2020 ᠣᠨ ᠤ ᠪᠥᠬᠦ ᠤᠯᠤᠰ ᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠡᠳᠦᠷ ᠤᠨ ᠦᠬᠠᠶ ᠶᠢᠨ ᠭᠤᠤᠯ ᠲᠠᠯᠠᠪᠤᠷ ᠤᠨ ᠡᠬᠢᠯᠡᠯᠲᠡ ᠶᠢᠨ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2020/9/24
     9 ᠰᠠᠷ᠎ᠠ ᠶᠢᠨ 22 ᠤᠨ ᠡᠳᠦᠷ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠬᠤᠲᠠ ᠶᠢᠨ ᠨᠠᠮ ᠤᠨ ᠬᠤᠷᠢᠶᠠᠨ ᠤ ᠣᠬᠠᠭᠤᠯᠬᠤ ᠬᠡᠯᠲᠡᠰ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠵᠡᠷᠭᠡ ᠨᠢᠭᠡᠴᠡ ᠭᠤᠤᠯᠯᠠᠨ ᠡᠷᠬᠢᠯᠡᠵᠦ᠂ ᠬᠠᠶᠢᠷᠣᠪ ᠤᠨ ᠲᠣᠬᠤᠶ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠬᠠᠶᠢᠷᠤᠪ ᠤᠨ ᠲᠣᠬᠤᠶ ᠲᠣᠭᠤᠷᠢᠭ ᠤᠨ ᠯᠢᠨ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ  ᠠᠴᠠ ᠳᠠᠭᠠᠭᠠᠴᠢᠯᠠᠨ ᠡᠷᠭᠢᠯᠡᠭᠰᠡᠨ ︽ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠵᠤ᠂ ᠠᠷᠠᠳ ᠤᠨ ᠲᠥᠯᠥᠭᠡ ᠰᠢᠨᠵᠢᠯᠡᠬᠦ ᠤᠬᠠᠭᠠᠨ ᠮᠡᠷᠭᠡᠵᠢᠯ ᠢ ᠦᠢᠯᠡᠳᠦᠯᠭᠡᠵᠢᠭᠦᠯᠶ᠎ᠡ︾ ᠬᠡᠬᠦ 2020 ᠣᠨ ᠤ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠡᠳᠦᠷ ᠤᠨ ᠦᠬᠠᠢ ᠶᠢᠨ ᠭᠤᠣᠯ ᠲᠠᠯᠠᠪᠠᠢ ᠶᠢᠨ ᠡᠬᠢᠯᠡᠯᠲᠡ ᠶᠢᠨ ᠶᠣᠰᠣᠯᠠᠯ ᠯᠢᠨ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠢ ᠰᠢᠨ ᠨᠡᠶᠢᠭᠡᠮ ᠲᠣᠭᠤᠷᠢᠭ ᠲᠤ ᠶᠠᠪᠤᠭᠳᠠᠪᠠ᠃      ᠡᠬᠢᠯᠡᠯᠲᠡ ᠶᠢᠨ ᠶᠣᠰᠣᠯᠠᠯ ᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ ᠨᠡᠶᠢᠭᠡᠮ ᠲᠣᠭᠤᠷᠢᠭ ᠲᠤ ᠣᠷᠣᠭᠤᠯᠬᠤ ᠠᠵᠢᠯᠯᠠᠭ᠎ᠠ ᠲᠠᠢ ᠤᠶᠠᠯᠳᠤᠭᠤᠯᠤᠨ᠂ ᠰᠢᠨᠵᠢᠯᠡᠬᠦ ᠤᠬᠠᠭᠠᠨ ᠢ ᠡᠷᠬᠢᠮᠯᠡᠬᠦ᠂ ᠰᠢᠨᠵᠢᠯᠡᠬᠦ ᠤᠬᠠᠭᠠᠨ ᠢ ᠪᠠᠭ᠋ᠠᠷᠬᠠᠬᠤ᠂ ᠰᠢᠨᠵᠢᠯᠡᠬᠦ ᠤᠬᠠᠭᠠᠨ ᠢ ᠰᠤᠷᠬᠤ᠂ ᠰᠢᠨᠵᠢᠯᠡᠬᠦ ᠤᠬᠠᠭᠠᠨ ᠢ ᠬᠡᠷᠡᠭᠯᠡᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠨᠡᠶᠢᠭᠡᠮ ᠳᠠᠶᠠᠭᠠᠷ ᠤᠨ ᠰᠢᠨ᠎ᠡ ᠶᠢ ᠡᠭᠦᠳᠬᠦ ᠬᠠᠯᠠᠭᠤᠨ ᠰᠡᠳᠬᠢᠯᠭᠡ ᠪᠠ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠪᠡ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠮᠠᠨ ᠤ ᠬᠤᠲᠠ ᠪᠠᠰᠠ ᠬᠤᠲᠠ ᠶᠢᠨ ᠴᠠᠭ ᠠᠭᠤᠷ ᠤᠨ ᠲᠣᠪᠴᠢᠶ᠎ᠠ᠂ ᠬᠤᠲᠠ ᠶᠢᠨ ᠶᠢᠰᠦᠳᠦᠭᠡᠷ ᠳᠤᠮᠳᠠᠳᠤ ᠰᠤᠷᠭᠠᠭᠤᠯᠢ ᠵᠡᠷᠭᠡ 29 ᠬᠤᠲᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠣᠡᠭᠠᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ ᠫᠠᠶᠢᠰᠠ ᠣᠯᠭᠤᠪᠠ᠃      ᠪᠦᠬᠦ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠳᠦᠷ ᠤᠨ ᠠᠵᠢᠯᠯᠠᠭ᠎ᠠ ᠶᠢᠨ ᠬᠤᠭᠤᠴᠠᠭᠠᠨ ᠳᠤ ᠂ ᠪᠦᠬᠦ ᠬᠤᠲᠠ ᠶᠢᠨ ᠬᠡᠪᠴᠢᠶᠡᠨ ᠳᠤ ᠭᠤᠤᠯ ᠰᠡᠳᠦᠪᠲᠦ ᠦᠵᠡᠬᠦᠯᠦᠯᠬᠡ᠂ ᠲᠤᠬᠠᠶ ᠶᠢᠨ ᠲᠠᠯᠠᠪᠠᠶ ᠶᠢᠨ ᠦᠢᠯᠡᠳᠦᠯᠴᠡᠯ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠲᠠᠶᠢᠯᠤᠮᠵᠢ᠂ ᠲᠤᠷᠰᠢᠯᠲᠠ ᠶᠢᠨ ᠦᠵᠡᠭᠦᠯᠦᠯᠭᠡ ᠵᠡᠷᠭᠡ ᠠᠭᠤᠯᠭ᠎ᠠ ᠪᠠᠷ ᠪᠠᠶᠠᠯᠢᠭ᠂ ᠬᠡᠯᠪᠡᠷᠢ ᠮᠠᠶ᠋ᠢᠭ ᠨᠢ ᠣᠯᠠᠨ ᠶᠠᠩᠵᠤ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠵᠦ᠂ ᠵᠠᠯᠠᠭᠤᠴᠤᠳ ᠪᠠᠭᠠᠴᠤᠳ᠂ ᠲᠠᠷᠢᠶᠠᠴᠢᠨ ᠮᠠᠯᠴᠢᠨ᠂ ᠬᠤᠲᠠ ᠪᠠᠯᠭᠠᠰᠤᠨ ᠤ ᠬᠦᠳᠡᠯᠮᠦᠷᠢᠴᠢᠨ᠂ ᠤᠳᠤᠷᠢᠳᠬᠤ ᠺᠠᠳ᠋ᠷ ᠪᠣᠯᠤᠨ ᠠᠯᠪᠠᠲᠠᠨ ᠤ ︽ᠳᠥᠷᠪᠡᠨ ᠶᠡᠭᠡ ᠭᠤᠤᠯᠳᠠᠯᠭ᠎ᠠ ᠲᠠᠢ ᠬᠥᠮᠦᠰ︾ ᠲᠤ ᠬᠠᠨᠲᠤᠭᠤᠯᠵᠤ᠂ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠵᠦ᠂ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨᠵᠢᠯᠡᠬᠦ ᠤᠬᠠᠭᠠᠨᠴᠢ ᠦᠵᠡᠯ ᠰᠠᠨᠠᠭ᠎ᠠ ᠶᠢ ᠤᠯᠠᠮᠵᠢᠯᠠᠨ᠂ ᠰᠢᠨᠵᠢᠯᠡᠬᠦ ᠤᠬᠠᠭᠠᠨᠴᠢ ᠠᠷᠭ᠎ᠠ ᠶᠢ ᠰᠠᠨᠠᠭᠠᠴᠢᠯᠠᠵᠤ᠂ ᠥᠷᠭᠡᠨ ᠣᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠢ ᠬᠥᠲᠥᠯᠥᠨ ᠵᠢᠯᠣᠭᠤᠳᠴᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠦᠢᠯᠡᠰ ᠲᠤ ᠢᠳᠡᠪᠬᠢᠲᠡᠢ ᠣᠷᠣᠯᠴᠠᠭᠤᠯᠵᠤ᠂ ᠥᠷᠭᠡᠨ ᠤᠯᠠᠨ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨ ᠤ ᠬᠡᠪ ᠴᠢᠨᠠᠷ ᠢ ᠲᠡᠭᠡᠭᠰᠢᠯᠡᠬᠦᠯᠬᠦ ᠳᠤ ᠨᠡᠩ ᠰᠠᠶᠢᠲᠤᠷ ᠣᠷᠣᠯᠴᠠᠭᠤᠯᠵᠤ᠂ ᠨᠡᠶᠢᠭᠡᠮ ᠳᠠᠶᠠᠭᠠᠷ ᠲᠤ ᠰᠢᠨᠵᠢᠯᠡᠬᠦ ᠤᠬᠠᠭᠠᠨ ᠢ ᠡᠷᠭᠢᠮᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠤᠢ ᠪᠤᠯᠭᠠᠬᠤ ᠪᠤᠯᠤᠨ᠎ᠠ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map