ᠬᠤᠲᠠ ᠶᠢᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠤᠪᠴᠢᠶᠠᠨ ᠳᠠᠷᠤᠭ᠎ᠠ ᠵᠧᠩ ᠯᠢᠨ ᠬᠤ᠋ ᠶᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2022/10/27
      — ᠬᠤᠲᠠ ᠶᠢᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠤᠪᠴᠢᠶᠠᠨ ᠳᠠᠷᠤᠭ᠎ᠠ ᠵᠧᠩ ᠯᠢᠨ ᠬᠤ᠋ ᠶᠢ ᠰᠤᠷᠪᠤᠯᠵᠢᠯᠠᠭᠰᠠᠨ ᠨᠢ      ᠣᠶᠢᠷ᠎ᠠ ᠳᠤ᠂ ᠬᠤᠲᠠ ᠶᠢᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠵᠧᠩ ᠯᠢᠨ ᠬᠤ᠋ ᠰᠤᠷᠪᠤᠯᠵᠢᠯᠠᠭᠴᠢ ᠶᠢᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠬᠦ ᠦᠶ᠎ᠡ ᠳᠤ᠂ ︽ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ︿ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ ᠱᠠᠭᠠᠷᠳᠠᠯᠭ᠎ᠠ﹀ ᠶᠢᠨ ᠨᠢᠭᠡ ᠪᠣᠯᠭᠠᠪᠠ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠢᠮᠠᠭᠲᠠ ᠲᠤᠤᠱᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠢᠮᠠᠭᠲᠠ ᠪᠠᠷᠢᠮᠲᠠᠯᠠᠬᠤ ᠪᠣᠯ ᠬᠤᠶᠢᠰᠢᠳᠠ ᠶᠢᠨ 5 ᠵᠢᠯ ᠴᠢᠨᠠᠭᠰᠢᠯᠠᠪᠠᠯ ᠨᠡᠩ ᠤᠷᠳᠤ ᠬᠤᠭᠤᠴᠠᠭᠠᠨ ᠤ ᠬᠥᠭᠵᠢᠯᠲᠡ ᠶᠢᠨ ᠬᠠᠮᠤᠭ ᠤᠨ ᠬᠦᠴᠦᠷᠬᠡᠭ ᠳᠠᠭᠤᠨ ᠪᠣᠯᠤᠨ᠎ᠠ ᠭᠡᠵᠦ ᠬᠡᠯᠡᠵᠦ ᠪᠣᠯᠤᠨ᠎ᠠ︾ ᠬᠡᠵᠦ ᠬᠡᠯᠡᠪᠡ᠃      ᠵᠧᠩ ᠯᠢᠨ ᠬᠤ᠋ ᠢᠯᠡᠷᠭᠡᠶᠢᠯᠡᠭᠰᠡᠨ ᠨᠢ᠂ ᠬᠤᠳᠠ ᠶᠢᠨ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠤᠪᠴᠢᠶ᠎ᠠ ᠪᠦᠬᠦ ᠨᠠᠮ ᠤᠨ ᠭᠡᠰᠢᠭᠦᠨ ᠺᠠᠳ᠋ᠷ ᠠᠵᠢᠯᠳᠠᠨ ᠢᠶᠠᠨ ᠪᠠᠶᠢᠩᠭᠤᠵᠢᠭᠤᠯᠤᠨ ᠵᠣᠬᠢᠶᠠᠨ ᠪᠠᠶᠢᠭᠤᠯᠵᠤ ᠲᠥᠪᠯᠡᠷᠡᠭᠦᠯᠦᠨ ᠰᠤᠷᠤᠯᠴᠠᠬᠤ ᠪᠠ ᠬᠤᠪᠢ ᠬᠥᠮᠦᠨ ᠤ ᠥᠪᠡᠷ ᠢᠶᠠᠨ ᠰᠤᠷᠤᠯᠴᠠᠬᠤ ᠶᠢ ᠥᠷᠨᠢᠭᠦᠯᠵᠦ᠂ ᠨᠠᠮ ᠤᠨ ᠭᠡᠰᠢᠭᠦᠨ ᠺᠠᠳ᠋ᠷ ᠠᠵᠢᠯᠳᠠᠨ ᠢᠶᠠᠨ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠵᠤ᠂ ᠠᠵᠢᠯ ᠬᠢᠵᠦ ᠦᠢᠯᠡᠰ ᠪᠤᠰᠬᠠᠬᠤ ᠬᠥᠳᠡᠯᠭᠡᠬᠦ ᠬᠦᠴᠦᠨ ᠢᠶᠠᠨ ᠲᠠᠰᠤᠷᠠᠯᠳᠡ ᠦᠭᠡᠢ ᠴᠢᠩᠭᠠᠳᠬᠠᠨ᠎ᠠ ᠭᠡᠵᠡᠢ᠃      ᠵᠧᠩ ᠯᠢᠨ ᠬᠤ᠋ ᠬᠡᠯᠡᠭᠰᠡᠨ ᠨᠢ᠂ ᠬᠤᠲᠠ ᠶᠢᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠦᠳᠲᠡᠷ ᠲᠦᠷᠭᠡᠨ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠴᠢᠨᠠᠷ ᠰᠠᠶᠢᠲᠠᠶ ᠬᠥᠭᠵᠢᠯᠲᠡ ᠶᠢᠨ ᠬᠠᠷᠠᠯᠲᠠ ᠡᠭᠦᠷᠭᠡ ᠪᠠ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢᠶᠠᠨ ᠦᠷᠭᠦᠯᠵᠢᠯᠡᠨ ᠰᠠᠶᠢᠲᠤᠷ ᠠᠳᠬᠤᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ᠂ ᠥᠨᠳᠥᠷ ᠲᠦᠪᠰᠢᠨ ᠲᠠᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠡᠬᠢ ᠪᠠᠶᠠᠯᠢᠭ ᠤᠨ ᠬᠡᠯᠪᠡᠷᠢ ᠶᠢᠨ ᠬᠤᠲᠠ ᠶᠢᠨ ᠬᠡᠯᠪᠡᠷᠢ ᠪᠠᠨ ᠬᠤᠪᠢᠷᠠᠭᠤᠯᠬᠤ᠂ ᠤᠯᠠᠮᠵᠢᠯᠠᠯᠲᠤ ᠠᠵᠤ ᠦᠢᠯᠡᠰ ᠤᠨ ᠲᠠᠰ ᠳᠡᠪᠰᠢᠬᠦ᠂ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ ᠪᠤᠶᠢᠵᠢᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠨ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ ᠦᠬᠠᠶ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠢ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map