ᠬᠠᠶᠢᠷᠤᠪ ᠤᠨ ᠲᠣᠬᠤᠢ ᠲᠣᠭᠤᠷᠢᠭ 204 ᠢᠵᠢ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠨ ᠪᠤᠴᠠᠭᠠᠵᠤ ᠨᠡᠭᠦᠯᠭᠡᠬᠦ ᠣᠷᠣᠨ ᠰᠠᠭᠤᠴᠠ ᠶᠢᠨ ᠠᠰᠠᠷ ᠢ ᠲᠤᠰᠢᠶᠠᠨ ᠥᠭᠴᠦ ᠠᠰᠢᠭᠯᠠᠯᠳᠠ  ᠳᠤ ᠣᠷᠣᠭᠤᠯᠪᠠ
ᠨᠡᠶᠢᠲᠡᠯᠡᠭᠰᠡᠨ ᠴᠠᠭ᠄
2020/9/1
      8 ᠰᠠᠷ᠎ᠠ ᠶᠢᠨ 28 ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠦᠷᠦᠯ ᠵᠦᠢᠯ — ᠣᠨᠴᠠᠭᠠᠢ ᠲᠦᠬᠦᠭᠡᠷᠦᠮᠵᠢ ᠶᠢ ᠰᠢᠯᠭᠠᠨ ᠪᠠᠶᠢᠴᠠᠭᠠᠬᠤ ᠭᠠᠵᠠᠷ ᠤᠨ ᠲᠦᠷᠦᠯ ᠵᠦᠢᠯ ᠤᠨ ᠴᠢᠩ ᠴᠢᠤᠸᠠᠨ ᠯᠢ ᠵᠢᠩ ᠶᠤᠸᠠᠨ ᠵᠢᠵᠢᠭ ᠲᠤᠭᠤᠷᠢᠭ ᠤᠨ ᠣᠷᠣᠨ ᠰᠠᠭᠤᠴᠠ ᠶᠢᠨ ᠠᠰᠠᠷ ᠢ ᠲᠤᠰᠢᠶᠠᠬᠤ ᠶᠣᠰᠣᠯᠠᠯ ᠶᠠᠪᠤᠭᠳᠠᠪᠠ᠃      ᠣᠶᠢᠯᠠᠭᠠᠭᠰᠠᠨ ᠢᠶᠠᠷ᠂ ᠣᠨᠴᠠᠭᠠᠢ ᠲᠦᠬᠦᠭᠡᠷᠦᠮᠵᠢ ᠶᠢ ᠰᠢᠯᠭᠠᠨ ᠪᠠᠶᠢᠴᠠᠭᠠᠬᠤ ᠭᠠᠵᠠᠷ ᠤᠨ ᠲᠦᠷᠦᠯ ᠵᠦᠢᠯ ᠪᠣᠯ ᠬᠠᠶᠢᠷᠤᠪ ᠤᠨ ᠲᠣᠬᠤᠢ ᠲᠣᠭᠤᠷᠢᠭ ᠤᠨ ᠬᠤᠶᠠᠳᠤᠭᠠᠷ ᠪᠦᠯᠦᠭ ᠪᠤᠴᠠᠭᠠᠨ ᠨᠡᠭᠦᠯᠭᠡᠵᠦ ᠲᠥᠪᠬᠢᠨᠡᠭᠦᠯᠬᠦ ᠣᠷᠣᠨ ᠰᠠᠭᠤᠴᠠ ᠪᠣᠯᠤᠨ᠎ᠠ᠂ ᠡᠨᠡ ᠵᠢᠯ ᠵᠢᠩᠬᠢᠨᠢ ᠪᠠᠷ 204 ᠢᠵᠢ ᠣᠷᠣᠨ ᠰᠠᠭᠤᠴᠠ ᠶᠢᠨ ᠠᠰᠠᠷ ᠢ ᠲᠤᠰᠢᠶᠠᠨ ᠥᠭᠴᠦ ᠠᠰᠢᠭᠯᠠᠯᠳᠠ ᠳᠤ ᠣᠷᠣᠭᠤᠯᠪᠠ᠃ ᠳᠥᠭᠦᠮ ᠪᠦᠲᠦᠴᠡᠲᠤ ᠣᠷᠣᠨ ᠰᠠᠭᠤᠴᠠ ᠶᠢᠨ ᠰᠠᠭᠤᠭᠠᠯᠢ ᠠᠷᠠᠳ ᠥᠩᠭᠡᠷᠡᠭᠰᠡᠨ ᠳᠤ ᠳᠤᠯᠠᠭᠠᠯᠠᠭ᠎ᠠ ᠬᠠᠩᠭᠠᠬᠤ᠂ ᠬᠡᠢ ᠬᠠᠩᠭᠠᠬᠤ ᠪᠠ ᠪᠣᠬᠢᠷᠲᠤᠯ ᠭᠠᠳᠠᠭᠰᠢᠯᠠᠭᠤᠯᠬᠤ ᠲᠥᠬᠦᠭᠡᠷᠦᠮᠵᠢ ᠦᠭᠡᠶ ᠪᠠᠶᠢᠭᠰᠠᠨ ᠪᠤᠵᠠᠷ ᠡᠮᠬᠢ ᠵᠠᠮᠪᠠᠷᠠᠭ᠎ᠠ ᠦᠭᠡᠢ ᠪᠠᠶᠢᠰᠢᠩᠲᠤ ᠲᠣᠭᠤᠷᠢᠭ ᠠᠴᠠ ᠤᠳᠠᠯ ᠦᠭᠡᠶ ᠥᠷᠭᠡᠨ ᠠᠭᠤᠳᠠᠮ ᠂ ᠰᠠᠭᠤᠷᠢ ᠲᠥᠬᠦᠭᠡᠷᠦᠮᠵᠢ ᠪᠦᠷᠢᠨ ᠠᠰᠠᠷ ᠤᠨ ᠲᠣᠭᠤᠷᠢᠭ ᠲᠤ ᠨᠡᠭᠦᠨ ᠣᠷᠣᠵᠤ᠂ ᠠᠮᠢᠳᠤᠷᠠᠯ ᠤᠨ ᠣᠷᠴᠢᠨ ᠲᠣᠭᠤᠷᠢᠨ ᠪᠠ ᠶᠠᠰᠤ ᠴᠢᠨᠠᠷ ᠶᠡᠬᠡᠪᠡᠷ ᠰᠠᠶᠢᠵᠢᠷᠠᠬᠤ ᠪᠤᠯᠤᠨ᠎ᠠ᠃      ︽ᠥᠨᠥᠳᠦᠷ ᠪᠢᠳᠡ ᠰᠠᠭᠤᠭᠠᠯᠢ ᠲᠣᠭᠤᠷᠢᠭ ᠤᠨ 1᠂ 2 ᠳ᠋ᠤᠭᠠᠷ ᠨᠤᠮᠧᠷᠲᠤ ᠠᠰᠠᠷ ᠢ ᠲᠤᠰᠢᠶᠠᠨ ᠥᠭᠴᠦ᠂ ᠨᠡᠶᠢᠲᠡ 204 ᠢᠵᠢ ᠪᠤᠯᠤᠨ᠎ᠠ᠃ ᠲᠥᠷᠥᠯ ᠵᠦᠢᠯ ᠢ 2018 ᠣᠨ ᠠᠴᠠ ᠡᠬᠢᠯᠡᠨ ᠪᠠᠶᠢᠭᠤᠯᠵᠤ᠂ ᠡᠨᠡ ᠵᠢᠯ ᠬᠢᠵᠢᠭ ᠤᠨ ᠪᠠᠶᠢᠳᠠᠯ ᠠᠴᠠ ᠪᠣᠯᠵᠤ᠂ ᠪᠠᠷᠢᠯᠭ᠎ᠠ ᠶᠢᠨ ᠬᠤᠭᠤᠴᠠᠭ᠎ᠠ ᠨᠦᠯᠦᠭᠡᠯᠡᠭᠳᠡᠭᠰᠡᠨ ᠪᠤᠯᠪᠠᠴᠣ ᠣᠯᠠᠨ ᠤ ᠴᠢᠷᠮᠠᠶᠢᠯᠭ᠎ᠠ ᠪᠠᠷ ᠬᠤᠶᠠᠷ ᠰᠠᠭᠤᠷᠢ ᠠᠰᠠᠷ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠬᠦᠯᠵᠡᠢ᠂ ᠳᠠᠷᠠᠭ᠎ᠠ ᠪᠠᠷ ᠪᠢᠳᠡ ᠪᠠᠰᠠ ᠪᠦᠲᠦᠭᠡᠨ ᠪᠠᠶᠢᠭᠤᠯᠤᠯᠳᠠ ᠪᠠᠨ ᠲᠦᠷᠭᠡᠳᠭᠡᠨ᠂ ᠠᠷᠠᠳ ᠲᠦᠮᠡᠨ ᠳᠤ ᠠᠯᠢ ᠲᠦᠷᠭᠡᠨ ᠢᠶᠠᠷ ᠬᠠᠨᠤᠮᠵᠢᠲᠠᠶ ᠬᠠᠷᠢᠭᠤᠯᠲᠠ ᠥᠭᠬᠦ ᠪᠠᠷ ᠴᠢᠷᠮᠠᠶᠢᠵᠦ ᠪᠠᠶᠢᠨ᠎ᠠ︾ ᠭᠡᠵᠦ ᠵᠥᠩ ᠶᠢᠨ ᠪᠥᠲᠥᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠲᠥᠷᠥᠯ ᠵᠦᠢᠯ ᠤᠨ ᠳᠠᠭᠠᠭᠠᠮᠠᠯ ᠰᠥᠩ ᠭᠦᠸᠧ ᠴᠢᠶᠠᠩ ᠬᠡᠯᠡᠪᠡ᠃      ᠣᠷᠣᠨ ᠰᠠᠭᠤᠴᠠ ᠶᠢᠨ ᠠᠰᠠᠷ ᠲᠤᠰᠢᠶᠠᠬᠤ ᠶᠣᠰᠣᠯᠠᠯ ᠳᠡᠭᠡᠷ᠎ᠡ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ᠂ ᠪᠥᠲᠥᠭᠡᠨ ᠪᠠᠶᠢᠭᠤᠯᠤᠭᠰᠠᠨ ᠨᠢᠭᠡᠴᠡ ᠠᠴᠠ ᠰᠢᠨ᠎ᠡ ᠣᠷᠣᠨ ᠰᠠᠭᠤᠴᠠ ᠳᠤ ᠨᠡᠬᠦᠨ ᠤᠷᠣᠬᠤ ᠭᠡᠵᠦ ᠪᠠᠶᠢᠭ᠎ᠠ ᠡᠷᠦᠬᠡ ᠳᠤ ᠬᠠᠯᠠᠭᠤᠨ ᠪᠠᠶᠠᠷ ᠬᠦᠷᠭᠡᠬᠦ ᠶᠢᠨ ᠬᠠᠮᠲᠤ ᠪᠤᠴᠠᠵᠤ ᠨᠡᠬᠦᠬᠦ ᠰᠠᠭᠤᠭᠠᠯᠢ ᠠᠷᠠᠳ ᠤᠨ ᠲᠥᠯᠥᠭᠡᠯᠡᠭᠴᠢᠳ ᠲᠤ ᠰᠢᠨ᠎ᠡ ᠬᠡᠷ ᠤᠨ ᠲᠦᠯᠬᠢᠭᠦᠷ ᠲᠤᠰᠢᠶᠠᠵᠠᠶ᠃ ︽ᠥᠨᠥᠳᠦᠷ ᠣᠷᠣᠨ ᠰᠠᠭᠤᠴᠠ ᠶᠢᠨ ᠠᠰᠠᠷ ᠢ ᠲᠤᠰᠢᠶᠠᠵᠠᠢ᠂ ᠲᠤᠩ ᠪᠠᠶᠠᠷᠲᠠᠢ ᠰᠠᠨᠠᠭᠳᠠᠵᠤ ᠪᠠᠶᠢᠨ᠎ᠠ᠂ ᠤᠤᠯ ᠤᠨ ᠰᠠᠭᠤᠵᠤ ᠪᠠᠶᠢᠭᠰᠠᠨ ᠭᠡᠷ ᠤᠨ ᠣᠷᠴᠢᠨ ᠲᠣᠭᠤᠷᠢᠨ ᠪᠠᠷᠤᠭᠲᠠᠶ ᠪᠣᠯᠬᠤᠷ ᠭᠡᠷ ᠤᠰᠤ ᠭᠤᠭᠤᠵᠢᠵᠤ ᠴᠠᠬᠢᠯᠭᠠᠨ ᠲᠠᠰᠤᠷᠠᠳᠠᠭ᠃ ᠤᠳᠤ ᠰᠢᠨ᠎ᠡ ᠠᠰᠠᠷ ᠲᠤ ᠴᠠᠬᠢᠯᠭᠠᠨ ᠱᠠᠲᠤ ᠲᠠᠢ᠂ ᠠᠰᠠᠷ ᠳᠡᠭᠡᠷ᠎ᠡ ᠭᠠᠷᠬᠤ ᠳᠤ ᠳᠥᠭᠦᠮ ᠲᠦᠳᠡ ᠪᠤᠯᠵᠠᠢ᠂ ᠵᠡᠷᠭᠡᠯᠡᠳᠡᠭᠡ ᠠᠶᠢᠯ ᠨᠢ ᠪᠠᠰᠠ ᠤᠤᠯ ᠤᠨ ᠬᠠᠭᠤᠴᠢᠨ ᠵᠡᠷᠭᠡᠯᠡᠳᠡᠭᠡ ᠠᠶᠢᠯ ᠪᠤᠯᠬᠤᠷ ᠬᠠᠮᠲᠤ ᠰᠠᠭᠤᠬᠤ ᠨᠢ ᠲᠤᠩ ᠪᠠᠶᠠᠷᠲᠠᠢ ᠪᠠᠶᠢᠨ᠎ᠠ︾ ᠭᠡᠵᠦ ᠥᠮᠴᠢᠲᠡᠨ ᠭᠦᠸᠧ ᠢᠦᠢ ᠯᠢᠶᠠᠩ ᠬᠡᠯᠡᠪᠡ᠃      ᠤᠶᠢᠷ᠎ᠠ ᠶᠢᠨ ᠵᠢᠯ ᠳᠤ᠂ ᠬᠠᠶᠢᠷᠤᠪ ᠤᠨ ᠲᠣᠬᠤᠢ ᠲᠣᠭᠤᠷᠢᠭ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠬᠦ ᠲᠦᠷᠦᠯ ᠵᠦᠢᠯ ᠢ ᠪᠦᠬᠦ ᠬᠦᠴᠦᠨ ᠢᠶᠠᠷ ᠢᠶᠠᠨ ᠬᠡᠷᠡᠭᠵᠢᠭᠦᠯᠵᠦ᠂ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠦᠨ᠂ ᠥᠨᠳᠥᠷ ᠭᠠᠷᠤᠭ᠎ᠠ ᠪᠠᠷ ᠪᠦᠲᠦᠭᠡᠨ ᠪᠠᠶᠢᠭᠤᠯᠵᠤ᠂ 6311 ᠢᠵᠢ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠨ ᠪᠤᠴᠠᠭᠠᠵᠤ ᠨᠡᠭᠦᠯᠭᠡᠬᠦ ᠣᠷᠣᠨ ᠰᠠᠭᠤᠴᠠ ᠶᠢᠨ ᠠᠰᠠᠷ ᠢ ᠡᠨᠡ ᠵᠢᠯ ᠴᠥᠮ ᠣᠷᠣᠵᠤ ᠰᠠᠭᠤᠬᠤ ᠨᠥᠬᠦᠴᠡᠯ ᠳᠤ ᠬᠦᠷᠭᠡᠬᠦ ᠪᠣᠯᠤᠨ᠎ᠠ᠃      ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠬᠦ ᠪᠣᠯ ᠲᠦᠭ ᠲᠦᠮᠡᠨ ᠠᠶᠢᠯ ᠡᠷᠦᠬᠡ ᠳᠤ ᠬᠤᠯᠪᠤᠭᠳᠠᠭᠰᠠᠨ ᠬᠢᠮᠳᠠ ᠣᠷᠣᠨ ᠰᠠᠭᠤᠴᠠ ᠶᠢᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠤᠨ᠎ᠠ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠲᠦᠪᠬᠢᠨᠡᠬᠦᠯᠬᠦ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠳᠤᠮᠳᠠᠬᠢ ᠬᠦᠴᠢᠷ ᠠᠰᠠᠭᠤᠳᠠᠯ ᠢ ᠰᠢᠢᠳᠪᠦᠷᠢᠯᠡᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠪᠣᠭᠤᠮᠲᠠ ᠰᠢᠪᠲᠤᠯᠬᠤ ᠪᠠᠷ ᠬᠦᠴᠦᠯᠡᠨ ᠴᠢᠷᠮᠠᠶᠢᠵᠦ᠂ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ ᠶᠠᠪᠤᠳᠠᠯ ᠢ ᠪᠣᠳᠠᠲᠠᠶ ᠬᠢᠵᠦ ᠰᠠᠶᠢᠲᠤᠷ ᠬᠢᠬᠦ ᠪᠠᠷ ᠴᠢᠷᠮᠠᠶᠢᠬᠤ ᠬᠡᠷᠡᠭᠲᠡᠶ᠃    
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map