ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠬᠠᠶᠢᠷᠤᠪ ᠤᠨ ᠲᠣᠬᠤᠢ ᠲᠣᠭᠤᠷᠢᠭ ᠲᠤ ᠭᠦᠨᠵᠡᠭᠡᠶᠢᠷᠡᠨ ᠢᠳᠡᠭᠡᠨ ᠤ ᠠᠮᠤᠷ ᠲᠦᠪᠰᠢᠨ ᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/8/31
 
         8 ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠬᠠᠶᠢᠷᠤᠪ ᠤᠨ ᠲᠣᠬᠤᠢ ᠲᠣᠭᠤᠷᠢᠭ ᠲᠤ ᠢᠳᠡᠭᠡᠨ ᠤ ᠠᠮᠤᠷ ᠲᠦᠪᠰᠢᠨ ᠤ ᠠᠵᠢᠯ ᠢ ᠪᠠᠶᠢᠴᠠᠭᠠᠨ ᠰᠤᠳᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠰᠣ᠋ ᠵᠥᠩ ᠱᠧᠩ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠬᠤ᠋ ᠱᠠᠨ ᠱᠦᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃       ᠶᠢᠨ ᠢᠦᠶ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠲᠤ᠂ ᠱᠢ ᠸᠠᠨ ᠵᠢᠶᠦ᠋ᠨ ᠦᠬᠠᠶ ᠬᠤᠲᠠ ᠶᠢᠨ ᠰᠣ᠋ ᠮᠢᠨ ᠢᠳᠡᠭᠡᠨ ᠤ ᠬᠢᠵᠠᠭᠠᠷᠲᠤ ᠺᠣᠮᠫᠠᠨᠢ᠂ ᠮᠦᠸᠧ ᠵᠦᠩ ᠴᠢᠤᠸᠠᠨ ᠤᠮᠳᠠᠭᠠᠨ ᠤ ᠬᠢᠵᠠᠭᠠᠷᠲᠤ ᠺᠣᠮᠫᠠᠨᠢ ᠵᠡᠷᠭᠡ ᠢᠳᠡᠭᠡᠨ ᠤ ᠠᠵᠤ ᠠᠬᠤᠶᠢᠯᠠᠯ ᠳᠤ ᠭᠦᠨᠵᠡᠭᠡᠶᠢᠷᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠪᠣᠯᠤᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠲᠡᠭᠦᠨᠴᠢᠯᠡᠨ ᠦᠢᠯᠡᠳᠪᠦᠷᠢᠯᠡᠯ ᠤᠨ ᠪᠣᠭᠤᠳᠠᠯᠯᠠᠬᠤ ᠳᠠᠰᠤᠭ ᠲᠤ ᠣᠷᠣᠵᠤ᠂ ᠴᠠᠭᠠᠨ ᠢᠳᠡᠭᠡᠨ᠂ ᠤᠤᠭᠤᠬᠤ ᠤᠰᠤ ᠦᠢᠯᠡᠳᠪᠦᠷᠢᠯᠡᠵᠦ ᠪᠣᠭᠤᠳᠠᠯᠯᠠᠬᠤ ᠤᠷᠠᠨ ᠳᠠᠷᠬ᠎ᠠ ᠶᠢᠨ ᠴᠤᠪᠤᠷᠠᠯ ᠢ ᠪᠠᠶᠢᠴᠠᠭᠠᠨ ᠦᠵᠡᠵᠦ᠂ ᠵᠠᠬ᠎ᠠ ᠳᠡᠯᠭᠡᠭᠦᠷ ᠤᠨ ᠦᠨ᠎ᠡ ᠬᠠᠩᠰᠢ ᠵᠡᠷᠭᠡ ᠪᠠᠶᠢᠳᠠᠯ ᠢ ᠯᠠᠪᠯᠠᠨ ᠠᠰᠠᠭᠤᠪᠠ᠃ ᠲᠡᠷᠡ ᠴᠢᠬᠤᠯᠠᠴᠢᠯᠠᠭᠰᠠᠨ ᠨᠢ᠂ ᠢᠳᠡᠭᠡᠨ ᠤ ᠠᠮᠤᠷ ᠲᠦᠪᠰᠢᠨ ᠨᠢ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠲᠤ ᠪᠠ ᠠᠮᠢ ᠨᠠᠰᠤᠨ ᠤ ᠠᠮᠤᠷ ᠲᠦᠪᠰᠢᠨ ᠳᠤ ᠬᠤᠯᠪᠣᠭᠳᠠᠵᠤ᠂ ᠡᠯ᠎ᠡ ᠱᠠᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠶᠡᠷᠦᠩᠬᠡᠶ ᠱᠦᠵᠢ ᠰᠢ ᠶᠢᠨ ᠫᠢᠩ ᠤᠨ ᠳᠤᠷᠠᠳᠤᠭᠰᠠᠨ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠢᠶᠠᠨ ᠦᠨᠡᠨᠬᠦ ᠪᠣᠳᠠᠲᠠᠶ ᠨᠠᠷᠢᠯᠢᠭ ᠠᠳᠬᠤᠵᠤ᠂ ᠢᠳᠡᠭᠡᠨ ᠤ ᠠᠮᠤᠷ ᠲᠦᠪᠰᠢᠨ ᠤ ᠬᠤᠷᠢᠭ᠎ᠠ ᠱᠣᠭᠤᠮ ᠢ ᠪᠠᠲᠤ ᠰᠠᠬᠢᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠪᠠ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠬᠦᠢᠴᠡᠳᠬᠡᠵᠦ᠂ ᠬᠢᠨᠠᠯᠲᠠ ᠬᠠᠮᠢᠶᠠᠷᠤᠯᠲᠠ ᠶᠢᠨ ᠳᠦᠷᠢᠮ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠢᠳᠡᠭᠡᠨ ᠤ ᠵᠦᠢᠯ ᠤᠨ ᠦᠢᠯᠡᠳᠪᠦᠷᠢᠯᠡᠯ ᠤᠨ ᠪᠣᠭᠤᠮᠲᠠ ᠶᠢ ᠰᠠᠶᠢᠲᠤᠷ ᠠᠳᠬᠤᠵᠤ᠂ ᠢᠳᠡᠭᠡᠨ ᠤ ᠠᠮᠤᠷ ᠲᠦᠪᠰᠢᠨ ᠤ ᠠᠵᠢᠯ ᠤᠨ ᠴᠢᠳᠠᠪᠤᠷᠢ ᠪᠠ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠳᠡᠢ ᠬᠡᠵᠡᠢ᠃      ᠳᠠᠷᠠᠭ᠎ᠠ ᠨᠢ᠂ ᠱᠢ ᠸᠠᠨ ᠵᠢᠶᠦ᠋ᠨ ᠮᠧᠩ ᠰᠢ ᠶᠢᠨ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠤᠨ ᠶᠠᠩ ᠭᠤᠸᠠᠩ ᠯᠢ ᠱᠧ ᠪᠠᠷᠢᠯᠭ᠎ᠠ ᠶᠢᠨ ᠭᠠᠵᠠᠷ ᠤᠨ ᠬᠤᠭᠤᠯᠠᠨ ᠬᠡᠷ ᠲᠤ ᠬᠦᠷᠴᠦ᠂ ᠢᠳᠡᠭᠡᠨ ᠡᠳ᠋ᠰᠢᠭᠦᠯᠦᠨ ᠦᠢᠯᠡᠳᠬᠦ ᠶᠠᠪᠤᠴᠠ᠂ ᠬᠤᠭᠤᠯᠠᠨ ᠤ ᠪᠠᠭᠠᠵᠢ ᠬᠡᠷᠡᠭᠰᠡᠯ ᠢ ᠠᠷᠢᠭᠤᠳᠬᠠᠬᠤ᠂ ᠢᠳᠡᠭᠡᠨ ᠤ ᠮᠠᠲ᠋ᠧᠷᠢᠶᠠᠯ ᠤᠨ ᠢᠷᠡᠯᠳᠡ᠂ ᠬᠤᠭᠤᠯᠠᠯᠠᠬᠤ ᠬᠥᠮᠦᠨ ᠤ ᠲᠤᠭ᠎ᠠ ᠵᠢᠴᠢ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ᠢᠳᠡᠭᠡᠨ ᠤ ᠠᠮᠤᠷ ᠲᠦᠪᠰᠢᠨ ᠪᠣᠯ ᠲᠩᠷᠢ ᠲᠤᠯᠤᠮ᠎ᠠ ᠶᠡᠭᠡ ᠶᠠᠪᠤᠳᠠᠯ ᠮᠥᠨ᠂ ᠣᠳᠣᠬᠠᠨ ᠳᠤ ᠶᠠᠭ ᠥᠨᠳᠥᠷ ᠳᠤᠯᠠᠭᠠᠨ ᠤ ᠤᠯᠠᠷᠢᠯ ᠳᠤ ᠣᠷᠣᠰᠢᠵᠤ ᠪᠠᠶᠢᠭ᠎ᠠ ᠪᠣᠯᠬᠤᠷ ᠢᠳᠡᠭᠡᠨ ᠤ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠶ᠃ ᠠᠵᠤ ᠠᠬᠤᠶᠢᠯᠠᠯ ᠢᠳᠡᠭᠡᠨ ᠤ ᠠᠮᠤᠷ ᠲᠦᠪᠰᠢᠨ ᠤ ᠠᠵᠢᠯ ᠢ ᠦᠨᠡᠨᠬᠦ ᠴᠢᠩᠭᠠᠳᠬᠠᠵᠤ᠂ ᠬᠤᠯᠪᠤᠭᠳᠠᠯ ᠪᠦᠬᠦᠢ ᠠᠵᠢᠯ ᠤᠨ ᠳᠦᠷᠢᠮ ᠢ ᠴᠢᠩᠭ᠎ᠠ ᠬᠡᠷᠡᠭᠵᠢᠭᠦᠯᠵᠦ᠂ ᠬᠤᠭᠤᠯᠠᠨ ᠭᠡᠷ ᠤᠨ ᠬᠤᠭᠤᠯᠠ ᠪᠤᠳᠠᠭᠠᠨ ᠤ ᠠᠷᠢᠭᠤᠨ ᠴᠡᠪᠡᠷ᠂ ᠣᠷᠴᠢᠨ ᠲᠣᠭᠤᠷᠢᠨ ᠴᠡᠪᠡᠷ ᠲᠡᠭᠰᠢ ᠪᠠᠶᠢᠬᠤ ᠶᠢ ᠪᠠᠲᠤᠯᠠᠵᠤ᠂ ᠬᠤᠭᠤᠯᠠ ᠢᠳᠡᠵᠦ ᠪᠠᠶᠢᠭ᠎ᠠ ᠬᠥᠮᠦᠰ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠦᠬᠦ ᠬᠦᠴᠦ ᠪᠠᠷ ᠢᠶᠠᠨ ᠪᠠᠲᠤᠯᠠᠬᠤ ᠬᠡᠷᠡᠭᠳᠡᠢ᠃ ᠬᠤᠯᠪᠣᠭᠳᠠᠯ ᠪᠦᠬᠦᠢ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠡᠳᠦᠷ ᠳᠤᠳᠤᠮ ᠤᠨ ᠬᠢᠨᠠᠯᠲᠠ ᠪᠠᠶᠢᠴᠠᠭᠠᠯᠲᠠ ᠶᠢᠨ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠪᠦᠬᠦ ᠬᠤᠳᠠ ᠶᠢᠨ ᠢᠳᠡᠭᠡᠨ ᠤ ᠠᠮᠤᠷ ᠲᠦᠪᠰᠢᠨ ᠤ ᠪᠠᠲᠤᠯᠠᠪᠤᠷᠢ ᠶᠢᠨ ᠲᠦᠪᠰᠢᠨ ᠢᠶᠠᠨ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map