ᠣᠶᠢᠷ᠎ᠠ ᠳᠤ᠂ ᠮᠠᠨ ᠤ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠲᠤᠰᠬᠠᠶ | ᠪᠠᠶᠢᠴᠠᠭᠠᠬᠤ ᠲᠤᠭᠤᠶᠢᠯᠠᠩ ᠪᠠᠶᠢᠭᠤᠯᠵᠤ᠂ ᠳᠡᠭᠳᠡᠮᠡᠬᠡᠶ ᠣᠷᠭᠠᠨᠢᠭ ᠪᠣᠳᠠᠰ ᠲᠤ ᠲᠤᠰᠬᠠᠶ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ᠃ | 7 ᠰᠠᠷ᠎ᠠ ᠶᠢᠨ 16 ᠤ ᠡᠳᠦᠷ ᠠᠴᠠ 31 ᠤ ᠡᠳᠦᠷ ᠪᠣᠯᠲᠠᠯ᠎ᠠ᠂ ᠬᠤᠲᠠ ᠶᠢᠨ ᠠᠮᠢ ᠠᠬᠤᠶ ᠶᠢᠨ ᠣᠷᠴᠢᠨ | ᠲᠣᠭᠤᠷᠢᠨ ᠤ ᠲᠣᠪᠴᠢᠶ᠎ᠠ ᠲᠣᠰᠣᠨ ᠤ ᠵᠦᠢᠯ ᠤᠨ ᠬᠠᠳᠠᠭᠠᠯᠠᠬᠤ ᠲᠡᠭᠡᠭᠡᠪᠦᠷᠢᠯᠡᠬᠦ ᠪᠣᠷᠣᠯᠠᠭᠤᠯᠬᠤ ᠶᠢ ᠲᠤᠰᠬᠠᠢ | ᠴᠡᠭᠴᠡᠯᠡᠨ ᠵᠠᠰᠠᠬᠤ ᠵᠡᠷᠭᠡ 6 ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠲᠣᠰᠣ ᠨᠡᠮᠡᠬᠦ ᠥᠷᠲᠡᠭᠡ᠂ ᠮᠠᠰᠢᠨ ᠲᠡᠷᠭᠡ | ᠰᠡᠯᠪᠢᠨ ᠵᠠᠰᠠᠬᠤ ᠠᠵᠤ ᠠᠬᠤᠶᠢᠯᠠᠯ᠂ ᠰᠢᠷ ᠪᠤᠲᠤᠭ ᠲᠤᠬᠢᠷᠠᠭᠤᠯᠬᠤ ᠠᠵᠤ ᠠᠬᠤᠶᠢᠯᠠᠯ᠂ VOCs ᠳᠤ | ᠬᠤᠯᠪᠣᠭᠳᠠᠭᠰᠠᠨ ᠬᠠᠶᠠᠭᠳᠠᠮᠠᠯ ᠤᠰᠤᠨ ᠤ ᠰᠢᠩᠭᠡᠨ ᠭᠠᠳᠠᠷᠭᠤ ᠶᠢᠨ ᠠᠵᠤ ᠠᠬᠤᠶᠢᠯᠠᠯ ᠵᠡᠷᠭᠡ ᠳᠤ ᠲᠤᠰᠬᠠᠶ ᠬᠢᠨᠠᠨ | ᠬᠡᠮᠵᠢᠯᠲᠡ ᠶᠢᠨ ᠬᠠᠤᠯᠢ ᠬᠡᠷᠡᠭᠵᠢᠬᠦᠯᠬᠦ ᠪᠠᠶᠢᠴᠠᠭᠠᠯᠳᠠ ᠦᠷᠨᠢᠬᠦᠯᠵᠦ᠂ ᠨᠡᠶᠢᠲᠡ 56 ᠲᠣᠰᠣ ᠨᠡᠮᠡᠬᠦ ᠥᠷᠲᠡᠭᠡ᠂ 95 | ᠮᠠᠰᠢᠨ ᠲᠡᠷᠭᠡ ᠰᠡᠯᠪᠢᠨ ᠵᠠᠰᠠᠬᠤ ᠠᠵᠤ ᠠᠬᠤᠶᠢᠯᠠᠯ᠂ 4 ᠰᠢᠷ ᠪᠤᠲᠤᠭ ᠲᠣᠬᠢᠷᠠᠭᠤᠯᠬᠤ ᠠᠵᠤ ᠠᠬᠤᠶᠢᠯᠠᠯ᠂ | VOCs ᠳᠤ ᠬᠤᠯᠪᠣᠭᠳᠠᠭᠰᠠᠨ ᠬᠠᠶᠠᠭᠳᠠᠮᠠᠯ ᠤᠰᠤᠨ ᠤ ᠰᠢᠩᠭᠡᠨ ᠭᠠᠳᠠᠷᠭᠤ ᠶᠢᠨ ᠠᠵᠤ ᠠᠬᠤᠶᠢᠯᠠᠯ 32᠂ | VOCs ᠳᠤ ᠬᠤᠯᠪᠣᠭᠳᠠᠭᠰᠠᠨ 30 ᠠᠵᠤ ᠠᠬᠤᠶᠢᠯᠠᠯ ᠪᠠ ᠦᠨᠳᠦᠷ ᠭᠠᠳᠠᠭᠰᠢᠯᠠᠭᠤᠯᠤᠯᠲᠠ ᠲᠠᠢ ᠮᠠᠰᠢᠨ ᠲᠡᠷᠭᠡ | ᠶᠢ 40 ᠰᠠᠤᠷᠢ ᠪᠠᠶᠢᠴᠠᠭᠠᠭᠰᠠᠨ ᠪᠦᠭᠡᠳ ᠨᠡᠭᠦᠷᠡᠰᠦ ᠤᠬᠢᠶᠠᠬᠤ ᠠᠵᠤ ᠠᠬᠤᠶᠢᠯᠠᠯ ᠤᠨ ᠨᠡᠭᠦᠷᠡᠰᠦᠨ ᠴᠢᠯᠠᠭᠤ | ᠣᠪᠣᠭᠠᠯᠠᠬᠤ ᠲᠠᠯᠠᠪᠠᠶ ᠶᠢᠨ ᠥᠪᠡᠷ ᠢᠶᠠᠨ ᠰᠢᠲᠠᠭᠰᠠᠨ ᠪᠠᠶᠢᠳᠠᠯ ᠪᠣᠯᠤᠨ ᠪᠠᠷᠢᠯᠭ᠎ᠠ ᠶᠢᠨ ᠭᠠᠵᠠᠷ ᠤᠨ ᠲᠣᠭᠤᠰᠣ | ᠳᠡᠭᠳᠡᠭᠰᠡᠨ ᠪᠠᠶᠢᠳᠠᠯ ᠳᠤ ᠲᠤᠬᠠᠶ ᠶᠢᠨ ᠲᠠᠯᠠᠪᠠᠶ ᠶᠢᠨ ᠪᠠᠶᠢᠴᠠᠭᠠᠯᠲᠠ ᠬᠢᠪᠡ᠃ | ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠢ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ | ᠮᠥᠴᠢᠷ ᠠᠴᠠ ᠠᠵᠤ ᠠᠬᠤᠶᠢᠯᠠᠯ ᠢ ᠴᠠᠭ ᠬᠤᠭᠤᠴᠠᠭ᠎ᠠ ᠪᠠᠨ ᠲᠤᠩᠭᠤᠷᠠᠭᠤᠯᠤᠨ ᠵᠢᠭᠰᠠᠭᠠᠬᠤ ᠶᠢ ᠱᠠᠭᠠᠷᠳᠠᠵᠤ᠂ | ᠠᠬᠢᠴᠡ ᠪᠠᠨ ᠲᠦᠷᠭᠡᠳᠬᠡᠨ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠭᠦ ᠭᠡᠷᠡᠭᠳᠡᠢ︔ | ᠣᠷᠴᠢᠨ ᠲᠤᠭᠤᠷᠢᠨ ᠤ ᠬᠠᠤᠯᠢ ᠠᠴᠠ ᠵᠦᠷᠢᠴᠡᠭᠰᠡᠨ ᠠᠰᠠᠭᠤᠳᠠᠯ ᠳᠤ ᠬᠤᠯᠪᠣᠭᠳᠠᠭᠰᠠᠨ ᠪᠠᠶᠢᠪᠠᠯ᠂ ᠬᠠᠤᠯᠢ | ᠶᠣᠰᠣᠭᠠᠷ ᠴᠢᠩᠭ᠎ᠠ ᠪᠦᠭᠡᠳ ᠲᠦᠷᠭᠡᠨ ᠪᠠᠶᠢᠴᠠᠭᠠᠨ ᠰᠢᠢᠳᠪᠦᠷᠢᠯᠡᠬᠦ ᠬᠡᠷᠡᠭᠳᠡᠢ︔ ᠬᠠᠤᠯᠢ ᠶᠢ ᠵᠥᠷᠢᠴᠡᠵᠦ ᠶᠠᠯ᠎ᠠ | ᠬᠢᠭᠰᠡᠨ ᠰᠡᠵᠢᠭᠯᠡᠯᠲᠡᠶ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠲᠤ ᠴᠠᠭ ᠲᠤᠬᠠᠶ ᠳᠤᠨᠢ | ᠰᠢᠯᠵᠢᠭᠦᠯᠦᠨ ᠬᠦᠷᠭᠡᠬᠦ ᠬᠡᠷᠡᠭᠳᠡᠢ ᠬᠡᠵᠦ ᠱᠠᠭᠠᠷᠳᠠᠪᠠ᠃ | ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠤᠭᠰᠠᠨ ᠪᠠᠶᠢᠳᠠᠯ ᠤᠨ ︽ᠡᠷᠭᠢᠨ ᠬᠠᠷᠠᠬᠤ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠤ | ᠠᠬᠤᠶᠢᠯᠠᠯ ᠢ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠢ ᠵᠠᠰᠠᠬᠤ ᠢᠨᠵᠧᠨᠧᠷᠢᠩ ᠤᠨ ᠠᠭᠢᠴᠡ ᠪᠠᠨ ᠲᠦᠷᠭᠡᠳᠬᠡᠨ | ᠠᠬᠢᠭᠤᠯᠬᠤ ᠬᠡᠷᠡᠭᠲᠡᠶ ᠬᠡᠵᠦ ᠰᠢᠮᠳᠠᠭᠤᠯᠪᠠ᠃ | | |