8 ᠰᠠᠷ᠎ᠠ ᠶᠢᠨ 14 ᠤ ᠡᠳᠦᠷ᠂ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ | ᠳᠤᠭᠤᠶᠢᠯᠠᠩ ᠤᠨ ᠤᠨᠤᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ︽ᠬᠡᠷᠡᠭ ᠢᠶᠠᠷ | ᠥᠭᠡᠷᠡᠴᠢᠯᠡᠯᠲᠡ ᠶᠢ ᠠᠬᠢᠭᠤᠯᠬᠤ᠂ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ︾ ᠲᠤᠰᠬᠠᠢ ᠰᠡᠲᠤᠪᠲᠤ ︵ | ᠦᠷᠭᠡᠳᠭᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠳᠡᠳ᠋ | ᠲᠡᠷᠢᠭᠦᠯᠡᠭᠴᠢ ᠸᠠᠩ ᠬᠤᠸᠠ ᠹᠧᠩ᠂ ᠹᠦ᠋ ᠲᠢᠩ ᠯᠢᠨ᠂ ᠸᠠᠩ ᠶᠢᠤ ᠵᠢᠶᠦ᠋ᠨ᠂ ᠳ᠋ᠢᠩ ᠢ ᠬᠤᠷᠠᠯ ᠳᠤ ᠣᠷᠣᠯᠴᠠᠵᠠᠶ᠃ | ᠳᠡᠳ᠋ ᠲᠡᠷᠢᠭᠦᠯᠡᠭᠴᠢ ᠺᠠᠩ ᠸᠧᠨ ᠱᠧᠩ᠂ ᠵᠠᠩ ᠵᠢᠶᠠᠨ ᠭᠦᠸᠧ ᠪᠣᠯᠤᠨ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠠᠯᠪᠠᠨ ᠭᠡᠷ ᠵᠢᠴᠢ ᠡᠯ᠎ᠡ ᠲᠤᠰᠬᠠᠶ ᠵᠦᠪᠯᠡᠯ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ | ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠤᠭᠤᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ ᠨᠠᠮ ᠢᠶᠠᠨ ᠲᠠᠰᠤᠷᠠᠯᠲᠠ ᠦᠭᠡᠢ ᠨᠡᠩ ᠪᠠᠲᠤ | ᠴᠢᠩᠭ᠎ᠠ ᠬᠦᠴᠦᠳᠡᠢ ᠪᠣᠯᠭᠠᠨ ᠪᠠᠶᠢᠭᠤᠯᠤᠶ᠎ᠠ︾ ︽ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ | ᠪᠠᠲᠤᠲᠠᠢ ᠠᠬᠢᠭᠤᠯᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠯᠠᠪᠳᠠᠭᠤᠨ ᠪᠠᠲᠤᠲᠠᠢ | ᠠᠬᠢᠭᠤᠯᠤᠶ᠎ᠠ︾ ︽ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠤᠳᠤᠯᠭ᠎ᠠ ᠶᠢᠨ | ᠲᠣᠭᠲᠠᠯ ᠬᠦᠴᠦᠨ ᠢ ᠪᠠᠲᠤᠯᠠᠵᠤ ᠡᠭᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ | ᠣᠷᠣᠨ ᠢ ᠰᠠᠶᠢᠲᠤᠷ ᠰᠠᠬᠢᠨ ᠬᠠᠮᠠᠭᠠᠯᠠᠶ᠎ᠠ︾ ᠵᠡᠷᠭᠡ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠵᠢᠴᠢ ᠬᠤᠳᠠ ᠶᠢᠨ ᠨᠠᠮ ᠤᠨ ᠬᠤᠷᠢᠶᠠᠨ ᠤ ︽ᠬᠡᠷᠡᠭ ᠢᠶᠠᠷ | ᠥᠭᠡᠷᠡᠴᠢᠯᠡᠯᠲᠡ ᠶᠢ ᠠᠬᠢᠭᠤᠯᠬᠤ᠂ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ︾ ᠬᠤᠯᠪᠤᠭᠳᠠᠯ ᠪᠦᠬᠦᠢ | ᠪᠢᠴᠢᠭ ᠮᠠᠲᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ᠸᠠᠩ ᠸᠧᠨ ᠵᠢᠶᠧ ᠴᠢᠬᠤᠯᠠᠴᠢᠯᠠᠭᠰᠠᠨ ᠨᠢ᠂ ᠪᠦᠬᠦ ᠬᠤᠲᠠ ᠶᠢᠨ ᠡᠯ᠎ᠡ ᠱᠠᠲᠤᠨ ᠤ ᠤᠯᠤᠰ ᠲᠥᠷᠥ ᠶᠢᠨ | ᠵᠥᠪᠯᠡᠯᠭᠡᠨ ᠤ ᠵᠣᠬᠢᠶᠠᠨ ᠪᠠᠶᠢᠭᠤᠯᠤᠯᠲᠠ ᠪᠣᠯᠤᠨ ᠦᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ | ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠲᠠᠰᠤᠷᠠᠯᠲᠠ ᠤᠢᠭᠡᠢ ᠴᠢᠩᠭᠠᠳᠬᠠᠵᠤ᠂ ︽ᠳᠥᠷᠪᠡᠨ ᠤᠬᠠᠮᠰᠠᠷ︾ | ᠢᠶᠠᠨ ᠪᠠᠲᠤ ᠪᠣᠶ ᠪᠣᠯᠭᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ | ᠪᠡᠶᠡᠯᠡᠬᠦᠯᠵᠦ᠂ ᠰᠠᠶᠢᠨ ᠰᠠᠶᠢᠬᠠᠨ ᠤᠯᠤᠰ ᠲᠥᠷᠦ ᠶᠢᠨ ᠠᠮᠢ ᠠᠬᠤᠢ ᠶᠢ ᠪᠠᠶᠢᠭᠤᠯᠬᠤ ᠶᠢᠨ ᠴᠢᠬᠤᠯᠠ ᠶᠡᠭᠡ ᠠᠴᠢ | ᠬᠤᠯᠪᠣᠭᠳᠠᠯ ᠢ ᠬᠦᠨᠵᠡᠬᠡᠢ ᠲᠠᠨᠢᠵᠤ᠂ ᠮᠠᠨ ᠤ ᠬᠤᠲᠠ ᠶᠢᠨ ᠤᠯᠤᠰ ᠲᠥᠷᠦ ᠶᠢᠨ ᠠᠮᠢ ᠠᠬᠤᠢ ᠶᠢ ᠴᠡᠪᠡᠷᠰᠢᠭᠦᠯᠬᠦ ᠶᠢᠨ | ᠭᠤᠣᠯᠳᠠᠯᠭ᠎ᠠ ᠲᠠᠢ ᠡᠭᠦᠷᠭᠡ ᠪᠠ ᠠᠵᠢᠯ ᠤᠨ ᠱᠠᠭᠠᠷᠳᠠᠯᠭ᠎ᠠ ᠶᠢ ᠣᠨᠣᠪᠴᠢᠲᠠᠢ ᠡᠵᠡᠮᠰᠢᠬᠦ ᠬᠡᠷᠡᠭᠲᠡᠢ︔ ᠶᠡᠷᠦᠩᠬᠡᠶ | ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠨᠠᠷᠢᠨ ᠬᠢᠨᠠᠮᠠᠭᠠᠶ ᠬᠠᠷᠢᠴᠠᠭᠤᠯᠵᠤ᠂ ᠪᠦᠬᠦ | ᠵᠢᠯ ᠤᠨ ᠲᠣᠭᠲᠠᠭᠠᠭᠰᠠᠨ ᠡᠯ᠎ᠡ ᠵᠦᠢᠯ ᠤᠨ ᠠᠵᠢᠯ ᠢᠶᠠᠨ ᠤᠯᠠᠮ ᠨᠢᠭᠡ ᠠᠯᠬᠤᠮ ᠡᠮᠬᠢᠯᠡᠬᠦ ᠬᠡᠷᠡᠭᠳᠡᠢ ᠪᠦᠭᠡᠳ ︽ | ᠡᠷᠭᠢᠨ ᠬᠠᠷᠠᠵᠤ︾᠂ ᠪᠠᠷᠢᠮᠵᠢᠶ᠎ᠠ ᠲᠠᠢ ᠲᠠᠬᠢᠨ ᠬᠠᠷᠭᠤᠭᠤᠯᠵᠤ ᠳᠠᠬᠢᠨ ᠬᠢᠨᠠᠨ ᠦᠵᠡᠵᠦ ᠳᠠᠬᠢᠨ ᠳᠡᠭᠡᠭᠰᠢᠯᠡᠭᠦᠯᠵᠤ᠂ | ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠪᠣᠳᠠᠲᠤ ᠪᠠᠶᠢᠳᠠᠯ ᠲᠠᠢ ᠨᠡᠩ | ᠢᠯᠡᠬᠦᠦ ᠣᠶᠢᠷᠠᠲᠤᠭᠤᠯᠬᠤ ᠬᠡᠷᠡᠭᠲᠡᠶ︔ ᠨᠡᠶᠢᠭᠡᠮ ᠵᠢᠷᠤᠮ ᠤᠨ ᠵᠥᠪᠯᠡᠬᠦ ᠠᠷᠠᠳᠴᠢᠯᠠᠯ ᠤᠨ ᠴᠢᠬᠤᠯᠠ ᠦᠢᠯᠡᠳᠦᠯ | ᠢᠶᠠᠨ ᠢᠳᠡᠪᠬᠢᠲᠡᠢ ᠪᠠᠳᠠᠷᠠᠭᠤᠯᠵᠤ᠂ ᠬᠤᠯᠪᠤᠭᠳᠠᠯ ᠪᠥᠬᠦᠶ ᠲᠦᠷᠢᠮ᠂ ᠲᠠᠰ ᠳᠠᠷᠠᠭᠠᠯᠠᠯ ᠪᠠ ᠲᠣᠭᠲᠠᠴᠠ ᠪᠠᠨ ᠤᠯᠠᠮ | ᠨᠢᠭᠡ ᠠᠯᠬᠤᠮ ᠲᠡᠭᠦᠯᠳᠡᠷᠵᠢᠭᠦᠯᠵᠦ᠂ ᠵᠦᠪᠯᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠳᠡᠢ︔ | ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠮᠵᠢ ᠪᠠᠨ ᠴᠢᠩᠭᠠᠳᠬᠠᠵᠤ᠂ ᠬᠠᠮᠲᠤ ᠶᠢᠨ ᠲᠠᠨᠢᠯᠲᠠ ᠪᠠᠨ | ᠥᠷᠭᠡᠨ ᠢᠶᠠᠷ ᠨᠢᠭᠲᠠᠷᠠᠭᠤᠯᠵᠤ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠬᠤ ᠡᠯ᠎ᠡ ᠵᠦᠢᠯ ᠤᠨ ᠠᠵᠢᠯ | ᠢᠶᠠᠨ ᠬᠦᠨᠵᠡᠬᠡᠢ ᠨᠠᠷᠢᠯᠢᠭ ᠪᠣᠳᠠᠲᠠᠢ ᠬᠢᠬᠦ ᠬᠡᠷᠡᠭᠲᠡᠢ︔ ᠰᠠᠨᠠᠯ ᠵᠥᠪᠯᠡᠯᠭᠡ ᠳᠤᠷᠠᠳᠤᠨ ᠵᠠᠰᠠᠭ ᠲᠤ ᠲᠤᠰᠠᠯᠠᠬᠤ ᠪᠠ | ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ ᠳᠤ ᠬᠤᠤᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠤᠯᠤᠰ | ᠲᠦᠷᠦ ᠶᠢᠨ ᠵᠥᠪᠯᠡᠯᠭᠡᠨ ᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠦᠨᠡᠨ | ᠬᠦ ᠠᠬᠢᠭᠤᠯᠬᠤ ᠬᠡᠷᠡᠭᠲᠡᠶ︔ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠭᠤᠣᠯ | ᠠᠵᠢᠯ ᠤᠨ ᠲᠣᠭᠤᠷᠢᠨ ᠳᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ︽ᠵᠢᠷᠭᠤᠭ᠎ᠠ ᠶᠢ ᠪᠠᠲᠤᠯᠠᠬᠤ︾᠂ ᠬᠤᠶᠠᠷ | ᠬᠤᠲᠠ ᠶᠢ ᠬᠤᠯᠪᠣᠭᠠᠯᠠᠨ ᠴᠤᠭᠴᠠᠯᠠᠬᠤ᠂ ᠭᠤᠤᠯᠳᠠᠯᠭ᠎ᠠ ᠲᠠᠢ ᠲᠥᠷᠥᠯ ᠵᠦᠢᠯ ᠢ ᠳᠠᠭᠠᠭᠠᠴᠢᠯᠠᠨ ᠬᠤᠯᠪᠣᠭᠠᠯᠠᠬᠤ | ᠵᠡᠷᠭᠡ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠶᠢ ᠭᠦᠨᠵᠡᠭᠡᠶ ᠥᠷᠨᠢᠭᠦᠯᠵᠦ᠂ ᠢᠳᠡᠪᠬᠢᠲᠡᠶ ᠪᠠᠷ ᠰᠠᠨᠠᠯ | ᠵᠥᠪᠯᠡᠯᠭᠡ ᠳᠤᠷᠠᠳᠤᠨ ᠵᠠᠰᠠᠭ ᠲᠤ ᠲᠤᠰᠠᠯᠠᠵᠤ᠂ ᠨᠠᠮ ᠵᠠᠰᠠᠭ ᠤᠨ ᠰᠢᠢᠳᠪᠦᠷᠢᠲᠦ ᠪᠤᠲᠤᠯᠭ᠎ᠠ ᠲᠣᠭᠲᠠᠭᠠᠬᠤ ᠳᠤ | ᠯᠠᠪᠯᠠᠯᠲᠠ ᠬᠠᠩᠭᠠᠬᠤ ᠬᠡᠷᠡᠭᠲᠡᠶ ᠬᠡᠵᠡᠢ᠃ |