8 ᠰᠠᠷ᠎ᠠ ᠶᠢᠨ 12 ᠤᠨ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ | ᠸᠧᠨ ᠵᠢᠶᠧ ᠪᠦᠯᠬᠦᠮ ᠳᠠᠭᠠᠭᠤᠯᠤᠨ ᠤᠳᠠ ᠲᠣᠭᠤᠷᠢᠭ ᠤᠨ ︽ᠬᠤᠶᠠᠷ ᠬᠤᠳᠠ ᠶᠢ ᠬᠤᠯᠪᠤᠭᠠᠯᠠᠨ ᠴᠤᠭᠴᠠᠯᠠᠬᠤ︾ | ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠳᠡᠳ᠋ ᠲᠡᠷᠢᠬᠦᠯᠡᠭᠴᠢ ᠵᠠᠩ ᠵᠢᠶᠠᠨ ᠭᠦᠸᠧ᠂ ᠸᠠᠩ ᠶᠢᠦ ᠵᠢᠶᠦ᠋ᠨ᠂ | ᠸᠠᠩ ᠮᠢᠩ ᠸᠠᠩ ᠬᠠᠮᠲᠤ ᠪᠠᠶᠢᠴᠠᠭᠠᠨ ᠰᠤᠳᠤᠯᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠤᠳᠠ ᠲᠣᠭᠤᠷᠢᠭ ᠤᠨ ᠣᠯᠠᠭᠠᠨᠨᠠᠭᠤᠷ | ᠪᠠᠯᠭᠠᠰᠤᠨ ᠤ ᠽᠧ ᠶᠤᠸᠠᠨ ᠨᠡᠶᠢᠭᠡᠮ ᠲᠣᠭᠤᠷᠢᠭ᠂ ᠪᠢᠨ ᠬᠠᠶ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠱᠧᠩ ᠯᠢ ᠵᠡᠭᠡᠯᠢ ᠶᠢᠨ ᠭᠤᠷᠪᠠᠳᠤᠭᠠᠷ ᠬᠦᠷᠰᠢ ᠵᠡᠷᠭᠡᠯᠡᠳᠡᠭᠡ ᠶᠢᠨ ᠪᠠᠶᠢᠰᠢᠩᠲᠤ ᠲᠣᠭᠤᠷᠢᠭ᠂ ᠠᠷᠠᠳ ᠤᠨ ᠴᠡᠴᠡᠷᠯᠢᠭ | ᠵᠡᠷᠭᠡ ᠭᠠᠵᠠᠷ ᠲᠤ ᠬᠦᠷᠴᠦ᠂ ᠤᠳᠠ ᠲᠣᠭᠤᠷᠢᠭ ᠤᠨ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ | ᠥᠭᠡᠷᠡᠴᠢᠯᠡᠬᠦ᠂ ᠨᠡᠶᠢᠲᠡ ᠶᠢᠨ ᠵᠣᠷᠯᠣᠩ ᠢ ᠥᠭᠡᠷᠡᠴᠢᠯᠡᠬᠦ᠂ ᠬᠤᠭ ᠨᠣᠪᠰᠢ ᠰᠢᠯᠵᠢᠭᠦᠯᠦᠨ ᠲᠡᠭᠡᠭᠡᠪᠦᠷᠢᠯᠡᠬᠦ | ᠥᠷᠲᠡᠭᠡ ᠶᠢᠨ ᠡᠳᠦᠷ ᠲᠤᠲᠤᠮ ᠤᠨ ᠡᠵᠡᠩᠨᠡᠯᠲᠡ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ | ᠪᠥᠲᠥᠭᠡᠨ ᠪᠠᠶᠢᠭᠤᠯᠤᠯᠲᠠ᠂ ᠬᠠᠭᠤᠴᠢᠨ ᠬᠤᠲᠠ ᠶᠢᠨ ᠲᠣᠭᠤᠷᠢᠭ ᠤᠨ ᠥᠭᠡᠷᠡᠴᠢᠯᠡᠯᠲᠡ ᠵᠢᠴᠢ ᠬᠤᠲᠠ ᠶᠢᠨ | ᠲᠣᠭᠤᠷᠢᠭ ᠤᠨ ᠴᠡᠴᠡᠷᠯᠢᠭ ᠤᠨ ᠨᠣᠭᠤᠭᠠᠷᠠᠭᠤᠯᠤᠯᠲᠠ ᠵᠡᠷᠭᠡ ᠲᠠᠯ᠎ᠠ ᠶᠢᠨ ᠠᠵᠢᠯ ᠥᠷᠨᠢᠭᠦᠯᠦᠭᠰᠡᠨ ᠪᠠᠶᠢᠳᠠᠯ ᠢ | ᠲᠤᠬᠠᠶ ᠶᠢᠨ ᠭᠠᠵᠠᠷ ᠲᠤᠨᠢ ᠣᠶᠢᠯᠠᠭᠠᠪᠠ᠃ | ᠶᠠᠷᠢᠯᠴᠠᠬᠤ ᠬᠤᠷᠠᠯ ᠳᠡᠭᠡᠷ᠎ᠡ᠂ ᠸᠠᠩ ᠸᠧᠨ ᠵᠢᠶᠧ ᠨᠡᠷ ᠤᠳᠠ ᠲᠣᠭᠤᠷᠢᠭ ᠤᠨ ︽ᠬᠤᠶᠠᠷ ᠬᠤᠳᠠ ᠶᠢ | ᠬᠤᠯᠪᠤᠭᠠᠯᠠᠨ ᠴᠤᠭᠴᠠᠯᠠᠬᠤ︾ ᠠᠵᠢᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠪᠠ᠃ ᠲᠡᠷᠡ | ᠢᠯᠡᠷᠭᠡᠶᠢᠯᠡᠭᠰᠡᠨ ᠨᠢ᠂ ᠤᠢᠢᠷ᠎ᠠ ᠶᠢᠨ ᠵᠢᠯ ᠠᠴᠠ ᠨᠠᠰᠢ᠂ ᠤᠳᠠ ᠲᠣᠭᠤᠷᠢᠭ ᠤᠨ ᠨᠠᠮ ᠤᠨ ᠬᠤᠷᠢᠶ᠎ᠠ᠂ | ᠲᠣᠭᠤᠷᠢᠭ ᠤᠨ ᠵᠠᠰᠠᠭ ᠤᠨ ᠣᠷᠳᠣᠨ ︽ᠬᠤᠲᠠ ᠶᠢ ᠴᠤᠭᠴᠠᠯᠠᠬᠤ ᠨᠢ ᠠᠷᠠᠳ ᠤᠨ ᠲᠥᠯᠥᠭᠡ᠂ ᠬᠤᠲᠠ ᠶᠢ | ᠴᠤᠭᠴᠠᠯᠠᠬᠤ ᠨᠢ ᠠᠷᠠᠳ ᠲᠤ ᠠᠰᠢᠭ ᠬᠦᠷᠲᠡᠭᠡᠬᠦ ᠶᠢᠨ ᠲᠦᠯᠦᠭᠡ︾ ᠬᠡᠬᠦ ᠵᠣᠷᠢᠯᠲᠠ ᠪᠠᠷ᠂ ︽ᠬᠤᠶᠠᠷ ᠬᠤᠳᠠ ᠶᠢ | ᠬᠤᠯᠪᠤᠭᠠᠯᠠᠨ ᠴᠤᠭᠴᠠᠯᠠᠬᠤ︾ ᠠᠵᠢᠯ ᠢ ᠲᠡᠭᠡᠲᠤ ᠬᠡᠮᠵᠢᠶ᠎ᠡ ᠪᠠᠷ ᠴᠢᠬᠤᠯᠠᠴᠢᠯᠠᠵᠤ᠂ ᠣᠯᠠᠨ ᠠᠷᠭ᠎ᠠ ᠠᠪᠴᠠᠯ ᠢ | ᠵᠡᠷᠭᠡᠪᠡᠷ ᠬᠡᠷᠡᠭᠯᠡᠨ ︽ᠬᠤᠶᠠᠷ ᠬᠤᠳᠠ ᠶᠢ ᠬᠤᠯᠪᠤᠭᠠᠯᠠᠨ ᠴᠤᠭᠴᠠᠯᠠᠬᠤ︾ ᠡᠯ᠎ᠡ ᠵᠦᠢᠯ ᠤᠨ ᠠᠵᠢᠯ ᠢ ᠥᠷᠨᠢᠭᠦᠯᠵᠦ᠂ | ᠨᠡᠯᠢᠶᠡᠳ ᠰᠠᠶᠢᠨ ᠦᠷ᠎ᠡ ᠪᠦᠲᠦᠮᠵᠢ ᠣᠯᠣᠭᠰᠠᠨ ᠪᠤᠯᠪᠠᠴᠦ ᠮᠥᠨ ᠬᠦ ᠡᠳᠦᠶ ᠲᠡᠳᠦᠶ ᠳᠤᠲᠠᠭᠤᠳᠠᠯ ᠣᠷᠣᠰᠢᠵᠤ | ᠪᠠᠶᠢᠨ᠎ᠠ ᠬᠡᠵᠡᠢ᠃ | ᠸᠠᠩ ᠸᠧᠨ ᠵᠢᠶᠧ ᠴᠢᠬᠤᠯᠠᠴᠢᠯᠠᠭᠰᠠᠨ ᠨᠢ᠂ ᠤᠳᠠ ᠲᠣᠭᠤᠷᠢᠭ ︽ᠬᠤᠶᠠᠷ ᠬᠤᠳᠠ ᠶᠢ ᠬᠤᠯᠪᠤᠭᠠᠯᠠᠨ | ᠴᠤᠭᠴᠠᠯᠠᠬᠤ︾ ᠤᠬᠠᠭᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ︽ᠬᠤᠶᠠᠷ ᠬᠤᠳᠠ ᠶᠢ ᠬᠤᠯᠪᠤᠭᠠᠯᠠᠨ | ᠴᠤᠭᠴᠠᠯᠠᠬᠤ︾ ᠠᠵᠢᠯ ᠤᠨ ᠠᠮᠵᠢᠯᠲᠠ ᠪᠦᠲᠦᠮᠵᠢ ᠪᠠᠨ ᠳᠡᠯᠭᠡᠨ ᠦᠵᠡᠭᠦᠯᠵᠦ᠂ ︽ᠬᠤᠶᠠᠷ ᠬᠤᠳᠠ ᠶᠢ | ᠬᠤᠯᠪᠤᠭᠠᠯᠠᠨ ᠴᠤᠭᠴᠠᠯᠠᠬᠤ︾ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ︽ᠬᠤᠶᠠᠷ ᠬᠤᠳᠠ ᠶᠢ | ᠬᠤᠯᠪᠤᠭᠠᠯᠠᠨ ᠴᠤᠭᠴᠠᠯᠠᠬᠤ︾ ᠶᠢᠨ ᠤᠶᠢᠯᠠᠭᠠᠬᠤ ᠨᠤᠷᠮ᠎ᠠ᠂ ᠳᠡᠮᠵᠢᠬᠦ ᠨᠤᠷᠮ᠎ᠠ᠂ ᠣᠷᠣᠯᠴᠠᠬᠤ ᠨᠤᠷᠮ᠎ᠠ ᠪᠠᠨ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠥᠮᠦᠨ ᠪᠦᠬᠦᠨ ᠴᠤᠭᠴᠠᠯᠠᠨ ᠪᠠᠶᠢᠭᠤᠯᠬᠤ ᠳᠤ ᠣᠷᠣᠯᠴᠠᠬᠤ᠂ ᠪᠦᠬᠦ | ᠠᠷᠠᠳ ᠢᠶᠠᠷ ᠢᠶᠠᠨ ᠴᠤᠭᠴᠠᠯᠠᠨ ᠪᠠᠶᠢᠭᠤᠯᠬᠤ ᠶᠢ ᠳᠡᠮᠵᠢᠬᠦ ᠬᠠᠯᠠᠭᠤᠨ ᠥᠷᠨᠢᠯᠲᠡ ᠶᠢ ᠪᠤᠢ ᠪᠤᠯᠭᠠᠬᠤ ᠬᠡᠷᠡᠭᠳᠡᠢ︔ | ᠨᠢᠭᠡᠳᠦᠯᠲᠡᠶ ᠲᠥᠯᠥᠪᠵᠢᠭᠦᠯᠬᠦ ᠪᠠᠨ ᠴᠢᠩᠭᠠᠳᠬᠠᠵᠤ᠂ ︽ᠬᠤᠶᠠᠷ ᠬᠤᠳᠠ ᠶᠢ ᠬᠤᠯᠪᠤᠭᠠᠯᠠᠨ ᠴᠤᠭᠴᠠᠯᠠᠬᠤ︾ | ᠠᠵᠢᠯ ᠢ ᠡᠳᠦᠷ ᠲᠤᠲᠤᠮ ᠤᠨ ᠠᠵᠢᠯ᠂ ᠭᠤᠤᠯᠳᠠᠯᠭ᠎ᠠ ᠲᠠᠢ ᠡᠭᠦᠷᠭᠡ ᠲᠠᠢ ᠪᠠᠨ ᠨᠢᠭᠲᠠ ᠤᠶᠠᠯᠳᠤᠭᠤᠯᠵᠤ᠂ | ᠴᠤᠭᠴᠠᠯᠠᠨ ᠪᠠᠶᠢᠭᠤᠯᠬᠤ ᠨᠡᠶᠢᠯᠡᠮᠡᠯ ᠬᠦᠴᠦᠨ ᠢ ᠪᠦᠷᠢᠯᠳᠦᠬᠦᠯᠵᠦ᠂ ᠴᠤᠭᠴᠠᠯᠠᠨ ᠪᠠᠶᠢᠭᠤᠯᠬᠤ ᠡᠯ᠎ᠡ ᠵᠦᠢᠯ ᠤᠨ | ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠳᠡᠢ︔ ᠲᠡᠭᠡᠲᠤ ᠳᠣᠣᠷᠠᠳᠤ ᠱᠠᠲᠤ ᠪᠠᠷ ᠢᠶᠠᠨ | ᠬᠤᠯᠪᠣᠭᠠᠯᠠᠨ ᠬᠥᠳᠡᠯᠦᠯᠴᠡᠵᠦ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠬᠤᠲᠠ ᠬᠥᠳᠡᠭᠡ ᠶᠢᠨ ᠠᠭᠤᠯᠵᠠᠷ | ᠬᠡᠰᠡᠭ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠲᠤᠰᠬᠠᠶ ᠴᠡᠭᠴᠡᠯᠡᠨ ᠵᠠᠰᠠᠯᠲᠠ ᠪᠠᠨ ᠬᠦᠴᠦᠯᠡᠨ ᠰᠠᠶᠢᠲᠤᠷ | ᠠᠳᠬᠤᠵᠤ᠂ ᠣᠯᠠᠨ ᠲᠦᠮᠡᠨ ᠤ ᠴᠤᠭᠴᠠᠯᠠᠨ ᠪᠠᠶᠢᠭᠤᠯᠬᠤ ᠳᠤ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ | ᠂ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠪᠠᠨ ᠰᠤᠳᠤᠯᠤᠨ ᠪᠠᠶᠢᠭᠤᠯᠬᠤ ᠶᠢᠨ | ᠬᠠᠮᠲᠤ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠢ ᠵᠣᠬᠢᠶᠠᠨ ᠪᠠᠶᠢᠭᠤᠯᠤᠨ ᠲᠠᠶᠢᠴᠢᠯᠠᠵᠦ ︽ | ᠬᠤᠶᠠᠷ ᠬᠤᠳᠠ ᠶᠢ ᠬᠤᠯᠪᠤᠭᠠᠯᠠᠨ ᠴᠤᠭᠴᠠᠯᠠᠬᠤ︾ ᠠᠵᠢᠯ ᠳᠤ ᠢᠳᠡᠪᠬᠢᠲᠡᠶ ᠪᠠᠷ ᠠᠷᠭ᠎ᠠ ᠤᠬᠠᠭᠠᠨ ᠭᠠᠷᠭᠠᠵᠤ | ᠬᠦᠴᠦᠨ ᠴᠢᠳᠠᠯ ᠢᠶᠠᠨ ᠡᠷᠭᠦᠵᠦ᠂ ᠴᠤᠭᠴᠠᠯᠠᠨ ᠪᠠᠶᠢᠭᠤᠯᠬᠤ ᠠᠵᠢᠯ ᠤᠨ ᠥᠷᠨᠢᠯᠲᠡ ᠶᠢ ᠪᠦᠬᠦ ᠬᠦᠴᠦᠨ ᠢᠶᠠᠷ | ᠲᠦᠯᠬᠢᠨ ᠠᠬᠢᠭᠤᠯᠬᠤ ᠬᠡᠷᠡᠭᠳᠡᠢ ᠬᠡᠵᠡᠢ︔ ᠢᠲᠡᠭᠡᠯ ᠵᠣᠷᠢᠭ ᠢᠶᠠᠨ ᠪᠠᠲᠤᠳᠬᠠᠵᠤ᠂ ᠰᠢᠯᠭᠠᠨ ᠲᠣᠭᠲᠠᠭᠠᠬᠤ | ᠱᠠᠭᠠᠷᠳᠠᠯᠭ᠎ᠠ ᠯᠤᠭ᠎ᠠ ᠪᠠᠷᠢᠮᠵᠢᠶᠠᠯᠠᠵᠤ᠂ ᠬᠠᠷᠢᠭᠤᠴᠠᠯᠭ᠎ᠠ ᠶᠢᠨ ᠰᠢᠰᠲ᠋ᠧᠮ ᠢᠶᠠᠨ ᠲᠡᠭᠦᠯᠳᠡᠷᠵᠢᠭᠦᠯᠵᠦ᠂ ᠱᠠᠲᠤ | ᠲᠡᠰ ᠤᠨ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠴᠤᠭᠴᠠᠯᠠᠨ ᠪᠠᠶᠢᠭᠤᠯᠬᠤ ᠠᠵᠢᠯ ᠳᠤᠮᠳᠠ | ᠣᠷᠣᠰᠢᠵᠤ ᠪᠠᠶᠢᠭ᠎ᠠ ᠵᠥᠷᠢᠶ᠎ᠡ ᠪᠣᠯᠤᠨ ᠬᠦᠷᠦᠯᠴᠡᠬᠦ ᠦᠭᠡᠢ ᠲᠠᠯ᠎ᠠ ᠪᠠᠨ ᠴᠠᠭ ᠲᠤᠬᠠᠶ ᠳᠤᠨᠢ ᠳ᠋ᠦᠩᠨᠡᠵᠦ᠂ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠪᠠᠨ ᠰᠠᠶᠢᠲᠤᠷ ᠠᠳᠬᠤᠵᠤ᠂ ᠳᠡᠭᠡᠳᠦ ᠬᠡᠮᠵᠢᠶ᠎ᠡ ᠪᠠᠷ ᠬᠠᠷᠢᠭᠤᠴᠠᠬᠤ ᠵᠣᠷᠢᠭ | ᠰᠠᠨᠠᠭ᠎ᠠ ᠪᠠᠷ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ︽ | ᠬᠤᠶᠠᠷ ᠬᠤᠳᠠ ᠶᠢ ᠬᠤᠯᠪᠤᠭᠠᠯᠠᠨ ᠴᠤᠭᠴᠠᠯᠠᠬᠤ︾ ᠡᠨᠡ ᠬᠦ ᠬᠠᠲᠠᠭᠤ ᠲᠠᠶᠢᠯᠠᠯᠳᠣᠭᠠᠨ ᠳᠤ ᠬᠠᠮᠲᠤ ᠪᠠᠷ ᠢᠯᠠᠯᠲᠠ | ᠣᠯᠬᠤ ᠬᠡᠷᠡᠭᠳᠡᠢ ᠬᠡᠵᠡᠢ᠃ |