9 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ | ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠤᠶᠢᠷ᠎ᠠ ᠶᠢᠨ ᠬᠤᠭᠤᠴᠠᠭᠠᠨ ᠳᠤ ᠶᠡᠷᠦᠩᠬᠡᠶ ᠱᠦᠵᠢ ᠰᠢ ᠶᠢᠨ ᠫᠢᠩ ᠤᠨ | ᠴᠢᠬᠤᠯᠠ ᠶᠠᠷᠢᠶ᠎ᠠ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠪᠦᠬᠦ ᠬᠤᠲᠠ ᠶᠢᠨ | ᠬᠠᠮᠢᠶ᠎ᠠ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ | ᠲᠤᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠬᠤᠷᠠᠯ | ᠡᠷᠭᠢᠯᠡᠪᠡ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ᠂ ᠬᠤᠨᠠᠨ ᠳᠤ ᠰᠢᠨᠵᠢᠯᠡᠨ | ᠪᠠᠶᠢᠴᠠᠭᠠᠬᠤ᠂ ᠦᠨᠳᠦᠰᠦᠨ ᠱᠠᠲᠤᠨ ᠤ ᠲᠥᠯᠥᠭᠡᠯᠡᠭᠴᠢᠳ ᠤᠨ ᠶᠠᠷᠢᠯᠴᠠᠬᠤ ᠬᠤᠷᠠᠯ᠂ ᠰᠢᠨᠵᠢᠯᠡᠬᠦ ᠤᠬᠠᠭᠠᠨᠲᠠᠳ ᠤᠨ | ᠶᠠᠷᠢᠯᠴᠠᠬᠤ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ | ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠨᠠᠢᠮᠠᠳᠤᠭᠠᠷ ᠬᠤᠷᠠᠯᠳᠤᠭᠠᠨ ᠤ ᠵᠣᠷᠢᠭ ᠰᠠᠨᠠᠭ᠎ᠠ᠂ | ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠨᠢᠭᠡᠳᠦᠮᠡᠯ ᠹᠷᠣᠨᠲ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠪᠦᠬᠦ ᠤᠯᠤᠰ ᠤᠨ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ | ᠶᠡᠷᠦᠩᠬᠡᠢ ᠱᠦᠵᠢ ᠰᠢ ᠶᠢᠨ ᠫᠢᠩ ᠤᠨ ︽ᠬᠦᠴᠦᠷᠬᠡᠭ ᠶᠡᠭᠡ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠰᠢᠰᠲ᠋ᠧᠮ ᠢ ᠪᠠᠶᠢᠭᠤᠯᠵᠤ ᠠᠷᠠᠳ ᠲᠦᠮᠡᠨ ᠤ ᠡᠷᠡᠭᠦᠯ ᠮᠡᠨᠳᠦ ᠶᠢ ᠬᠠᠮᠠᠭᠠᠯᠠᠬᠤ ᠳᠤ ᠬᠦᠴᠦᠲᠡᠢ ᠪᠠᠲᠤᠯᠠᠭ᠎ᠠ ᠬᠠᠩᠭᠠᠨ᠎ᠠ | ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠣᠷᠤᠯᠴᠠᠭᠰᠠᠨ ᠪᠠᠶᠢᠨ᠎ᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠶ ᠰᠤᠷᠤᠯᠴᠠᠨ ᠤᠶᠢᠯᠠᠭᠠᠵᠤ᠂ ᠬᠥᠭᠵᠢᠯᠲᠡ ᠶᠢᠨ ᠶᠡᠭᠡ ᠬᠠᠨᠳᠤᠰᠢ ᠶᠢ ᠡᠵᠡᠮᠳᠡᠵᠦ᠂ | ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠪᠦᠬᠦ ᠲᠠᠯ᠎ᠠ ᠶᠢᠨ ᠰᠡᠳᠬᠢᠬᠦᠢ ᠶᠢ ᠪᠠᠲᠤ ᠪᠤᠢ ᠪᠣᠯᠭᠠᠵᠤ᠂ | ᠤᠬᠠᠮᠰᠠᠷ ᠠᠴᠠ ᠪᠠᠨ ᠠᠵᠢᠯ ᠢᠶᠠᠨ ᠪᠦᠬᠦ ᠲᠠᠯ᠎ᠠ ᠳᠤ ᠲᠠᠯᠪᠢᠵᠤ ᠪᠣᠳᠣᠯᠬᠢᠯᠠᠬᠤ᠂ ᠪᠠᠶᠢᠷᠢ ᠲᠣᠭᠲᠠᠭᠠᠬᠤ ᠪᠠ | ᠪᠠᠶᠢᠷᠢᠯᠠᠭᠤᠯᠬᠤ ᠬᠡᠷᠡᠭᠲᠡᠢ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠭᠤᠶᠢᠪᠢᠰᠢ ᠦᠭᠡᠢ | ᠲᠤᠤᠱᠯᠠᠭᠤᠯᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ | ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠲᠥᠷᠥᠯ | ᠵᠦᠢᠯ ᠤᠨ ᠪᠠᠯᠠ ᠣᠷᠣᠭᠤᠯᠤᠯᠲᠠ ᠶᠢᠨ ᠠᠬᠢᠴᠠ ᠶᠢ ᠦᠨᠡᠨᠬᠦ ᠲᠦᠷᠭᠡᠳᠬᠡᠵᠦ᠂ ᠠᠵᠤ ᠠᠬᠤᠶ ᠶᠢᠨ ᠦᠨᠳᠦᠰᠦᠨ | ᠪᠠᠶᠢᠳᠠᠯ ᠢ ᠡᠷᠡᠰ ᠳᠣᠭᠲᠠᠪᠤᠷᠢᠵᠢᠭᠤᠯᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ | ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠤᠯᠠᠨ ᠲᠥᠮᠡᠨ ᠤ ᠳᠡᠷᠭᠡᠳᠡᠬᠢ ᠤᠴᠢᠷ ᠶᠠᠪᠤᠳᠠᠯ ᠢ ᠴᠢᠷᠮᠠᠶᠢᠨ | ᠰᠠᠶᠢᠲᠤᠷ ᠬᠢᠬᠦ ᠬᠡᠷᠡᠭᠲᠡᠢ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠯᠲᠠ ᠶᠢ | ᠨᠢᠭᠡᠳᠦᠯᠲᠡᠶ ᠲᠥᠯᠦᠪᠯᠡᠨ ᠰᠠᠶᠢᠲᠤᠷ ᠠᠳᠬᠤᠬᠤ ᠪᠠ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠵᠤ᠂ ᠤᠯᠤᠰ | ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ ᠲᠤᠰᠬᠠᠶ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠲᠤᠰᠬᠠᠢ ᠲᠣᠭᠤᠷᠢᠨ ᠪᠠᠶᠢᠴᠠᠭᠠᠬᠤ ᠠᠵᠢᠯ ᠳᠤ ᠨᠠᠷᠢᠨ ᠬᠢᠨᠠᠮᠠᠭᠠᠢ ᠬᠠᠮᠵᠢᠯᠴᠠᠵᠤ᠂ | ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠭᠰᠠᠨ ᠪᠣᠳᠠᠲᠤ ᠦᠷ᠎ᠡ ᠪᠦᠲᠦᠮᠵᠢ ᠪᠠᠷ ᠰᠠᠶᠢᠨ ᠰᠠᠶᠢᠬᠠᠨ ᠤᠯᠤᠰ | ᠲᠥᠷᠦ ᠶᠢᠨ ᠠᠮᠢ ᠠᠬᠤᠶ ᠪᠠ ᠨᠡᠶᠢᠭᠡᠮ ᠤᠨ ᠠᠮᠢ ᠠᠬᠤᠶ ᠶᠢ ᠪᠦᠷᠢᠯᠳᠦᠭᠦᠯᠬᠦ ᠶᠢ ᠠᠬᠢᠭᠤᠯᠵᠤ᠂ ᠠᠵᠤ ᠠᠬᠤᠶ | ᠨᠡᠶᠢᠭᠡᠮ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠳᠤ ᠪᠠᠲᠤ ᠪᠠᠬᠢ ᠪᠠᠲᠤᠯᠠᠭ᠎ᠠ ᠬᠠᠩᠭᠠᠬᠤ ᠬᠡᠷᠡᠭᠲᠡᠶ ᠭᠡᠵᠡᠢ | ᠃ | ᠬᠤᠷᠠᠯ ᠠᠴᠠ ᠪᠥᠬᠦ ᠬᠤᠲᠠ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠥᠲᠥᠭᠡᠨ | ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ ᠴᠢᠬᠤᠯᠠᠴᠢᠯᠠᠭᠰᠠᠨ ᠨᠢ᠂ | ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠪᠣᠯ ᠶᠣᠰᠣ ᠰᠤᠷᠲᠠᠬᠤᠨ ᠢᠶᠠᠷ ᠬᠥᠮᠦᠨ ᠢ ᠬᠦᠮᠦᠵᠢᠭᠦᠯᠬᠦ | ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠬᠢᠴᠢᠶᠡᠯ ᠪᠣᠯᠤᠨ᠎ᠠ᠃ ᠦᠵᠡᠯ ᠰᠠᠨᠠᠭ᠎ᠠ ᠤᠯᠤᠰ | ᠲᠥᠷᠥ ᠣᠨᠣᠯ ᠤᠨ ᠬᠢᠴᠢᠶᠡᠯ ᠤᠨ ᠪᠠᠶᠢᠭᠤᠯᠤᠯᠲᠠ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠦᠵᠡᠯ | ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ | ᠴᠢᠩᠭᠠᠳᠬᠠᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢᠨ | ᠬᠥᠮᠦᠵᠢᠯ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ | ᠬᠥᠮᠦᠵᠢᠯ ᠢ ᠴᠢᠩᠭᠠᠳᠬᠠᠵᠤ᠂ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠪᠠ ︽ᠭᠤᠷᠪᠠᠨ ᠰᠠᠯᠵᠤ ᠪᠣᠯᠤᠰᠢ | ᠥᠬᠡᠶ︾ ︽ᠲᠠᠪᠤᠨ ᠬᠠᠮᠲᠤ ᠶᠢᠨ ᠲᠠᠨᠢᠯᠲᠠ︾ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠬᠡᠷᠡᠭᠲᠡᠢ ᠭᠡᠵᠡᠢ᠃ | | ᠬᠤᠷᠠᠯ ᠠᠴᠠ ᠡᠨᠡ ᠵᠢᠯ ᠤᠨ ᠪᠦᠬᠦ ᠬᠤᠲᠠ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ | ᠪᠣᠯᠤᠨ ᠢᠯᠵᠠᠷᠠᠯ ᠢ ᠡᠰᠡᠷᠭᠦᠴᠡᠬᠦ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ | ᠱᠠᠭᠠᠷᠳᠠᠭᠰᠠᠨ ᠨᠢ᠂ ᠪᠦᠬᠦ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠤᠯᠤᠰ | ᠲᠥᠷᠥ ᠶᠢᠨ ᠬᠢᠨᠠᠯᠲᠠ ᠲᠠᠯᠪᠢᠬᠤ ᠪᠠᠨ ᠴᠢᠩᠭᠠᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ | ᠬᠠᠷᠠᠯᠲᠠ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠡᠷᠢᠵᠦ᠂ ᠬᠢᠨᠠᠯᠲᠠ ᠲᠠᠯᠪᠢᠬᠤ ᠴᠢᠨᠠᠷ ᠴᠢᠨᠰᠠᠭ᠎ᠠ ᠪᠠ ᠦᠷ᠎ᠡ | ᠪᠦᠲᠦᠮᠵᠢ ᠪᠠᠨ ᠳᠡᠭᠡᠭᠰᠢᠯᠡᠭᠦᠯᠵᠦ᠂ ᠦᠷᠭᠦᠯᠵᠢᠯᠡᠨ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ᠂ | ᠬᠠᠤᠯᠢ ᠴᠠᠭᠠᠵᠠ ᠰᠠᠬᠢᠯᠭ᠎ᠠ ᠪᠠᠲᠤ ᠲᠦᠷᠢᠮ ᠲᠣᠭᠲᠠᠭᠠᠯ ᠶᠣᠰᠣᠭᠠᠷ ᠠᠵᠢᠯ ᠢᠶᠠᠨ ᠥᠷᠨᠢᠭᠦᠯᠬᠦ ᠶᠢ ᠪᠠᠷᠢᠮᠲᠠᠯᠠᠵᠤ᠂ | ᠢᠯᠵᠠᠷᠠᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠵᠠᠯᠬᠠᠭᠠᠨ ᠰᠢᠳᠭᠡᠬᠦ ᠬᠡᠷᠡᠭᠲᠡᠢ᠃ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠭᠳᠠᠨ ᠪᠠᠶᠢᠴᠠᠭᠠᠬᠤ ᠬᠤᠷᠴᠠ | ᠰᠡᠯᠡᠮ᠎ᠡ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠲᠤᠰ ᠬᠤᠭᠤᠴᠠᠭᠠᠨ ᠤ ᠨᠠᠮ ᠤᠨ ᠬᠤᠷᠢᠶᠠᠨ ᠤ | ᠲᠤᠰᠢᠶᠠᠯ ᠤᠨ ᠬᠤᠭᠤᠴᠠᠭᠠᠨ ᠳᠤ ᠴᠠᠭᠳᠠᠨ ᠪᠠᠶᠢᠴᠠᠭᠠᠬᠤ ᠶᠢ ᠪᠥᠬᠦ ᠲᠠᠯ᠎ᠠ ᠪᠠᠷ ᠪᠦᠷᠬᠦᠭᠦᠯᠬᠦ ᠶᠢ ᠠᠬᠢᠭᠤᠯᠬᠤ | ᠬᠡᠷᠡᠭᠲᠡᠢ ᠭᠡᠵᠡᠢ᠃ | ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ | ᠺᠣᠮᠢᠰ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠲᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ | ᠤᠯᠤᠰ ᠲᠥᠷᠥ ᠶᠢᠨ ᠪᠠᠶᠢᠭᠤᠯᠤᠯᠲᠠ ᠶᠢᠨ ᠲᠠᠯ᠎ᠠ ᠪᠠᠷ ᠬᠦᠴᠦ ᠪᠠᠨ ᠲᠥᠪᠯᠡᠷᠡᠭᠦᠯᠵᠦ᠂ ᠪᠠᠶᠢᠭᠤᠯᠤᠯᠭ᠎ᠠ ᠶᠢᠨ ᠨᠠᠮ ᠤᠨ | ᠪᠠᠶᠢᠭᠤᠯᠤᠯᠲᠠ᠂ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠵᠤ᠂ ᠪᠠᠶᠢᠭᠤᠯᠭ᠎ᠠ ᠶᠢᠨ ᠤᠯᠤᠰ ᠲᠦᠷᠦ ᠶᠢᠨ ᠠᠮᠢ | ᠠᠬᠤᠶ ᠶᠢ ᠴᠡᠪᠡᠷᠰᠢᠭᠦᠯᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠪᠦᠬᠦ ᠲᠠᠯ᠎ᠠ ᠪᠠᠷ ᠳᠠᠪᠰᠢᠬᠤ᠂ ᠪᠦᠬᠦ ᠲᠠᠯ᠎ᠠ ᠪᠠᠷ ᠴᠠᠭᠠᠷᠠᠬᠤ ᠶᠢ ᠲᠦᠯᠬᠢᠨ | ᠠᠬᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠬᠤᠳᠠ ᠶᠢᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠪᠠᠶᠢᠩᠭᠤ ᠶᠢᠨ ᠬᠤᠷᠢᠶᠠᠨ ᠤ ᠠᠵᠢᠯ ᠤᠨ | ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠬᠤᠲᠠ ᠶᠢᠨ ᠨᠠᠮ ᠤᠨ | ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠳ ᠤᠯᠤᠰ ᠲᠥᠷᠥ ᠶᠢᠨ ᠪᠣᠯᠪᠠᠰᠤᠷᠠᠯ ᠢᠶᠠᠨ ᠲᠠᠰᠤᠷᠠᠯᠲᠠ ᠦᠭᠡᠢ | ᠴᠢᠩᠭᠠᠳᠬᠠᠵᠤ᠂ ᠤᠯᠤᠰ ᠲᠥᠷᠥ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠬᠠᠷᠢᠯᠴᠠᠨ ᠬᠠᠮᠵᠢᠯᠴᠠᠬᠤ ᠪᠠᠨ | ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠬᠤᠲᠠ ᠶᠢᠨ ᠨᠠᠮ ᠤᠨ | ᠬᠤᠷᠢᠶᠠᠨ ᠤ ᠡᠯ᠎ᠡ ᠵᠦᠢᠯ ᠤᠨ ᠠᠵᠢᠯ ᠤᠨ ᠡᠮᠬᠢ ᠴᠡᠭᠴᠡ ᠲᠠᠢ ᠥᠷᠨᠢᠬᠦ ᠶᠢ ᠠᠬᠢᠭᠤᠯᠬᠤ ᠬᠡᠷᠡᠭᠲᠡᠢ᠃ ᠵᠢᠱᠢᠶ᠎ᠡ | ᠦᠵᠡᠭᠦᠯᠦᠨ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠲᠤᠰ ᠵᠢᠯ ᠤᠨ ᠭᠤᠤᠯᠳᠠᠯᠭ᠎ᠠ ᠲᠠᠢ ᠠᠵᠢᠯ ᠢᠶᠠᠨ | ᠨᠠᠷᠢᠯᠢᠭ ᠪᠣᠳᠠᠲᠠᠶ ᠠᠳᠬᠤᠬᠤ ᠶᠢᠨ ᠬᠠᠮᠲᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠲᠤᠰ | ᠵᠢᠯ ᠤᠨ ᠠᠵᠢᠯ ᠤᠨ ᠭᠤᠤᠯᠳᠠᠯᠭ᠎ᠠ ᠲᠠᠢ ᠬᠠᠷᠢᠴᠠᠭᠤᠯᠵᠤ᠂ ᠴᠠᠭ ᠬᠤᠭᠤᠴᠠᠭᠠᠨ ᠤ ᠳᠡᠰ ᠳᠠᠷᠠᠭᠠᠯᠠᠯ ᠤᠨ ᠠᠬᠢᠴᠠ ᠶᠢ | ᠡᠵᠡᠮᠳᠡᠵᠦ᠂ ᠴᠠᠭ ᠲᠤᠬᠠᠶ ᠳᠤᠨᠢ ᠣᠷᠬᠢᠭᠳᠠᠯ ᠢ ᠪᠠᠶᠢᠴᠠᠭᠠᠨ ᠨᠥᠬᠦᠵᠦ᠂ ᠨᠠᠮ ᠤᠨ ᠲᠥᠪ ᠬᠤᠷᠢᠶᠠᠨ ᠤ ᠡᠯ᠎ᠡ | ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ | ᠭᠡᠵᠡᠢ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ | |