ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠭᠤᠣ ᠪᠥᠸᠧ ᠶᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2022/10/27
    ᠣᠶᠢᠷ᠎ᠠ ᠳᠤ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠭᠤᠤ ᠪᠥᠸᠧ ᠰᠤᠷᠪᠤᠯᠵᠢᠯᠠᠭᠴᠢ ᠶᠢᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠬᠦ ᠦᠶ᠎ᠡ ᠳᠤ᠂ ︽ᠨᠠᠮ ᠤᠨ ᠬᠤᠷᠢᠳᠤᠭᠠᠷ ᠶᠡᠭᠡ ᠬᠤᠷᠠᠯ ᠪᠣᠯ ᠨᠢᠭᠡᠨ ᠣᠳᠠᠭᠠᠨ ᠤ ᠲᠤᠭ ᠢᠶᠠᠨ ᠥᠨᠳᠥᠷ ᠮᠠᠨᠳᠤᠭᠤᠯᠵᠤ᠂ ᠬᠦᠴᠦᠨ ᠴᠢᠳᠠᠯ ᠢᠶᠠᠨ ᠨᠢᠭᠲᠠᠷᠠᠭᠤᠯᠵᠤ᠂ ᠪᠦᠯᠬᠦᠮᠳᠡᠨ ᠲᠡᠮᠡᠴᠡᠭᠰᠡᠨ ᠶᠡᠭᠡ ᠬᠤᠷᠠᠯ ᠪᠣᠯᠤᠨ᠎ᠠ᠃ ᠶᠡᠷᠦᠩᠬᠡᠶ ᠱᠦᠵᠢ ᠰᠢ ᠶᠢᠨ ᠫᠢᠩ ᠨᠠᠮ ᠤᠨ ᠬᠤᠷᠢᠳᠤᠭᠠᠷ ᠶᠡᠭᠡ ᠬᠤᠷᠠᠯ ᠳᠡᠭᠡᠷ᠎ᠡ ᠬᠢᠭᠰᠡᠨ ᠢᠯᠡᠳᠬᠡᠯ ᠳᠤ᠂ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠠᠯᠤᠰ ᠬᠡᠳᠦ ᠶᠢᠨ ᠤᠳᠬ᠎ᠠ ᠰᠠᠨᠠᠭ᠎ᠠ ᠲᠠᠢ᠂ ᠢᠲᠡᠭᠡᠯ ᠵᠣᠷᠢᠭ ᠢᠶᠠᠨ ᠬᠥᠪᠴᠢᠯᠡᠵᠦ᠂ ᠬᠥᠮᠦᠰ ᠢ ᠵᠣᠷᠢᠭᠵᠢᠭᠤᠯᠤᠨ ᠤᠷᠤᠭᠰᠢᠯᠠᠭᠤᠯᠵᠤ᠂ ᠥᠩᠭᠡᠷᠡᠭᠰᠡᠨ ᠲᠠᠪᠤᠨ ᠵᠢᠯ ᠤᠨ ᠠᠵᠢᠯ ᠪᠣᠯᠤᠨ ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠠᠭᠤᠤ ᠶᠡᠭᠡ ᠬᠤᠪᠢᠰᠤᠯᠲᠠ ᠶᠢ ᠪᠦᠬᠦ ᠲᠠᠯ᠎ᠠ ᠪᠠᠷ ᠡᠷᠭᠢᠴᠡᠭᠦᠯᠦᠨ ᠳ᠋ᠦᠩᠨᠡᠵᠦ᠂ ᠢᠷᠡᠭᠡᠳᠦᠢ ᠶᠢᠨ ᠳᠤᠮᠳᠠᠳᠤ ᠤᠯᠤᠰ ᠤᠨ ᠬᠥᠭᠵᠢᠯᠲᠡ ᠶᠢᠨ ᠵᠢᠷᠤᠭ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠵᠢᠷᠤᠭᠯᠠᠵᠤ᠂ ᠰᠢᠨ᠎ᠡ ᠴᠠᠭ ᠦᠶ᠎ᠡ ᠶᠢᠨ ᠰᠢᠨ᠎ᠡ ᠠᠶᠠᠨ ᠳᠠᠬᠢ ᠨᠠᠮ ᠪᠣᠯᠤᠨ ᠤᠯᠤᠰ ᠤᠨ ᠦᠢᠯᠡᠰ ᠤᠨ ᠬᠥᠭᠵᠢᠯᠲᠡ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠠᠵᠢᠯᠯᠠᠭᠠᠨ ᠤ ᠵᠦᠭᠯᠡᠭᠦᠷ ᠢ ᠲᠣᠭᠲᠠᠭᠠᠪᠠ᠂ ᠡᠨᠡ ᠨᠢ ᠲᠤᠩᠬᠠᠭ ᠪᠢᠴᠢᠭ ᠪᠣᠯᠬᠤ ᠪᠠᠷ ᠪᠠᠷᠠᠬᠤ ᠦᠭᠡᠢ ᠪᠠᠰᠠ ᠳᠠᠶᠢᠴᠢᠯᠠᠯᠲᠠ ᠶᠢᠨ ᠵᠠᠷᠯᠢᠭ ᠪᠣᠯᠤᠨ᠎ᠠ︾ ᠭᠡᠵᠦ ᠬᠡᠯᠡᠪᠡ᠃      ᠭᠤᠣ ᠪᠥᠸᠧ ᠬᠡᠯᠡᠭᠰᠡᠨ ᠨᠢ᠂ ᠣᠳᠣᠬᠠᠨ ᠳᠤ ᠪᠠ ᠬᠤᠶᠢᠰᠢᠳᠠ ᠶᠢᠨ ᠨᠢᠭᠡ ᠬᠤᠭᠤᠴᠠᠭᠠᠨ ᠳᠤ᠂ ᠪᠦᠬᠦ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠢᠰᠲ᠋ᠧᠮ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠠᠵᠢᠯᠲᠠᠨ ᠢᠶᠠᠨ ᠬᠥᠲᠥᠯᠥᠨ ᠵᠢᠯᠣᠭᠤᠳᠴᠤ ᠪᠠᠶᠢᠭᠠᠳ ᠨᠡᠪᠳᠡᠷᠡᠳᠡᠯ᠎ᠡ ᠰᠤᠷᠤᠯᠴᠠᠨ ᠣᠶᠢᠯᠠᠭᠠᠵᠤ ᠪᠣᠳᠠᠲᠠᠶᠢᠵᠢᠭᠤᠯᠬᠤ ᠳᠡᠭᠡᠷ᠎ᠡ ᠬᠦᠴᠦ ᠣᠷᠣᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠡᠯ᠎ᠡ ᠵᠦᠢᠯ ᠤᠨ ᠠᠵᠢᠯ ᠤᠨ ᠳᠤᠮᠳᠠ ᠦᠨᠡᠨᠬᠦ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠬᠥᠲᠥᠯᠦᠨ ᠳᠠᠭᠠᠭᠤᠯᠬᠤ ᠪᠠᠲᠤᠯᠠᠭ᠎ᠠ ᠶᠢᠨ ᠦᠢᠯᠡᠳᠦᠯ ᠢᠶᠠᠨ ᠢᠳᠡᠪᠬᠢᠲᠡᠶ ᠪᠠᠳᠠᠷᠠᠭᠤᠯᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠪᠣᠬᠢᠷᠲᠤᠯ ᠥᠬᠡᠶ ᠲᠤᠤᠷ᠎ᠠ ᠨᠡᠭᠦᠷᠡᠰᠦᠲᠥ᠋ᠷᠥᠭᠴᠢᠲᠤ ᠡᠷᠬᠢᠯᠳᠡᠳᠦ ᠬᠥᠭᠵᠢᠯᠲᠡ ᠵᠡᠷᠭᠡ ᠭᠤᠤᠯᠳᠠᠯᠭ᠎ᠠ ᠲᠠᠢ ᠠᠵᠢᠯ ᠢᠶᠠᠨ ᠲᠣᠪᠤᠶᠢᠮ᠎ᠠ ᠰᠠᠶᠢᠲᠤᠷ ᠠᠳᠬᠤᠵᠤ᠂ ᠬᠤᠷᠸ᠎ᠠ ᠬᠠᠮᠢᠶᠠᠷᠤᠯᠲᠠ ᠪᠠ ᠠᠵᠤ ᠠᠬᠤᠶ ᠶᠢᠨ ᠶᠡᠷᠦᠩᠬᠡᠶᠢᠯᠡᠨ ᠵᠣᠬᠢᠴᠠᠭᠤᠯᠬᠤ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠬᠦᠢᠴᠡᠳᠬᠡᠵᠦ᠂ ᠪᠣᠳᠠᠲᠤ ᠠᠵᠢᠯᠯᠠᠭ᠎ᠠ ᠪᠠᠷ ᠢᠶᠠᠨ ᠦᠬᠠᠶ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠵᠤ᠂ ᠰᠠᠶᠢᠨ ᠰᠠᠶᠢᠬᠠᠨ ᠠᠵᠢᠯ ᠤᠨ ᠦᠷ᠎ᠡ ᠪᠦᠲᠦᠮᠵᠢ ᠪᠠᠷ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠰᠢᠨ᠎ᠡ ᠬᠦᠰᠡᠯ ᠡᠷᠡᠮᠡᠯᠵᠡᠯ ᠢ ᠬᠠᠩᠭᠠᠨ᠎ᠠ ᠬᠡᠵᠡᠢ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map