ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠷᠠᠳᠴᠢᠯᠠᠯ ᠢᠶᠠᠷ ᠬᠢᠨᠠᠯᠲᠠ ᠲᠠᠯᠪᠢᠬᠤ ᠲᠤᠰᠬᠠᠶ ᠰᠡᠳᠦᠪᠲᠦ ᠵᠥᠪᠳᠡᠯᠴᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/8/31
     8 ᠰᠠᠷ᠎ᠠ ᠶᠢᠨ 28 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠷᠠᠳᠴᠢᠯᠠᠯ ᠢᠶᠠᠷ ᠬᠢᠨᠠᠯᠲᠠ ᠲᠠᠯᠪᠢᠬᠤ ᠲᠤᠰᠬᠠᠶ ᠰᠡᠳᠦᠪᠲᠦ ᠵᠥᠪᠳᠡᠯᠴᠡᠬᠦ ᠬᠤᠷᠠᠯ ᠬᠤᠷᠠᠯᠳᠤᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠨᠠᠷᠢᠨ ᠪᠢᠴᠢᠭ ᠤᠨ ᠲᠠᠷᠤᠭ᠎ᠠ ᠯᠢ ᠰᠢᠶᠠᠩ ᠾᠧ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠰᠦᠨ ᠬᠤᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠬᠤᠸᠠ ᠹᠧᠩ᠂ ᠵᠠᠩ ᠵᠢᠶᠠᠨ ᠭᠦᠸᠧ᠂ ᠹᠦ᠋ ᠲᠢᠩ ᠯᠢᠨ᠂ ᠸᠠᠩ ᠰᠢᠶᠠᠨ ᠭᠠᠩ ᠬᠤᠷᠠᠯ ᠳᠤ ᠣᠷᠣᠯᠴᠠᠵᠤ᠂ ᠳᠡᠳ᠋ ᠲᠡᠷᠢᠭᠦᠯᠡᠭᠴᠢ ᠸᠠᠩ ᠮᠢᠩ ᠸᠠᠩ ᠬᠤᠷᠠᠯ ᠢ ᠡᠷᠭᠢᠯᠡᠪᠡ᠃      ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠲᠤᠰᠬᠠᠢ ᠰᠡᠳᠦᠪᠲᠦ ᠵᠥᠪᠯᠡᠯᠭᠡ ᠪᠣᠯ ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ ᠤᠯᠤᠰ ᠲᠥᠷᠥ ᠶᠢᠨ ᠵᠦᠪᠯᠡᠯᠭᠡᠨ ᠤ ᠬᠠᠮᠲᠤᠷᠠᠨ ᠥᠷᠨᠢᠭᠦᠯᠦᠭᠰᠡᠨ ᠠᠩᠬ᠎ᠠ ᠤᠳᠠᠭᠠᠨ ᠤ ᠲᠤᠰᠬᠠᠢ ᠰᠡᠳᠦᠪᠲᠦ ᠵᠥᠪᠯᠡᠯᠭᠡ ᠪᠣᠯᠤᠨ᠎ᠠ᠃ 12 ᠠᠶᠢᠮᠠᠭ ᠬᠤᠲᠠ᠂ 103 ᠬᠤᠰᠢᠭᠤ ᠰᠢᠶᠠᠨ ᠲᠣᠭᠤᠷᠢᠭ ᠲᠤ ᠬᠤᠯᠪᠣᠭᠳᠠᠵᠤ᠂ ᠵᠣᠷᠢᠯᠭ᠎ᠠ ᠨᠢ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠲᠤᠰᠬᠠᠶ ᠰᠡᠳᠦᠪ ᠢᠶᠠᠷ ᠵᠥᠪᠳᠡᠯᠴᠡᠬᠦ ᠪᠠᠷ ᠳᠠᠮᠵᠢᠨ᠂ ᠳᠤᠲᠠᠭᠤᠳᠠᠯ ᠪᠠ ᠬᠦᠷᠦᠯᠴᠡᠬᠦ ᠦᠭᠡᠢ ᠲᠠᠯ᠎ᠠ ᠪᠠᠨ ᠡᠷᠢᠵᠦ᠂ ᠰᠠᠨᠠᠯ ᠰᠠᠨᠠᠭᠤᠯᠭ᠎ᠠ ᠳᠤᠷᠠᠳᠴᠤ᠂ ᠪᠥᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢ ᠠᠬᠢᠭᠤᠯᠵᠤ᠂ ᠪᠥᠬᠦ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠤᠯᠤᠨ᠎ᠠ᠃ ᠬᠤᠷᠠᠯ ᠳᠡᠭᠡᠷ᠎ᠡ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠵᠤ ᠠᠬᠤᠶ ᠪᠠ ᠲᠠᠷᠢᠶᠠᠯᠠᠩ ᠮᠠᠯ ᠠᠵᠤ ᠠᠬᠤᠶ ᠶᠢᠨ ᠵᠥᠪᠯᠡᠯ ᠤᠨ ᠬᠠᠷᠢᠭᠤᠴᠠᠯᠭᠠᠲᠠᠨ ᠮᠠᠨ ᠤ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠷᠠᠳᠴᠢᠯᠠᠭᠰᠠᠨ ᠬᠢᠨᠠᠯᠲᠠ ᠶᠢᠨ ᠲᠤᠰᠬᠠᠶ ᠰᠡᠳᠦᠪᠲᠦ ᠵᠥᠪᠳᠡᠯᠴᠡᠭᠡᠨ ᠤ ᠪᠠᠶᠢᠳᠠᠯ ᠢ ᠮᠡᠳᠡᠭᠳᠡᠪᠡ︔ ᠬᠡᠰᠡᠭ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠮᠥᠩᠭᠦᠨ ᠬᠦᠢᠯᠭᠡᠭᠡᠨ ᠤ ᠪᠠᠶᠢᠭᠤᠯᠤᠮᠵᠢ᠂ ᠠᠵᠤ ᠠᠬᠤᠶᠢᠯᠠᠯ ᠵᠢᠴᠢ ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠠᠨᠠᠯ ᠢᠶᠠᠨ ᠰᠣᠯᠢᠯᠴᠠᠬᠤ ᠦᠭᠡ ᠬᠡᠯᠡᠵᠡᠶ᠃      ᠸᠠᠩ ᠸᠧᠨ ᠵᠢᠶᠧ ᠴᠢᠬᠤᠯᠠᠴᠢᠯᠠᠭᠰᠠᠨ ᠨᠢ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠪᠣᠯ ᠨᠢᠭᠡ ᠭᠠᠵᠠᠷ ᠣᠷᠣᠨ ᠤ ᠤᠯᠤᠰ ᠲᠦᠷᠦ ᠶᠢᠨ ᠠᠮᠢ ᠠᠬᠤᠶ᠂ ᠨᠡᠶᠢᠭᠡᠮ ᠤᠨ ᠠᠮᠢ ᠠᠬᠤᠶ ᠶᠢᠨ ᠶᠡᠷᠦᠩᠬᠡᠶᠢᠯᠡᠭᠰᠡᠨ ᠲᠤᠰᠬᠠᠯ ᠮᠥᠨ᠂ ᠪᠠᠰᠠ ᠴᠤ ᠨᠢᠭᠡ ᠭᠠᠵᠠᠷ ᠣᠷᠣᠨ ᠤ ᠵᠥᠭᠡᠯᠡᠨ ᠪᠣᠳᠠᠲᠤ ᠬᠦᠴᠦᠨ ᠤ ᠴᠢᠬᠤᠯᠠ ᠢᠯᠡᠷᠡᠯ ᠮᠥᠨ᠃ ᠪᠦᠬᠦ ᠬᠤᠲᠠ ᠶᠢᠨ ᠡᠯ᠎ᠡ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠠᠯᠤᠰ ᠬᠡᠲᠦ ᠶᠢᠨ ᠬᠥᠭᠵᠢᠯᠲᠡ ᠶᠢ ᠪᠣᠳᠣᠯᠬᠢᠯᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠨᠢ ᠠᠵᠤ ᠠᠬᠤᠶ ᠶᠢᠨ ᠴᠢᠨᠠᠷ ᠰᠠᠶᠢᠲᠠᠶ ᠬᠦᠭᠵᠢᠯᠳᠡ ᠶᠢ ᠠᠬᠢᠭᠤᠯᠬᠤ ᠶᠢᠨ ᠴᠢᠬᠤᠯᠠ ᠴᠢᠨᠠᠷ ᠪᠤᠯᠬᠤ ᠶᠢ ᠬᠦᠢᠴᠡᠳ ᠲᠠᠨᠢᠵᠤ᠂ ᠪᠣᠭᠤᠮᠲᠠ ᠰᠢᠪᠲᠤᠯᠬᠤ ᠲᠠᠶᠢᠯᠠᠯᠳᠣᠭᠠᠨ ᠬᠢᠵᠦ᠂ ᠤᠳᠠᠭᠠᠨ ᠳᠠᠭᠠᠭᠠᠮᠠᠭᠠᠶ ᠳᠠᠶᠢᠨ ᠬᠢᠬᠦ ᠳᠦᠷᠢ ᠪᠠᠶᠢᠳᠠᠯ ᠢᠶᠠᠨ ᠪᠠᠷᠢᠮᠲᠠᠯᠠᠵᠤ᠂ ᠨᠠᠩ ᠶᠡᠭᠡ ᠬᠦᠴᠦᠯᠡᠴᠡ᠂ ᠨᠠᠩ ᠪᠣᠳᠠᠲᠠᠢ ᠠᠷᠭ᠎ᠠ ᠬᠡᠮᠵᠢᠶ᠎ᠡ ᠪᠠᠷ ᠮᠠᠨ ᠤ ᠬᠤᠲᠠ ᠶᠢᠨ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢᠶᠠᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠳᠡᠢ᠃ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ ᠡᠮᠬᠢᠯᠡᠵᠦ᠂ ᠵᠥᠪᠳᠡᠯᠴᠡᠭᠡᠨ ᠤ ᠮᠡᠳᠡᠭᠦᠯᠦᠯᠲᠡ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠡᠭᠡᠲᠤ ᠳᠣᠣᠷᠠᠳᠤ ᠱᠠᠲᠤᠨ ᠤ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠪᠦᠬᠦᠯᠢ ᠴᠣᠭᠴᠠ ᠶᠢᠨ ᠨᠡᠶᠢᠯᠡᠮᠡᠯ ᠬᠦᠴᠦᠨ ᠢ ᠪᠤᠢ ᠪᠣᠯᠭᠠᠵᠤ᠂ ᠢᠳᠡᠪᠭᠢᠳᠡᠢ ᠪᠥᠭᠡᠳ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠵᠥᠪᠳᠡᠯᠴᠡᠭᠰᠡᠨ ᠦᠷ᠎ᠡ ᠪᠦᠲᠦᠭᠡᠯ ᠢᠶᠠᠨ ᠤᠯᠠᠷᠢᠭᠤᠯᠬᠤ ᠪᠠ ᠬᠡᠷᠡᠭᠯᠡᠬᠦ ᠶᠢ ᠦᠨᠡᠨᠬᠦ ᠴᠢᠩᠭᠠᠳᠬᠠᠬᠤ ᠬᠡᠷᠡᠭᠲᠡᠢ᠃ ᠵᠥᠪᠳᠡᠯᠴᠡᠬᠦ ᠬᠡᠯᠪᠡᠷᠢ ᠪᠠᠨ ᠪᠠᠶᠠᠯᠢᠭᠵᠢᠭᠤᠯᠵᠤ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠵᠥᠪᠯᠡᠬᠦ ᠠᠷᠠᠳᠴᠢᠯᠠᠯ ᠤᠨ ᠴᠢᠬᠤᠯᠠ ᠠᠷᠭ᠎ᠠ ᠵᠠᠮ ᠪᠣᠯᠤᠨ ᠲᠤᠰᠬᠠᠢ ᠵᠥᠪᠯᠡᠬᠦ ᠪᠠᠶᠢᠭᠤᠯᠤᠮᠵᠢ ᠪᠣᠯᠬᠤ ᠴᠢᠬᠤᠯᠠ ᠦᠢᠯᠡᠳᠦᠯ ᠢ ᠬᠦᠢᠴᠡᠳ ᠪᠠᠳᠠᠷᠠᠭᠤᠯᠵᠤ᠂ ᠰᠠᠨᠠᠯ ᠵᠥᠪᠯᠡᠯᠭᠡ ᠲᠤᠷᠠᠳᠣᠨ ᠵᠠᠰᠠᠭ ᠲᠤ ᠲᠤᠰᠠᠯᠠᠵᠤ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ ᠲᠠᠯ᠎ᠠ ᠪᠠᠷ ᠬᠤᠤᠰ ᠴᠢᠭᠯᠡᠯ ᠢᠶᠠᠷ ᠬᠦᠴᠦᠯᠡᠵᠤ᠂ ᠮᠠᠨ ᠤ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠬᠦᠯᠬᠦ ᠬᠡᠷᠡᠭᠳᠡᠢ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map