ᠮᠤᠵᠢ ᠶᠢᠨ ᠵᠠᠮ ᠤᠨ 217 ᠱᠤᠭᠤᠮ ᠤᠨ ᠬᠠᠶᠢᠷᠤᠪ ᠤᠨ ᠲᠤᠬᠤᠢ ᠶᠢᠨ ᠬᠤᠲᠠ ᠶᠢ ᠲᠣᠭᠤᠷᠢᠭᠰᠠᠨ ᠬᠡᠰᠡᠭ ᠤᠨ ᠪᠠᠷᠢᠯᠭ᠎ᠠ ᠶᠢᠨ ᠭᠤᠣᠯ ᠱᠤᠭᠤᠮ ᠤᠨ ᠵᠠᠮ ᠤᠨ ᠭᠠᠳᠠᠷᠭᠤ ᠤᠢᠢᠷ᠎ᠠ ᠳᠤ ᠨᠡᠪᠲᠡᠷᠡᠪᠡ
ᠨᠡᠶᠢᠲᠡᠯᠡᠭᠰᠡᠨ ᠴᠠᠭ᠄
2021/11/26
     11 ᠰᠠᠷ᠎ᠠ ᠶᠢᠨ 24 ᠤ ᠡᠳᠦᠷ᠂ ᠰᠤᠷᠪᠤᠯᠵᠢᠯᠠᠭᠴᠢ ᠮᠤᠵᠢ ᠶᠢᠨ ᠵᠠᠮ ᠤᠨ 217 ᠱᠤᠭᠤᠮ ᠤᠨ ᠬᠠᠶᠢᠷᠤᠪ ᠤᠨ ᠲᠣᠬᠤᠢ ᠶᠢᠨ ᠬᠤᠲᠠ ᠶᠢ ᠲᠣᠭᠤᠷᠢᠭᠰᠠᠨ ᠬᠡᠰᠡᠭ ᠤᠨ ᠰᠢᠨᠬᠤᠸᠠ ᠶᠡᠭᠡ ᠵᠡᠭᠡᠯᠢ ᠶᠢ ᠰᠤᠨᠳᠠᠯᠠᠭᠰᠠᠨ ᠪᠣᠯᠣᠳ ᠬᠠᠶᠢᠷᠴᠠᠭ ᠤᠨ ᠨᠢᠷᠤᠭᠤᠲᠤ ᠬᠥᠭᠦᠷᠭᠡ ᠶᠢᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ᠂ ᠭᠠᠩᠨᠠᠭᠤᠷ ᠫᠤᠤ ᠶᠢᠨ ᠣᠴᠢ ᠦᠰᠦᠷᠴᠦ᠂ ᠠᠵᠢᠯᠴᠢᠳ ᠶᠠᠭ ᠰᠠᠶᠢᠬᠠᠨ ᠪᠣᠯᠣᠳ ᠬᠠᠶᠢᠷᠴᠠᠭ ᠤᠨ ᠨᠢᠷᠤᠭᠤ ᠶᠢ ᠭᠠᠩᠨᠠᠨ ᠵᠠᠯᠭᠠᠬᠤ ᠠᠵᠢᠯ ᠢ ᠬᠢᠵᠦ ᠪᠠᠶᠢᠭ᠎ᠠ ᠶᠢ ᠣᠯᠵᠤ ᠬᠠᠷᠠᠵᠠᠶ᠃ ︽ᠰᠢᠨᠬᠤᠸᠠ ᠶᠡᠭᠡ ᠵᠡᠭᠡᠯᠢ ᠶᠢᠨ ᠬᠠᠷᠢᠯᠴᠠᠨ ᠨᠡᠪᠲᠡᠷᠡᠬᠦ ᠭᠤᠣᠯ ᠱᠤᠭᠤᠮ ᠤᠨ ᠬᠥᠭᠦᠷᠭᠡ ᠶᠢᠨ ᠭᠤᠣᠯ ᠴᠣᠭᠴᠠ ᠶᠢ ᠨᠢᠭᠡᠨᠲᠡ ᠪᠠᠶᠢᠭᠤᠯᠵᠤ ᠳᠠᠭᠤᠰᠬᠠᠭᠠᠳ ᠣᠳᠣ ᠶᠠᠭ ᠭᠠᠩᠨᠠᠵᠤ ᠵᠠᠯᠭᠠᠬᠤ ᠠᠵᠢᠯ ᠬᠢᠵᠦ ᠪᠠᠶᠢᠨ᠎ᠠ᠂ ᠵᠢᠱᠢᠯᠲᠡ ᠪᠠᠷ 12 ᠰᠠᠷ᠎ᠠ ᠶᠢᠨ ᠳᠤᠮᠳᠠᠴᠢ ᠪᠠᠷ ᠭᠠᠩᠨᠠᠵᠤ ᠳᠠᠭᠤᠰᠬᠠᠬᠤ ᠪᠣᠯᠤᠨ᠎ᠠ ︾ ᠭᠡᠵᠦ ᠮᠤᠵᠢ ᠶᠢᠨ ᠵᠠᠮ ᠤᠨ 217 ᠱᠤᠭᠤᠮ ᠤᠨ ᠬᠠᠶᠢᠷᠤᠪ ᠤᠨ ᠲᠤᠬᠤᠢ ᠶᠢᠨ ᠬᠤᠳᠠ ᠶᠢ ᠲᠣᠭᠤᠷᠢᠭᠰᠠᠨ ᠬᠡᠰᠡᠭ ᠤᠨ ᠪᠠᠷᠢᠯᠭ᠎ᠠ ᠶᠢᠨ ᠲᠦᠷᠦᠯ ᠵᠦᠢᠯ ᠤᠨ ᠬᠡᠯᠲᠡᠰ ᠤᠨ ᠶᠡᠷᠦᠩᠬᠡᠢ ᠢᠨᠵᠧᠨᠧᠷ ᠶᠢᠨ ᡁᠢ ᠭᠦᠸᠧ ᠬᠡᠯᠡᠪᠡ᠃      ᠳᠠᠷᠠᠭ᠎ᠠ ᠨᠢ᠂ ᠰᠤᠷᠪᠤᠯᠵᠢᠯᠠᠭᠴᠢ ᠲᠣᠰ ᠪᠠᠷᠢᠯᠭ᠎ᠠ ᠶᠢᠨ ᠳ᠋ᠠᠶ ᠱᠠᠨ ᠬᠠᠷᠢᠯᠴᠠᠨ ᠨᠡᠪᠲᠡᠷᠡᠬᠦ ᠪᠣᠯᠣᠳ ᠬᠠᠶᠢᠷᠴᠠᠭ ᠤᠨ ᠨᠢᠷᠤᠭᠤᠲᠤ ᠬᠥᠭᠦᠷᠭᠡ ᠶᠢᠨ ᠪᠠᠷᠢᠯᠭ᠎ᠠ ᠶᠢᠨ ᠲᠤᠬᠠᠶ ᠶᠢᠨ ᠲᠠᠯᠠᠪᠤᠷ ᠲᠤ᠂ ᠠᠵᠢᠯᠲᠠᠳ ᠶᠠᠭ ᠰᠠᠶᠢᠬᠠᠨ ᠪᠣᠯᠣᠳ ᠬᠠᠶᠢᠷᠴᠠᠭ ᠤᠨ ᠨᠢᠷᠤᠭᠤᠲᠤ ᠬᠥᠭᠦᠷᠭᠡ ᠶᠢ ᠭᠠᠩᠨᠠᠭᠰᠠᠨ ᠪᠠᠶᠢᠳᠠᠯ ᠢ ᠪᠠᠶᠢᠴᠠᠭᠠᠨ ᠰᠢᠯᠭᠠᠵᠤ ᠪᠠᠶᠢᠭ᠎ᠠ ᠶᠢ ᠣᠯᠵᠣ ᠦᠵᠡᠭᠰᠡᠨ ᠨᠢ᠂ ᠪᠣᠯᠣᠳ ᠬᠠᠶᠢᠷᠴᠠᠭ ᠤᠨ ᠨᠢᠷᠤᠭᠤ ᠶᠢ ᠭᠠᠩᠨᠠᠵᠤ ᠵᠠᠯᠭᠠᠬᠤ ᠶᠢ ᠵᠢᠷᠤᠵᠤ ᠲᠥᠯᠥᠪᠯᠡᠭᠰᠡᠨ ᠱᠠᠭᠠᠷᠳᠠᠯᠭ᠎ᠠ ᠳᠤ ᠨᠡᠶᠢᠴᠡᠭᠦᠯᠵᠦ᠂ ᠬᠢᠷᠢ ᠲᠡᠩᠴᠡᠭᠰᠡᠨ ᠨᠣᠷᠮ᠎ᠠ ᠶᠢ ᠵᠠᠭᠤᠨ ᠤ ᠵᠠᠭᠤ ᠳᠤ ᠬᠦᠷᠦᠭᠦᠯᠬᠦ ᠶᠢ ᠦᠨᠡᠨ ᠬᠦ ᠪᠠᠲᠤᠯᠠᠵᠤ ᠪᠠᠶᠢᠨ᠎ᠠ ᠬᠡᠰᠡᠨ ᠢ ᠬᠠᠷᠠᠭᠤᠯᠵᠤ ᠪᠠᠶᠢᠨ᠎ᠠ᠃      ᠮᠤᠵᠢ ᠶᠢᠨ ᠵᠠᠮ ᠤᠨ 217 ᠱᠤᠭᠤᠮ ᠤᠨ ᠬᠠᠶᠢᠷᠤᠪ ᠤᠨ ᠲᠤᠬᠤᠢ ᠶᠢᠨ ᠬᠤᠳᠠ ᠶᠢ ᠲᠣᠭᠤᠷᠢᠭᠰᠠᠨ ᠬᠡᠰᠡᠭ ᠤᠨ ᠪᠠᠷᠢᠯᠭ᠎ᠠ ᠶᠢ 2019 ᠣᠨ ᠤ 6 ᠰᠠᠷ᠎ᠠ ᠳᠤ ᠡᠬᠢᠯᠡᠨ ᠪᠠᠶᠢᠭᠤᠯᠵᠤ᠂ ᠪᠦᠬᠦ ᠱᠤᠭᠤᠮ ᠤᠨ ᠤᠷᠳᠤ ᠨᠢ 15.759 ᠺᠢᠯᠤᠮᠧᠲᠷ᠂ ᠵᠠᠮ ᠤᠨ ᠰᠠᠭᠤᠷᠢ ᠶᠢᠨ ᠥᠷᠭᠡᠨ ᠨᠢ 33 ᠮᠧᠲᠷ᠂ ᠲᠥᠯᠥᠪᠯᠡᠭᠰᠡᠨ ᠴᠠᠭ ᠤᠨ ᠬᠤᠷᠳᠤᠴᠠ ᠨᠢ 80 ᠺᠢᠯᠤᠮᠧᠲᠷ ᠪᠣᠯᠤᠨ᠎ᠠ᠃ ᠪᠠᠷᠢᠯᠭ᠎ᠠ ᠶᠢᠨ ᠡᠬᠢᠯᠡᠯᠲᠡ ᠶᠢᠨ ᠴᠢᠭ ᠨᠢ ᠨᠢᠰᠬᠡᠯ ᠤᠨ ᠪᠠᠭᠤᠳᠠᠯ ᠵᠠᠮ ᠪᠣᠯᠤᠨ ᠨᠡᠭᠦᠷᠡᠰᠦ ᠵᠥᠭᠡᠭᠡᠪᠦᠷᠢᠯᠡᠬᠦ ᠵᠠᠮ ᠤᠨ ᠠᠭᠤᠯᠵᠠᠷ ᠤᠨ ᠬᠤᠶᠢᠲᠤ ᠲᠠᠯ᠎ᠠ ᠶᠢᠨ ᠳ᠋ᠠᠶ ᠱᠠᠨ ᠣᠶ ᠰᠢᠭᠤᠶ ᠶᠢᠨ ᠲᠠᠯᠠᠪᠠᠶ ᠳᠤ ᠪᠤᠶ᠃ ᠨᠢᠰᠬᠡᠯ ᠤᠨ ᠪᠠᠭᠤᠳᠠᠯ ᠤᠨ ᠵᠠᠮ ᠲᠠᠢ ᠵᠠᠯᠭᠠᠵᠤ᠂ ᠵᠡᠭᠦᠨᠰᠢ ᠪᠠᠨ ᠮᠤᠷᠤᠢ ᠭᠤᠤᠯ ᠤᠨ ᠬᠤᠶᠢᠲᠤ ᠡᠷᠭᠢ ᠳᠠᠭᠠᠤ ᠶᠢᠨ ᠤᠳᠤ ᠪᠠᠶᠢᠭ᠎ᠠ ᠬᠠᠶᠢᠷᠤᠪ ᠤᠨ ᠲᠤᠬᠤᠢ ᠶᠢᠨ ᠵᠡᠭᠦᠨ ᠲᠣᠭᠤᠷᠢᠯ ᠵᠠᠮ ᠲᠠᠢ ᠵᠠᠯᠭᠠᠵᠤ᠂ ᠮᠤᠷᠤᠢ ᠭᠤᠤᠯ᠂ ᠯᠢᠨ ᠶᠢᠨ ᠶᠡᠭᠡ ᠵᠠᠮ᠂ ᠱᠤᠸᠠᠩ ᠶᠦᠩ ᠵᠡᠭᠡᠯᠢ᠂ ᠬᠠᠶᠢᠪᠸᠢ ᠶᠡᠭᠡ ᠵᠡᠭᠡᠯᠢ᠂ ᠾᠧ ᠫᠢᠩ ᠵᠡᠭᠦᠨ ᠵᠡᠭᠡᠯᠢ᠂ ᠸᠧᠨ ᠰᠢᠨ ᠵᠠᠮ᠂ ᠴᠡᠭᠡᠯ ᠠᠭᠤᠯᠠ ᠵᠡᠭᠡᠯᠢ᠂ ᠰᠢᠨᠬᠤᠸᠠ ᠶᠡᠭᠡ ᠵᠡᠭᠡᠯᠢ᠂ ᠭᠠᠨᠳᠠᠷᠢ ᠵᠡᠭᠡᠯᠢ ᠪᠠᠷ ᠥᠩᠭᠡᠷᠡᠵᠦ᠂ ᠲᠡᠭᠦᠰᠬᠡᠯ ᠤᠨ ᠴᠢᠭ ᠢ ᠭᠤᠷᠪᠠᠳᠣᠭᠠᠷ ᠦᠢᠯᠡᠳᠪᠦᠷᠢ ᠶᠢᠨ ᠬᠠᠷᠢᠯᠴᠠᠨ ᠨᠡᠪᠳᠡᠷᠡᠬᠦ ᠵᠠᠮ ︵ᠬᠠᠶᠢᠷᠤᠪ ᠤᠨ ᠲᠤᠬᠤᠢ ᠠᠴᠠ ᠬᠠᠶᠢᠨᠠᠨ ᠬᠦᠷᠬᠦ ᠲᠦᠷᠭᠡᠨ ᠤ ᠵᠠᠮ ᠤᠨ ᠡᠬᠢᠯᠡᠯᠲᠡ ᠶᠢᠨ ᠴᠢᠭ︶ ᠳᠤ ᠬᠦᠷᠭᠡᠵᠦ᠂ ᠮᠤᠵᠢ ᠶᠢᠨ ᠵᠠᠮ ᠤᠨ 217 ᠱᠤᠭᠤᠮ ᠤᠨ ᠬᠠᠶᠢᠷᠤᠪ ᠤᠨ ᠲᠤᠬᠤᠢ ᠠᠴᠠ ᠬᠠᠶᠢᠨᠠᠨ ᠬᠦᠷᠬᠦ ᠬᠡᠰᠡᠭ ᠲᠠᠢ ᠵᠠᠯᠭᠠᠬᠤ ᠪᠤᠯᠤᠨ᠎ᠠ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map