠢᠷᠴᠢᠳ ᠬᠤᠶᠠᠷ ᠮᠥᠩᠭᠦᠨ ᠮᠧᠳᠠᠯ᠂ ᠨᠢᠭᠡ ᠬᠦᠷᠡᠯ ᠮᠧᠳᠠᠯ ᠪᠠ ᠨᠢᠭᠡ ᠳᠥᠷᠪᠡᠳᠦᠭᠡᠷ ᠲᠤ ᠣᠷᠣᠭᠰᠠᠨ ᠰᠠᠶᠢᠨ ᠬᠢᠷᠢ ᠪᠦᠲᠦᠮᠵᠢ ᠣᠯᠵᠠᠶ᠃      ᠲᠤᠰ ᠤᠳᠠᠭᠠᠨ ᠤ ᠤᠷᠤᠯᠳᠤᠭᠠᠨ ᠳᠤ ᠪᠦᠬᠦ ᠣᠷᠣᠨ ᠤ ᠡᠯ᠎ᠡ ᠠᠶᠢᠮᠠᠭ ᠬᠤᠲᠠ ᠪᠣᠯᠤᠨ ᠥᠪᠥᠷ ᠮᠣᠩᠭᠤᠯ ᠤᠨ ᠪᠡᠶ᠎ᠡ ᠲᠠᠮᠢᠷ ᠤᠨ ᠠᠵᠢᠯ ᠮᠡᠷᠭᠡᠵᠢᠯ ᠤᠨ ᠲᠡᠭᠡᠲᠤ ᠰᠤᠷᠭᠠᠭᠤᠯᠢ ᠶᠢᠨ 84 ᠲᠠᠮᠢᠷᠴᠢᠨ ᠣᠷᠣᠯᠴᠠᠵᠠᠶ᠃ ᠪᠡᠶ᠎ᠡ ᠲᠠᠮᠢᠷ ᠤᠨ ᠳᠤᠮᠳᠠᠳᠤ ᠰᠤᠷᠭᠠᠭᠤᠯᠢ 10 ᠲᠠᠮᠢᠷᠴᠢᠨ ᠲᠣᠮᠢᠯᠠᠨ ᠤᠷᠤᠯᠳᠤᠭᠠᠨ ᠳᠤ ᠣᠷᠣᠯᠴᠠᠭᠤᠯᠪᠠ᠃ ᠡᠭᠦᠨ ᠳᠤ᠂ U18 ᠡᠷᠡᠭᠲᠡᠶ ᠶᠢᠨ ᠲᠤᠭᠤᠶᠢᠯᠠᠩ ᠤᠨ 10000 ᠮᠧᠲᠷ ᠤᠨ ᠤᠷᠤᠯᠳᠤᠭᠠᠨ ᠪᠠ U18 ᠡᠷᠡᠭᠲᠡᠶ ᠶᠢᠨ ᠲᠤᠭᠤᠶᠢᠯᠠᠩ ᠤᠨ 5 ᠺᠢᠯᠣᠮᠧᠲᠷ ᠤᠨ ᠤᠷᠤᠯᠳᠤᠭᠠᠨ ᠤ ᠵᠦᠢᠯ ᠳᠤ᠂ ᠪᠠᠶ ᠸᠧᠨ ᠫᠧᠩ ᠲᠤᠰ ᠲᠤᠰ 46 ᠮᠢᠨᠦ᠋ᠲ 10 ᠰᠧᠺᠦ᠋ᠨ᠋ᠳ᠋ ᠪᠠ 22 ᠮᠢᠨᠦ᠋ᠲ 08 ᠰᠧᠺᠦ᠋ᠨ᠋ᠳ᠋ ᠤᠨ ᠰᠠᠶᠢᠨ ᠬᠢᠷᠢ ᠪᠦᠲᠦᠮᠵᠢ ᠪᠠᠷ ᠬᠤᠶᠠᠷ ᠮᠥᠩᠭᠦᠨ ᠮᠧᠳᠠᠯ ᠬᠦᠷᠳᠡᠪᠡ᠃ ᠭᠦᠸᠧ ᠰᠢᠶᠣᠤ ᠰᠢᠶᠠᠩ 47 ᠮᠢᠨᠦ᠋ᠲ 58 ᠰᠧᠺᠦ᠋ᠨ᠋ᠳ᠋ ᠪᠠ 22 ᠮᠢᠨᠦ᠋ᠲ 28 ᠰᠧᠺᠦ᠋ᠨ᠋ᠳ᠋ ᠤᠨ ᠬᠢᠷᠢ ᠪᠦᠲᠦᠮᠵᠢ ᠪᠠᠷ ᠲᠦᠷᠪᠡᠳᠦᠭᠡᠷ ᠨᠡᠷᠡᠰ ᠪᠠ ᠬᠦᠷᠡᠯ ᠮᠧᠳᠠᠯ ᠬᠦᠷᠳᠡᠪᠡ᠃  
 
ᠢᠷᠡᠯᠲᠡ᠄ ᠦᠬᠠᠢ ᠬᠣᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map