︽ᠥᠪᠥᠷ ᠮᠣᠩᠭᠤᠯ ᠤᠨ ᠡᠳᠦᠷ ᠤᠨ ᠰᠣᠨᠢᠨ︾ ᠤ 8 ᠰᠠᠷ᠎ᠠ ᠶᠢᠨ 10 ᠤ ᠡᠳᠦᠷ ᠤᠨ ᠮᠡᠳᠡᠭᠡ ︵ | ᠰᠤᠷᠪᠤᠯᠵᠢᠯᠠᠭᠴᠢ ᠶᠠᠩ ᠹᠠᠨ︶ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠤᠯᠵᠤ | ᠮᠡᠳᠡᠭᠰᠡᠨ ᠨᠢ᠄ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠦᠬᠠᠶ ᠬᠤᠲᠠ ᠭᠠᠶᠢᠯᠢ ᠲᠠᠲᠠᠪᠤᠷᠢ ᠶᠢᠨ ᠣᠷᠣᠯᠭ᠎ᠠ ᠪᠠᠨ | 25.33 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 0.1 ᠳ᠋ᠦᠩᠰᠢᠭᠤᠷ | ᠲᠥᠭᠦᠷᠢᠭ ᠨᠡᠮᠡᠭᠳᠡᠵᠦ᠂ 0.4% ᠪᠠᠷ ᠨᠡᠮᠡᠭᠳᠡᠪᠡ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ | 84.2% ᠢ ᠡᠵᠡᠯᠡᠵᠦ᠂ ᠪᠦᠬᠦ ᠬᠤᠲᠠ ᠶᠢᠨ ᠡᠳ᠋ ᠤᠨ ᠵᠠᠰᠠᠭ ᠤᠨ ᠣᠷᠣᠯᠭ᠎ᠠ ᠶᠢᠨ ᠪᠦᠲᠦᠴᠡ ᠤᠯᠠᠮ ᠨᠢᠭᠡ | ᠠᠯᠬᠤᠮ ᠰᠢᠯᠢᠳᠡᠭᠵᠢᠪᠡ᠃ | ᠳᠡᠭᠡᠷ᠎ᠡ ᠬᠠᠭᠠᠰ ᠵᠢᠯ ᠳᠤ᠂ ᠦᠬᠠᠶ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ | 30.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.62 ᠳ᠋ᠦᠩᠰᠢᠭᠤᠷ | ᠲᠥᠭᠦᠷᠢᠭ ᠨᠡᠮᠡᠭᠳᠡᠵᠦ᠂ 5.7% ᠪᠠᠷ ᠨᠡᠮᠡᠭᠳᠡᠵᠦ᠂ ᠵᠢᠯ ᠤᠨ ᠡᠬᠢᠨ ᠤ ᠲᠥᠰᠦᠪ ᠢ 61.7% ᠪᠠᠷ ᠪᠡᠶᠡᠯᠡᠭᠦᠯᠵᠦ᠂ | ᠠᠬᠢᠴᠠ ᠨᠡᠯᠢᠶᠡᠳ ᠲᠡᠩᠴᠡᠭᠦᠷᠢᠲᠡᠶ ᠪᠠᠶᠢᠵᠦ 5.7 ᠳ᠋ᠦᠩᠰᠢᠭᠤᠷ ᠲᠥᠭᠦᠷᠢᠭ ᠳᠠᠪᠠᠭᠤᠯᠤᠨ ᠬᠤᠷᠢᠶᠠᠪᠠ᠃ ᠡᠭᠦᠨ ᠳᠤ | ᠂ ᠭᠠᠶᠢᠯᠢ ᠶᠢᠨ ᠪᠤᠰᠤ ᠣᠷᠣᠯᠭ᠎ᠠ 4.77 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 1.52 ᠳ᠋ᠦᠩᠰᠢᠭᠤᠷ ᠲᠥᠭᠦᠷᠢᠭ ᠨᠡᠮᠡᠭᠳᠡᠵᠦ᠂ 46.7% ᠪᠠᠷ ᠨᠡᠮᠡᠭᠳᠡᠨ᠂ ᠡᠩ ᠤᠨ | ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 15.8% ᠶᠢ ᠡᠵᠡᠯᠡᠪᠡ᠃ ᠳᠡᠭᠡᠷ᠎ᠡ ᠬᠠᠭᠠᠰ ᠵᠢᠯ ᠳᠤ᠂ ᠦᠬᠠᠶ | ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 52.39 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 0.06 ᠳ᠋ᠦᠩᠰᠢᠭᠤᠷ ᠲᠥᠭᠦᠷᠢᠭ ᠨᠡᠮᠡᠭᠳᠡᠵᠦ᠂ 0.1% ᠪᠠᠷ | ᠨᠡᠮᠡᠭᠳᠡᠪᠡ᠃ ᠡᠯ᠎ᠡ ᠵᠦᠢᠯ ᠤᠨ ᠪᠡᠶᠡᠯᠡᠭᠦᠯᠦᠭᠰᠡᠨ ᠪᠠᠶᠢᠳᠠᠯ ᠠᠴᠠ ᠦᠵᠡᠪᠡᠯ᠂ ᠬᠤᠲᠠ ᠶᠢᠨ ᠲᠣᠰ ᠱᠠᠲᠤᠨ ᠤ | ᠵᠠᠷᠤᠯᠭ᠎ᠠ 29.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.1% ᠪᠠᠭᠤᠷᠠᠪᠠ | ︔ ᠬᠠᠶᠢᠷᠤᠪ ᠤᠨ ᠲᠣᠬᠤᠢ ᠲᠤᠭᠤᠷᠢᠭ ᠤᠨ ᠵᠠᠷᠤᠯᠭ᠎ᠠ 9.32 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 13.4% ᠪᠠᠭᠤᠷᠠᠪᠠ︔ ᠤᠳᠠ ᠲᠣᠭᠤᠷᠢᠭ ᠤᠨ ᠵᠠᠷᠤᠯᠭ᠎ᠠ 6.74 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.2% ᠨᠡᠮᠡᠭᠳᠡᠪᠡ︔ ᠬᠠᠶᠢᠨᠠᠨ ᠲᠣᠭᠤᠷᠢᠭ ᠤᠨ | ᠵᠠᠷᠤᠯᠭ᠎ᠠ 6.63 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.8% ᠪᠠᠷ | ᠨᠡᠮᠡᠭᠳᠡᠪᠡ᠃ |