— ᠦᠬᠠᠶ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠶᠢ ᠰᠤᠷᠪᠤᠯᠵᠢᠯᠠᠭᠰᠠᠨ ᠨᠢ | 【ᠨᠠᠶᠢᠷᠠᠭᠤᠯᠤᠭᠴᠢ ᠶᠢᠨ ᠦᠭᠡ】᠄ 3 ᠰᠠᠷ᠎ᠠ ᠶᠢᠨ 29 ᠤ ᠡᠳᠦᠷ᠂ ︽ᠥᠪᠥᠷ ᠮᠣᠩᠭᠤᠯ ᠤᠨ ᠡᠳᠦᠷ ᠤᠨ | ᠰᠣᠨᠢᠨ︾ ᠤ ︽ᠠᠭᠤᠤ ᠶᠡᠭᠡ ᠡᠬᠡ ᠤᠯᠤᠰ ᠢᠶᠠᠨ ᠬᠠᠮᠲᠤ ᠪᠠᠷ ᠪᠥᠲᠥᠭᠡᠨ ᠪᠠᠶᠢᠭᠤᠯᠵᠤ ᠰᠠᠶᠢᠨ ᠰᠠᠶᠢᠬᠠᠨ | ᠠᠮᠢᠳᠤᠷᠠᠯ ᠢᠶᠠᠨ ᠬᠠᠮᠲᠤ ᠪᠠᠷ ᠴᠣᠭᠴᠠᠯᠠᠶ᠎ᠠ︾ ᠭᠡᠬᠦ ᠲᠤᠰᠬᠠᠶ ᠪᠤᠯᠤᠩ ᠳᠤ ᠥᠪᠥᠷ ᠮᠣᠩᠭᠤᠯ ᠤᠨ ᠡᠳᠦᠷ ᠤᠨ | ᠰᠣᠨᠢᠨ ᠤ ᠰᠤᠷᠪᠤᠯᠵᠢᠯᠠᠭᠴᠢ ᠶᠢᠨ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠳᠤ ᠬᠢᠭᠰᠡᠨ ᠲᠤᠰᠬᠠᠶ | ᠰᠤᠷᠪᠤᠯᠵᠢᠯᠠᠭ᠎ᠠ ᠶᠢ ᠨᠡᠶᠢᠲᠡᠯᠡᠵᠦ᠂ ᠮᠠᠨ ᠤ ᠬᠤᠲᠠ ᠶᠢᠨ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ | ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠶᠠᠷᠢᠯᠴᠠᠬᠤ ᠳᠤ | ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠤᠭᠰᠠᠨ ᠠᠷᠭ᠎ᠠ ᠬᠡᠮᠵᠢᠶ᠎ᠡ ᠪᠠ ᠪᠠᠶᠢᠳᠠᠯ ᠢᠶᠠᠨ ᠲᠠᠨᠢᠯᠴᠠᠭᠤᠯᠪᠠ᠃ ᠲᠤᠰ ᠰᠦᠯᠵᠢᠶ᠎ᠡ ᠣᠨᠴᠠᠭᠠᠶᠢᠯᠠᠨ | ᠣᠷᠴᠢᠭᠤᠯᠵᠤ ᠰᠢᠯᠵᠢᠭᠦᠯᠦᠨ ᠨᠡᠶᠢᠲᠡᠯᠡᠪᠡ᠃ | ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠬᠤᠤ ᠪᠢᠶᠤᠤ | ᠤᠢᠢᠷ᠎ᠠ ᠳᠤ᠂ ᠦᠬᠠᠢ ᠬᠤᠳᠠ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ | ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠬᠡᠷᠬᠢᠨ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠲᠤᠬᠠᠢ ᠦᠬᠠᠢ | ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠰᠣᠷᠪᠣᠯᠴᠢᠯᠠᠭᠴᠢ ᠶᠢᠨ ᠰᠣᠷᠪᠣᠯᠵᠢᠯᠠᠭ᠎ᠠ ᠶᠢ ᠬᠦᠯᠢᠶᠡᠪᠡ᠃ | ︽ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ | ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠦᠵᠡᠯ | ᠰᠠᠨᠠᠭ᠎ᠠ ᠨᠢ ᠭᠦᠨ ᠭᠦᠨᠵᠡᠭᠡᠶ᠂ ᠠᠭᠤᠯᠤᠭᠳᠠᠬᠤᠨ ᠨᠢ ᠡᠯᠪᠡᠭ ᠪᠠᠶᠠᠯᠢᠭ ᠪᠠᠶᠢᠵᠤ᠂ ᠮᠠᠰᠢ ᠴᠢᠩᠭ᠎ᠠ ᠤᠯᠤᠰ ᠲᠥᠷᠥᠴᠢ | ᠴᠢᠨᠠᠷ᠂ ᠦᠵᠡᠯ ᠰᠠᠨᠠᠭᠠᠴᠢ ᠴᠢᠨᠠᠷ᠂ ᠬᠠᠨᠳᠤᠯᠭᠠᠲᠤ ᠴᠢᠨᠠᠷ ᠪᠠ ᠵᠢᠯᠣᠭᠤᠳᠬᠤ ᠴᠢᠨᠠᠷ ᠲᠠᠢ ᠪᠠᠶᠢᠵᠤ᠂ ᠪᠢᠳᠡᠨ ᠤ ᠰᠢᠨ᠎ᠡ | ᠴᠠᠭ ᠦᠶ᠎ᠡ ᠶᠢᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠳᠥᠯᠭᠢᠨ ᠠᠬᠢᠭᠤᠯᠬᠤ ᠳᠤ ᠴᠢᠬᠤᠯᠠ | ᠵᠢᠷᠤᠮᠯᠠᠯ ᠬᠠᠩᠭᠠᠵᠤ᠂ ᠬᠦᠴᠦᠷᠬᠡᠭ ᠶᠡᠭᠡ ᠬᠥᠳᠡᠯᠭᠡᠬᠦ ᠬᠦᠴᠦᠨ ᠣᠯᠭᠤᠭᠰᠠᠨ ᠪᠠᠶᠢᠨ᠎ᠠ︾᠃ ᠲᠠᠩ ᠢ ᠢᠯᠡᠷᠭᠡᠶᠢᠯᠡᠭᠰᠡᠨ | ᠨᠢ᠂ ᠦᠬᠠᠢ ᠬᠤᠳᠠ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠡᠨᠡ ᠣᠳᠠᠭᠠᠨ ᠤ ᠴᠢᠬᠤᠯᠠ ᠶᠠᠷᠢᠶ᠎ᠠ ᠶᠢ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠠᠯᠢ ᠤᠯᠠᠨ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠯᠤᠭ᠎ᠠ ᠨᠢᠭᠡ ᠴᠤᠭᠴᠠᠵᠢᠭᠤᠯᠤᠨ ᠰᠤᠷᠤᠯᠴᠠᠨ ᠣᠶᠢᠯᠠᠭᠠᠵᠤ᠂ | ᠬᠠᠮᠲᠤᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ︾ | ︽ᠬᠤᠶᠠᠷ ᠰᠠᠭᠤᠷᠢᠨ ᠭᠠᠵᠠᠷ︾ ︽ᠨᠢᠭᠡ ᠬᠦᠬᠦᠷᠭᠡᠨ ᠪᠠᠬᠢᠯᠡᠯᠲᠡ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ | ᠲᠣᠭᠲᠠᠭᠠᠯᠲᠠ ᠶᠢ ᠤᠬᠠᠮᠰᠠᠷ ᠠᠴᠠ ᠪᠠᠨ ᠳᠠᠭᠠᠵᠤ ᠲᠡᠭᠦᠨ ᠳᠤ ᠦᠢᠯᠡᠴᠢᠯᠡᠵᠦ᠂ ᠦᠨᠡᠨᠬᠦ ᠪᠦᠬᠦ ᠣᠷᠣᠨ ᠤ ᠶᠡᠭᠡ | ᠲᠠᠯ᠎ᠠ ᠠᠴᠠ ᠡᠭᠦᠰᠴᠦ ᠦᠬᠠᠢ ᠶᠢᠨ ᠠᠵᠢᠯ ᠢ ᠲᠥᠯᠥᠪᠵᠢᠭᠦᠯᠵᠦ᠂ ᠦᠬᠠᠢ ᠶᠢᠨ ᠬᠠᠷᠢᠭᠤᠴᠠᠯᠭ᠎ᠠ ᠡᠭᠦᠷᠭᠡᠯᠡᠯ ᠢᠶᠠᠷ | ᠪᠦᠬᠦ ᠣᠷᠣᠨ ᠤ ᠬᠥᠭᠵᠢᠯᠲᠡ ᠳᠤ ᠦᠢᠯᠡᠴᠢᠯᠡᠵᠦ᠂ ᠰᠢ ᠶᠢᠨ ᠫᠢᠩ ᠶᠡᠷᠦᠩᠬᠡᠢ ᠱᠦᠵᠢ ᠶᠢᠨ ᠴᠢᠩ ᠰᠡᠳᠬᠢᠯ ᠤᠨ | ᠨᠠᠶᠢᠳᠠᠯᠭ᠎ᠠ ᠶᠢ ᠦᠨᠡᠨᠬᠦ ᠦᠬᠠᠢ ᠶᠢᠨ ᠴᠢᠨᠠᠷ ᠰᠠᠶᠢᠲᠠᠢ ᠬᠥᠭᠵᠢᠯᠲᠡ᠂ ᠴᠢᠨᠠᠷ ᠰᠠᠶᠢᠲᠠᠢ ᠠᠮᠢᠳᠤᠷᠠᠯ᠂ ᠴᠢᠨᠠᠷ ᠰᠠᠶᠢᠳᠠᠢ | ᠵᠠᠰᠠᠯᠲᠠ ᠶᠢ ᠪᠡᠶᠡᠯᠡᠭᠦᠯᠬᠦ ᠶᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠤᠨ᠎ᠠ᠃ | ᠨᠢᠭᠡ ᠳᠤ᠂ ︽ᠲᠠᠪᠤᠨ ᠵᠠᠪᠠᠯ ᠶᠠᠪᠤᠬᠤ ᠵᠠᠮ︾ ᠢᠶᠠᠷ ᠡᠷᠡᠰ ᠪᠠᠲᠤ ᠯᠠᠪᠳᠠᠭᠤᠨ ᠪᠠᠲᠤᠲᠠᠶ ᠪᠠᠷ ᠰᠠᠶᠢᠲᠤᠷ ᠵᠠᠮᠨᠠᠨ᠎ᠠ᠃ | ᠶᠡᠷᠦᠩᠬᠡᠶ ᠱᠦᠵᠢ ᠰᠢ ᠶᠢᠨ ᠫᠢᠩ ᠰᠢᠨ᠎ᠡ ᠴᠠᠭ ᠦᠶ᠎ᠡ ᠶᠢᠨ ᠨᠠᠮ ᠪᠠ ᠠᠷᠠᠳ ᠲᠦᠮᠡᠨ ᠤ ᠡᠷᠡᠯᠬᠡᠭᠯᠡᠨ | ᠤᠷᠤᠭᠰᠢᠯᠠᠭᠰᠠᠨ ᠥᠩᠭᠡᠷᠡᠯᠲᠡ ᠶᠢ ᠡᠷᠭᠢᠴᠡᠭᠦᠯᠵᠦ᠂ ︽ᠲᠠᠪᠤᠨ ᠵᠠᠪᠠᠯ ᠶᠠᠪᠤᠬᠤ ᠵᠠᠮ︾ ᠭᠡᠬᠦ ᠴᠢᠬᠤᠯᠠ ᠶᠡᠭᠡ | ᠨᠤᠲᠠᠯᠠᠯᠲᠠ ᠶᠢ ᠠᠩᠬ᠎ᠠ ᠤᠳᠠᠭ᠎ᠠ ᠢᠯᠡ ᠲᠣᠳᠣᠷᠬᠠᠢ ᠳᠤᠷᠠᠳᠴᠤ᠂ ᠳᠤᠮᠳᠠᠳᠤ ᠤᠯᠤᠰ ᠤᠨ ᠬᠠᠷᠢᠭᠤᠯᠲᠠ ᠶᠢᠨ | ᠬᠠᠭᠤᠳᠠᠰᠤ ᠶᠢᠨ ᠠᠷᠤ ᠳᠠᠬᠢ ᠠᠮᠵᠢᠯᠲᠠ ᠲᠠᠢ ᠨᠢᠭᠤᠴᠠ ᠨᠣᠮᠧᠷ ᠢ ᠭᠦᠨᠵᠡᠭᠡᠢ ᠢᠯᠡᠷᠡᠭᠦᠯᠵᠦ᠂ ᠮᠠᠨ ᠤ ᠨᠠᠮ ᠤᠨ | ᠰᠢᠨ᠎ᠡ ᠭᠠᠷᠤᠭ᠎ᠠ ᠳᠡᠭᠡᠷ᠎ᠡ ᠪᠦᠬᠦ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠢᠷᠡᠭᠡᠳᠦᠢ ᠶᠢ | ᠨᠡᠭᠡᠭᠡᠬᠦ ᠪᠠᠲᠤ ᠴᠢᠩᠭ᠎ᠠ ᠲᠡᠦᠬᠡ ᠶᠢᠨ ᠢᠲᠡᠭᠡᠯ ᠢ ᠭᠦᠢᠴᠡᠳ ᠢᠯᠡᠷᠡᠭᠦᠯᠵᠦ᠂ ᠪᠢᠳᠡᠨ ᠤ ᠰᠢᠨ᠎ᠡ ᠠᠶᠠᠨ ᠵᠠᠮ ᠳᠤ | ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠢᠲᠡᠭᠡᠯ ᠵᠣᠷᠢᠭ ᠢ ᠨᠡᠩ ᠪᠠᠲᠤᠳᠬᠠᠪᠠ᠃ | ᠪᠢᠳᠡ ︽ᠲᠠᠪᠤᠨ ᠵᠠᠪᠠᠯ ᠶᠠᠪᠤᠬᠤ ᠵᠠᠮ︾ ᠤᠨ ᠲᠡᠦᠬᠡ ᠶᠢᠨ ᠵᠠᠶᠢᠯᠠᠰᠢ ᠦᠭᠡᠶ ᠴᠢᠨᠠᠷ ᠪᠣᠯᠤᠨ ᠲᠦᠢᠯ ᠤᠨ ᠴᠢᠬᠤᠯᠠ | ᠴᠢᠨᠠᠷ ᠢ ᠭᠦᠨᠵᠡᠭᠡᠶ ᠣᠶᠢᠯᠠᠭᠠᠵᠤ᠂ ᠲᠡᠦᠬᠡ ᠶᠢᠨ ᠢᠲᠡᠭᠡᠯ ᠢᠶᠠᠨ ᠤᠯᠠᠮ ᠨᠢᠭᠡ ᠠᠯᠬᠤᠮ ᠪᠠᠲᠤᠳᠬᠠᠵᠤ᠂ ᠲᠡᠦᠬᠡ ᠶᠢᠨ | ᠰᠠᠨᠠᠭᠠᠴᠢᠯᠠᠭᠠᠲᠤ ᠡᠷᠬᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ ᠲᠥᠷᠥ ᠶᠢᠨ ᠤᠬᠠᠮᠰᠠᠷ ᠢᠶᠠᠨ ᠤᠯᠠᠮ | ᠨᠢᠭᠡ ᠠᠯᠬᠤᠮ ᠴᠢᠩᠭᠠᠳᠬᠠᠵᠤ᠂ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ | ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠰᠢ ᠶᠢᠨ ᠫᠢᠩ ᠶᠡᠷᠦᠩᠬᠡᠶ ᠱᠦᠵᠢ ᠪᠣᠯᠤᠨ ᠨᠠᠮ ᠤᠨ ᠲᠥᠪ ᠬᠤᠷᠢᠶ᠎ᠠ ᠠᠴᠠ | ᠥᠪᠥᠷ ᠮᠣᠩᠭᠤᠯ ᠳᠤ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠣᠯᠤᠨ ᠠᠵᠢᠯᠯᠠᠭᠠᠨ ᠤ | ᠬᠥᠲᠥᠯᠪᠦᠷᠢ ᠶᠢ ᠭᠤᠶᠢᠪᠢᠰᠢ ᠦᠭᠡᠶ ᠪᠠᠷ ᠪᠠᠷᠢᠮᠲᠠᠯᠠᠨ ᠡᠷᠡᠯᠬᠡᠭᠯᠡᠨ ᠤᠷᠤᠭᠰᠢᠯᠠᠵᠤ᠂ ᠪᠦᠬᠦ ᠬᠦᠴᠦᠨ ᠢᠶᠠᠷ ᠢᠶᠠᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠦᠬᠠᠢ ᠳᠤ ᠲᠣᠭᠲᠠᠭᠠᠭᠰᠠᠨ ᠬᠥᠭᠵᠢᠯᠲᠡ ᠶᠢᠨ ᠴᠢᠭᠯᠡᠯ | ᠪᠣᠯᠤᠨ ᠠᠷᠭ᠎ᠠ ᠵᠠᠮ ᠢᠶᠠᠷ ᠪᠣᠭᠤᠮᠲᠠ ᠰᠢᠪᠲᠤᠯᠤᠨ ᠬᠠᠷᠰᠢ ᠰᠠᠭᠠᠳ ᠢ ᠳᠠᠪᠠᠵᠤ᠂ ︽ᠲᠠᠪᠤᠨ ᠴᠢᠬᠤᠯᠠ ᠶᠡᠭᠡ ᠤᠯᠤᠰ | ᠲᠦᠷᠦ ᠶᠢᠨ ᠬᠠᠷᠢᠭᠤᠴᠠᠯᠭ᠎ᠠ︾ ᠶᠢ ᠡᠷᠡᠰ ᠡᠭᠦᠷᠭᠡᠯᠡᠵᠦ᠂ ᠨᠡᠩ ᠪᠣᠳᠠᠲᠠᠢ ᠶᠢ ᠡᠷᠬᠢᠮᠯᠡᠭᠰᠡᠨ ᠠᠵᠢᠯᠯᠠᠭ᠎ᠠ ᠪᠣᠯᠤᠨ ᠦᠷ᠎ᠡ | ᠪᠦᠲᠦᠮᠵᠢ ᠪᠠᠷ ᠢᠶᠠᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ | ᠵᠡᠭᠦᠳᠦ ᠶᠢ ᠲᠡᠷᠭᠡᠯᠰᠢᠭᠦᠯᠬᠦ ᠳᠤ ᠦᠬᠠᠢ ᠶᠢᠨ ᠬᠦᠴᠦᠨ ᠴᠢᠳᠠᠯ ᠢᠶᠠᠨ ᠡᠷᠭᠦᠨ᠎ᠡ᠃ | ᠬᠤᠶᠠᠷ ᠲᠤ᠂ ᠠᠮᠢ ᠠᠬᠤᠶ ᠶᠢᠨ ᠣᠷᠴᠢᠨ ᠲᠤᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠬᠦᠴᠦ ᠨᠡᠮᠡᠵᠦ | ᠪᠠᠶᠢᠭᠠᠳ ᠰᠢᠮᠳᠠᠭᠤᠯᠤᠨ ᠰᠠᠶᠢᠲᠤᠷ ᠠᠳᠬᠤᠨ᠎ᠠ᠃ ᠰᠢ ᠶᠢᠨ ᠫᠢᠩ ᠶᠡᠷᠦᠩᠬᠡᠶ ᠱᠦᠵᠢ ᠵᠢᠭᠠᠵᠤ ᠭᠠᠷᠭᠠᠭᠰᠠᠨ ᠨᠢ᠂ | ᠤᠯᠤᠰ ᠤᠨ ᠠᠮᠢ ᠠᠬᠤᠶ ᠶᠢᠨ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ | ᠲᠦᠪᠰᠢᠨ᠂ ᠠᠵᠤ ᠦᠢᠯᠡᠰ ᠤᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠤᠯᠤᠰ ᠲᠥᠷᠥ ᠶᠢᠨ | ᠬᠠᠷᠢᠭᠤᠴᠠᠯᠭ᠎ᠠ ᠪᠠᠨ ᠦᠨᠡᠨ ᠬᠦ ᠬᠦᠢᠴᠡᠳᠬᠡᠬᠦ ᠬᠡᠷᠡᠭᠲᠡᠶ ᠭᠡᠵᠡᠢ᠃ ᠤᠯᠤᠰ ᠤᠨ ᠠᠮᠢ ᠠᠬᠤᠢ ᠶᠢᠨ ᠠᠮᠤᠷ | ᠲᠦᠪᠰᠢᠨ ᠢ ᠬᠠᠮᠠᠭᠠᠯᠠᠬᠤ ᠶᠢ ᠲᠡᠷᠢᠭᠦᠨ ᠪᠠᠶᠢᠷᠢᠨ ᠳᠤ ᠲᠠᠯᠪᠢᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠲᠠᠯᠪᠢᠭᠰᠠᠨ ᠢᠮᠠᠭᠲᠠ ᠶᠢᠨ ᠱᠠᠭᠠᠷᠳᠠᠯᠭ᠎ᠠ ᠪᠣᠯᠬᠤ ᠪᠠᠷ ᠪᠠᠷᠠᠬᠤ ᠦᠭᠡᠢ ᠪᠠᠰᠠ ᠴᠤ ᠪᠢᠳᠡᠨ ᠤ ᠡᠷᠬᠡᠪᠰᠢ | ᠪᠡᠶᠡᠯᠡᠭᠦᠯᠬᠦ ᠴᠢᠬᠤᠯᠠ ᠶᠡᠭᠡ ᠤᠯᠤᠰ ᠲᠦᠷᠦ ᠶᠢᠨ ᠡᠭᠦᠷᠭᠡ᠂ ᠡᠷᠬᠡᠪᠰᠢ ᠰᠠᠶᠢᠲᠤᠷ ᠬᠢᠬᠦ ᠴᠢᠬᠤᠯᠠ ᠶᠡᠭᠡ ᠠᠷᠠᠳ ᠤᠨ | ᠠᠮᠢᠳᠤᠷᠠᠯ ᠤᠨ ᠠᠵᠢᠯ ᠪᠣᠯᠤᠨ᠎ᠠ᠃ ᠪᠢᠳᠡ ︽ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ | ᠪᠠ ᠴᠢᠨᠠᠷ ᠰᠠᠶᠢᠲᠠᠶ ᠬᠥᠭᠵᠢᠯᠲᠡ︾ ᠭᠡᠬᠦ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ︽ᠦᠬᠠᠶ ᠵᠢᠴᠢ | ᠡᠷᠭᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠶ ᠶᠢᠨ ᠣᠷᠴᠢᠨ | ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠬᠦᠴᠦᠯᠡᠨ ᠰᠠᠶᠢᠲᠤᠷ ᠠᠳᠬᠤᠬᠤ︾ ᠶᠢ ᠠᠵᠢᠯ ᠤᠨ ᠢᠶᠠᠨ ᠵᠢᠷᠤᠮᠯᠠᠯ | ᠪᠣᠯᠭᠠᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠳᠦᠭᠡᠨ ᠪᠠᠶᠢᠭᠤᠯᠤᠯᠲᠠ ᠶᠢ ᠳᠡᠶᠢᠯᠦᠩᠭᠦᠢ | ᠪᠠᠶᠢᠷᠢᠨ ᠳᠤ ᠲᠠᠯᠪᠢᠵᠤ᠂ ᠰᠢᠰᠲ᠋ᠧᠮ ᠲᠠᠢ ᠪᠠᠷ ᠵᠠᠰᠠᠬᠤ᠂ ᠶᠡᠷᠦᠩᠬᠡᠶᠢᠯᠡᠨ ᠵᠠᠰᠠᠬᠤ᠂ ᠲᠦᠢᠯᠪᠤᠷᠢᠲᠠᠢ ᠵᠠᠰᠠᠬᠤ ᠶᠢ | ᠪᠠᠷᠢᠮᠲᠠᠯᠠᠵᠤ᠂ ᠠᠭᠤᠷᠬᠠᠢ ᠶᠢ ᠵᠠᠰᠠᠬᠤ᠂ ᠠᠵᠤ ᠠᠬᠤᠶᠢᠯᠠᠯ ᠢ ᠵᠠᠰᠠᠬᠤ᠂ ᠤᠰᠤ ᠶᠢ ᠵᠠᠰᠠᠬᠤ᠂ ᠲᠡᠷᠭᠡ ᠶᠢ ᠵᠠᠰᠠᠬᠤ᠂ ᠵᠠᠮ ᠢ | ᠵᠠᠰᠠᠬᠤ᠂ ᠬᠡᠢ ᠶᠢ ᠵᠠᠰᠠᠬᠤ᠂ ᠲᠠᠯᠠᠪᠠᠢ ᠶᠢ ᠵᠠᠰᠠᠬᠤ ᠦᠷ᠎ᠡ ᠪᠦᠲᠦᠮᠵᠢ ᠪᠠᠨ ᠭᠦᠨᠵᠡᠭᠡᠶᠢᠷᠡᠭᠦᠯᠵᠦ᠂ ᠴᠢᠨᠠᠷ ᠰᠠᠶᠢᠲᠠᠢ | ᠬᠥᠭᠵᠢᠯᠲᠡ ᠶᠢᠨ ᠳᠤᠮᠳᠠ ᠥᠨᠳᠥᠷ ᠲᠦᠪᠰᠢᠨ ᠲᠠᠢ ᠬᠠᠮᠠᠭᠠᠯᠠᠯᠲᠠ ᠶᠢ ᠠᠬᠢᠭᠤᠯᠵᠤ᠂ ᠥᠨᠳᠥᠷ ᠲᠦᠪᠰᠢᠨ ᠲᠠᠢ | ᠬᠠᠮᠠᠭᠠᠯᠠᠯᠲᠠ ᠶᠢᠨ ᠳᠤᠮᠳᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ︽ᠬᠤᠤᠰ ᠨᠡᠭᠦᠷᠡᠰᠦᠲᠥ᠋ᠷᠥᠭᠴᠢ︾ ᠶᠢᠨ | ᠠᠵᠢᠯ ᠢ ᠢᠳᠡᠪᠬᠢᠲᠡᠶ ᠪᠥᠭᠡᠳ ᠯᠠᠪᠳᠠᠭᠤᠨ ᠢᠶᠠᠷ ᠲᠦᠯᠬᠢᠨ ᠠᠬᠢᠭᠤᠯᠵᠤ᠂ ︽ᠰᠢᠩᠭᠡᠯᠢᠭ ᠢᠶᠠᠨ ᠰᠤᠯᠠᠯᠠᠵᠤ ᠰᠢᠪᠠᠭᠤ ᠶᠢ | ᠰᠣᠯᠢᠬᠤ︾ ᠠᠵᠢᠯ ᠢ ᠭᠦᠨᠵᠡᠭᠡᠶ ᠲᠦᠯᠬᠢᠨ ᠠᠬᠢᠭᠤᠯᠵᠤ᠂ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ | ᠲᠦᠷᠭᠡᠪᠴᠢᠯᠡᠨ ᠰᠢᠭᠰᠢᠭᠳᠡᠬᠦᠯᠵᠦ᠂ ︽ᠬᠤᠶᠠᠷ ᠦᠨᠳᠦᠷ︾ ᠵᠦᠢᠯᠡᠰ ᠤᠨ ᠰᠣᠬᠤᠷ ᠪᠠᠯᠠᠶ ᠪᠠᠷ ᠬᠥᠭᠵᠢᠬᠦ ᠶᠢ ᠡᠷᠡᠰ | ᠬᠤᠷᠢᠭᠯᠠᠨ᠎ᠠ᠃ | ᠭᠤᠷᠪᠠ ᠳᠤ᠂ ᠲᠡᠰ ᠬᠤᠷᠳᠤᠴᠠ ᠶᠠᠰᠤ ᠴᠢᠨᠠᠷ ᠢᠶᠠᠨ ᠳᠡᠭᠡᠭᠰᠢᠯᠡᠭᠦᠯᠵᠦ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠬᠤ ᠪᠠ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠰᠢ ᠶᠢᠨ ᠫᠢᠩ ᠶᠡᠷᠦᠩᠬᠡᠢ | ᠱᠦᠵᠢ ᠵᠢᠭᠠᠵᠤ ᠭᠠᠷᠭᠠᠭᠰᠠᠨ ᠨᠢ᠂ ᠠᠮᠢ ᠠᠬᠤᠢ ᠶᠢ ᠤᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ | ᠭᠤᠶᠢᠪᠢᠰᠢ ᠦᠭᠡᠢ ᠵᠠᠮᠨᠠᠬᠤ ᠬᠡᠷᠡᠭᠲᠡᠢ ᠭᠡᠵᠡᠢ᠃ ᠦᠬᠠᠢ ᠭᠡᠬᠦ ᠡᠨᠡᠬᠦ ᠨᠡᠶᠢᠲᠡᠯᠢᠭ ᠴᠢᠨᠠᠷᠲᠠᠢ ᠡᠬᠢ ᠪᠠᠶᠠᠯᠢᠭ ᠤᠨ | ᠬᠡᠯᠪᠡᠷᠢ ᠶᠢᠨ ᠬᠤᠳᠠ ᠳᠤ ᠠᠪᠴᠤ ᠬᠡᠯᠡᠪᠡᠯ᠂ ᠰᠢᠨ᠎ᠡ ᠵᠠᠮ ᠢᠶᠠᠷ ᠰᠠᠶᠢᠲᠤᠷ ᠵᠠᠮᠨᠠᠵᠤ ᠴᠢᠳᠠᠬᠤ ᠡᠰᠡᠬᠦ ᠨᠢ ᠭᠠᠵᠠᠷ | ᠣᠷᠣᠨ ᠤ ᠠᠯᠤᠰ ᠬᠡᠳᠤ ᠶᠢᠨ ᠬᠥᠭᠵᠢᠯᠲᠡ ᠲᠠᠢ ᠬᠤᠯᠪᠣᠭᠳᠠᠵᠤ᠂ ᠤᠯᠠᠨ ᠲᠦᠮᠡᠨ ᠤ ᠠᠷᠠᠳ ᠤᠨ ᠠᠮᠢᠳᠤᠷᠠᠯ ᠤᠨ | ᠪᠤᠶᠠᠨ ᠵᠢᠷᠭᠠᠯ ᠲᠠᠢ ᠬᠤᠯᠪᠣᠭᠳᠠᠨ᠎ᠠ᠃ ᠪᠢᠳᠡ ᠠᠮᠢ ᠠᠬᠤᠶ ᠶᠢ ᠤᠷᠢᠳᠠᠪᠡᠷ ᠪᠤᠲᠤᠯᠭᠢᠯᠠᠬᠤ ᠶᠢ ᠪᠠᠷᠢᠮᠲᠠᠯᠠᠵᠤ᠂ | ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠤᠯᠭᠠᠬᠤ ᠶᠢ ᠭᠤᠶᠢᠪᠢᠰᠢ ᠦᠭᠡᠶ ᠪᠠᠷᠢᠮᠲᠠᠯᠠᠵᠤ᠂ ᠬᠡᠯᠬᠢᠶ᠎ᠡ | ᠪᠦᠯᠦᠭᠯᠡᠯ ᠤᠨ ᠰᠡᠳᠬᠢᠬᠦᠶ ᠪᠠᠷ ᠬᠡᠯᠬᠢᠶ᠎ᠡ ᠶᠢ ᠳᠠᠪᠲᠠᠬᠤ ᠶᠢ ᠪᠠᠷᠢᠮᠲᠠᠯᠠᠵᠤ᠂ ᠠᠵᠤ ᠦᠢᠯᠡᠰ ᠢᠶᠠᠨ ᠴᠢᠩᠭᠠᠳᠬᠠᠨ | ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠳᠠᠪᠬᠤᠴᠠᠨ ᠲᠠᠰ ᠳᠡᠪᠰᠢᠬᠦ ᠶᠢ | ᠲᠦᠷᠭᠡᠳᠬᠡᠨ ᠠᠬᠢᠭᠤᠯᠵᠤ᠂ ᠭᠡᠷᠡᠯ ᠰᠠᠯᠭᠢ ᠤᠰᠤᠲᠥ᠋ᠷᠥᠭᠴᠢ ᠡᠨᠧᠷᠭᠢ ᠶᠢ ᠨᠥᠭᠡᠴᠡᠯᠡᠨ ᠬᠡᠷᠡᠭᠯᠡᠬᠦ ᠶᠢ ᠨᠢᠭᠡ | ᠴᠤᠭᠴᠠᠵᠢᠭᠤᠯᠤᠭᠰᠠᠨ ᠰᠢᠨ᠎ᠡ ᠡᠨᠧᠷᠭᠢ᠂ ᠵᠠᠳᠠᠷᠠᠵᠤ ᠪᠣᠯᠬᠤ ᠰᠦᠯᠢᠶᠣᠣ ᠪᠠᠷ ᠭᠤᠤᠯ ᠴᠢᠭᠯᠡᠯ ᠪᠣᠯᠭᠠᠭᠰᠠᠨ ᠰᠢᠨ᠎ᠡ | ᠮᠠᠲ᠋ᠧᠷᠢᠶᠠᠯ ᠤᠨ ᠬᠤᠶᠠᠷ ᠶᠡᠭᠡ ᠪᠦᠷᠢᠨ ᠠᠵᠤ ᠦᠢᠯᠡᠰ ᠤᠨ ᠬᠡᠯᠬᠢᠶ᠎ᠡ ᠶᠢᠨ ᠰᠠᠭᠤᠷᠢᠨ ᠭᠠᠵᠠᠷ ᠢ ᠬᠦᠴᠦᠯᠡᠨ ᠪᠣᠶ | ᠪᠣᠯᠭᠠᠵᠤ᠂ ᠪᠥᠬᠦ ᠤᠯᠤᠰ ᠲᠤ ᠨᠥᠯᠥᠭᠡᠯᠡᠬᠦ ᠬᠦᠴᠦᠨ ᠲᠠᠢ ᠥᠷᠢᠰᠦᠯᠳᠦᠬᠦ ᠬᠦᠴᠦᠨ ᠪᠠ ᠵᠠᠬ᠎ᠠ ᠳᠡᠯᠭᠡᠭᠦᠷ ᠤᠨ ᠦᠭᠡ | ᠬᠡᠯᠡᠬᠦ ᠡᠷᠬᠡ ᠲᠠᠢ ᠣᠷᠣᠨ ᠪᠦᠰᠡ ᠶᠢᠨ ᠤᠨᠴᠠᠯᠢᠭᠳᠤ ᠠᠵᠤ ᠦᠢᠯᠡᠰ ᠤᠨ ᠪᠦᠯᠦᠭᠯᠡᠯ ᠪᠣᠯᠭᠠᠨ ᠪᠥᠬᠦ | ᠬᠦᠴᠦᠨ ᠢᠶᠠᠷ ᠢᠶᠠᠨ ᠪᠥᠲᠥᠭᠡᠨ ᠪᠠᠶᠢᠭᠤᠯᠤᠨ᠎ᠠ᠃ ᠦᠬᠠᠢ ᠶᠢᠨ ᠬᠤᠳᠠ ᠪᠠᠯᠭᠠᠰᠤᠵᠢᠯᠳᠠ ᠶᠢᠨ ᠨᠤᠷᠮ᠎ᠠ ᠥᠨᠳᠥᠷ | ᠪᠠᠶᠢᠬᠤ ᠪᠣᠳᠠᠲᠤ ᠪᠠᠶᠢᠳᠠᠯ ᠳᠤ ᠰᠠᠭᠤᠷᠢᠯᠠᠵᠤ᠂ ︽ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ︾ | ᠶᠢ ᠪᠠᠶᠢᠭᠤᠯᠬᠤ ᠶᠢ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ | ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ᠂ ᠪᠢᠨ ᠡᡁᠧ ᠶᠢᠨ ᠬᠤᠶᠠᠳᠤᠭᠠᠷ | ᠬᠤᠭᠤᠴᠠᠭᠠᠨ ᠤ ᠨᠡᠭᠡᠭᠡᠨ ᠬᠥᠭᠵᠢᠭᠦᠯᠬᠦ ᠪᠦᠳᠦᠬᠡᠨ ᠪᠠᠶᠢᠭᠤᠯᠤᠯᠲᠠ ᠶᠢ ᠲᠦᠷᠭᠡᠳᠬᠡᠵᠦ᠂ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠲᠣᠭᠤᠷᠢᠭ ᠢ ᠪᠦᠳᠦᠬᠡᠨ ᠪᠠᠶᠢᠭᠤᠯᠵᠤ᠂ ᠬᠠᠮᠲᠤᠪᠠᠷ ᠴᠢᠨᠡᠭᠡᠯᠢᠭᠵᠢᠨ | ᠪᠠᠶᠠᠵᠢᠬᠤ ᠶᠢᠨ ᠬᠤᠰᠢᠭᠤᠴᠢ ᠬᠤᠳᠠ ᠶᠢ ᠪᠠᠶᠢᠭᠤᠯᠬᠤ ᠪᠠᠷ ᠴᠢᠷᠮᠠᠶᠢᠨ᠎ᠠ᠃ | ᠲᠦᠷᠪᠡ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡ | ᠳᠦᠷᠦᠭᠳᠡᠯ ᠲᠠᠢ ᠪᠥᠭᠡᠳ ᠪᠦᠲᠦᠮᠵᠢᠲᠡᠶ ᠪᠠᠷ ᠪᠠᠲᠤ ᠴᠤᠭᠴᠠᠯᠠᠨ᠎ᠠ᠃ ᠰᠢ ᠶᠢᠨ ᠫᠢᠩ ᠶᠡᠷᠦᠩᠬᠡᠶ ᠱᠦᠵᠢ | ᠴᠢᠬᠤᠯᠠᠴᠢᠯᠠᠭᠰᠠᠨ ᠨᠢ᠂ ᠥᠪᠥᠷ ᠮᠣᠩᠭᠤᠯ ᠤᠨ ᠥᠨᠥᠳᠦᠷ ᠪᠣᠯ ᠦᠨᠳᠦᠰᠦᠲᠡᠨ ᠨᠦᠭᠦᠳ ᠤᠨ ᠣᠯᠠᠨ ᠲᠦᠮᠡᠨ ᠤ | ᠬᠠᠮᠲᠤ ᠪᠠᠷ ᠲᠡᠮᠡᠴᠡᠭᠰᠡᠨ ᠤ ᠦᠷ᠎ᠡ ᠳ᠋ᠦᠩ ᠮᠥᠨ᠂ ᠥᠪᠥᠷ ᠮᠣᠩᠭᠤᠯ ᠤᠨ ᠢᠷᠡᠭᠡᠳᠦᠶ ᠮᠥᠨ ᠬᠦ | ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠦᠯᠬᠦᠮᠳᠡᠨ ᠲᠡᠮᠡᠴᠡᠬᠦ ᠠᠴᠠ ᠰᠠᠯᠵᠦ ᠴᠢᠳᠠᠬᠤ ᠶᠢ ᠶᠤᠮ ᠭᠡᠵᠡᠶ᠃ | ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠡᠨᠡ ᠬᠦ | ᠭᠤᠣᠯ ᠰᠢᠵᠢᠮ ᠢ ᠴᠢᠩᠭ᠎ᠠ ᠠᠳᠬᠤᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ | ᠦᠵᠡᠭᠦᠯᠬᠦ ᠬᠤᠳᠠ ᠶᠢ ᠴᠢᠷᠮᠠᠶᠢᠨ ᠡᠭᠦᠳᠬᠦ ᠪᠠᠷ ᠭᠠᠷᠳᠠᠴᠠ ᠪᠣᠯᠭᠠᠵᠤ᠂ ᠬᠡᠯᠪᠡᠷᠢ ᠳᠦᠷᠰᠦ ᠲᠠᠢ ᠪᠥᠭᠡᠳ | ᠪᠦᠲᠦᠮᠵᠢᠲᠡᠢ ᠪᠠᠶᠢᠬᠤ ᠳᠡᠭᠡᠷ᠎ᠡ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠠᠷᠭ᠎ᠠ ᠬᠡᠮᠵᠢᠶ᠎ᠡ ᠪᠠᠨ | ᠪᠣᠳᠠᠲᠠᠶᠢᠵᠢᠭᠤᠯᠵᠤ᠂ ᠬᠠᠷᠢᠯᠴᠠᠨ ᠰᠢᠭᠢᠳᠬᠦ ᠬᠡᠯᠪᠡᠷᠢ ᠶᠢᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ | ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠵᠤ᠂ ᠦᠨᠳᠦᠰᠦᠲᠡᠨ ᠨᠦᠭᠦᠳ ᠤᠨ ᠳᠤᠮᠳᠠᠳᠤ ᠶᠢᠨ | ᠦᠨᠳᠦᠰᠦᠲᠡᠨ ᠢ ᠮᠡᠳᠡᠷᠡᠬᠦ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ᠂ ᠤᠮᠤᠭᠰᠢᠯᠳᠤ ᠰᠡᠳᠬᠢᠯᠭᠡ ᠶᠢ ᠲᠠᠰᠤᠷᠠᠯᠳᠠ | ᠦᠭᠡᠢ ᠨᠡᠮᠡᠭᠳᠡᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠤᠭᠴᠠᠯᠠᠬᠤ ᠬᠥᠮᠦᠵᠢᠯ ᠢ ᠺᠠᠳ᠋ᠷ ᠤᠨ ᠬᠥᠮᠦᠵᠢᠯ᠂ ᠨᠠᠮ ᠤᠨ ᠭᠡᠰᠢᠭᠦᠨ ᠤ ᠬᠥᠮᠦᠵᠢᠯ᠂ ᠤᠯᠤᠰ ᠠᠷᠠᠳ ᠤᠨ ᠬᠥᠮᠦᠵᠢᠯ᠂ | ᠨᠡᠶᠢᠭᠡᠮ ᠤᠨ ᠬᠥᠮᠦᠵᠢᠯ ᠤᠨ ᠪᠦᠬᠦ ᠶᠠᠪᠤᠴᠠ ᠳᠤ ᠲᠤᠤᠱᠯᠠᠭᠤᠯᠵᠤ᠂ ︽ᠭᠤᠷᠪᠠᠨ ᠰᠠᠯᠵᠤ ᠴᠢᠳᠠᠬᠤ ᠦᠭᠡᠢ︾ ︽ᠲᠠᠪᠤᠨ | ᠬᠠᠮᠲᠤ ᠶᠢᠨ ᠲᠠᠨᠢᠯᠳᠠ︾ ᠶᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠡᠳᠬᠢᠯ ᠳᠤ ᠭᠦᠨ ᠦᠨᠳᠦᠰᠦᠯᠡᠭᠦᠯᠬᠦ | ᠶᠢ ᠠᠭᠢᠭᠤᠯᠣᠨ᠎ᠠ᠃ | ᠲᠠᠪᠤ ᠳᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭ᠎ᠠ ᠨᠢᠮᠪᠠᠢ | ᠪᠣᠳᠠᠲᠠᠢ ᠪᠠᠷ ᠬᠦᠢᠴᠡᠳᠭᠡᠨ᠎ᠡ᠃ ᠰᠢ ᠶᠢᠨ ᠫᠢᠩ ᠶᠡᠷᠦᠩᠬᠡᠶ ᠱᠦᠵᠢ ᠴᠢᠬᠤᠯᠠᠴᠢᠯᠠᠭᠰᠠᠨ ᠨᠢ᠂ ᠨᠠᠮ ᠢ ᠪᠥᠬᠦ ᠲᠠᠯ᠎ᠠ ᠪᠠᠷ | ᠴᠢᠩᠭ᠎ᠠ ᠵᠠᠰᠠᠬᠤ ᠪᠣᠯ ᠨᠠᠮ ᠤᠨ ᠠᠮᠢᠵᠢᠷᠠᠯ ᠤᠨ ᠬᠦᠴᠦᠨ ᠪᠠ ᠠᠮᠢᠳᠤᠯᠢᠭ ᠬᠦᠴᠦᠨ ᠢ ᠡᠭᠦᠷᠢᠳᠡ ᠪᠠᠲᠤᠯᠠᠵᠤ᠂ | ᠰᠢᠯᠭᠠᠯᠲᠠ ᠳᠤ ᠣᠷᠣᠯᠴᠠᠬᠤ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ ᠵᠠᠪᠠᠯ ᠶᠠᠪᠤᠬᠤ ᠵᠠᠮ ᠮᠥᠨ ᠭᠡᠵᠡᠢ᠃ ᠪᠢᠳᠡ | ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠵᠤ᠂ | ᠺᠠᠳ᠋ᠷᠴᠤᠳ ᠤᠨ ᠬᠥᠮᠦᠵᠢᠯ ᠪᠣᠯᠪᠠᠰᠤᠷᠠᠯ ᠤᠨ ︽ᠠᠷᠪᠠᠨ ᠶᠡᠭᠡ ᠠᠵᠢᠯᠯᠠᠭᠠᠨ ᠤ ᠲᠥᠯᠥᠪᠯᠡᠭᠡ︾ ᠶᠢ ᠬᠡᠷᠡᠭᠵᠢᠭᠦᠯᠵᠦ᠂ | ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠣᠯᠭᠠᠵᠤ᠂ ᠨᠠᠮ ᠤᠨ ᠭᠡᠰᠢᠭᠦᠨ | ᠺᠠᠳ᠋ᠷᠴᠤᠳ ᠤᠨ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠬᠠᠬᠤ ᠴᠢᠳᠠᠪᠤᠷᠢ᠂ ᠤᠯᠤᠰ | ᠲᠦᠷᠦ ᠶᠢᠨ ᠬᠡᠷᠡᠭᠵᠢᠭᠦᠯᠬᠦ ᠴᠢᠳᠠᠪᠤᠷᠢ ᠶᠢ ᠨᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠦᠨᠳᠦᠰᠦᠨ ᠱᠠᠲᠤᠨ ᠤ | ᠨᠠᠮ ᠤᠨ ᠪᠠᠶᠢᠭᠤᠯᠤᠯᠲᠠ ᠶᠢᠨ ︽ᠱᠦᠵᠢ ᠶᠢᠨ ᠵᠠᠮᠴᠢᠯᠠᠬᠤ ᠢᠨᠵᠧᠨᠧᠷᠢᠩ︾ ᠢ ᠪᠥᠬᠦ ᠲᠠᠯ᠎ᠠ ᠪᠠᠷ ᠬᠡᠷᠡᠭᠵᠢᠭᠦᠯᠵᠦ᠂ | ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠱᠦᠵᠢ ᠶᠢᠨ ︽ᠨᠠᠮ ᠤᠨ ᠪᠠᠶᠢᠭᠤᠯᠤᠯᠲᠠ ᠶᠢ ᠢᠯᠡ ᠨᠡᠶᠢᠲᠡᠯᠡᠵᠦ᠂ ᠠᠮᠵᠢᠯᠲᠠ ᠪᠦᠲᠦᠮᠵᠢ ᠪᠠᠨ ᠢᠯᠡ ᠨᠡᠶᠢᠲᠡᠯᠡᠬᠦ︾ | ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠯᠤᠰ ᠲᠥᠷᠥ ᠶᠢᠨ ᠤᠳᠤᠷᠢᠳᠬᠤ ᠬᠦᠴᠦᠨ᠂ ᠦᠵᠡᠯ ᠰᠠᠨᠠᠭᠠᠨ ᠤ ᠬᠥᠲᠥᠯᠦᠨ ᠳᠠᠭᠠᠭᠤᠯᠬᠤ | ᠬᠦᠴᠦᠨ᠂ ᠣᠯᠠᠨ ᠲᠦᠮᠡᠨ ᠢ ᠵᠣᠬᠢᠶᠠᠨ ᠪᠠᠶᠢᠭᠤᠯᠬᠤ ᠬᠦᠴᠦᠨ ᠪᠠ ᠨᠡᠶᠢᠭᠡᠮ ᠤᠨ ᠤᠷᠢᠶᠠᠯᠠᠬᠤ ᠬᠦᠴᠦᠨ ᠢᠶᠠᠨ ᠦᠨᠡᠨ | ᠬᠦ ᠴᠢᠩᠭᠠᠷᠠᠭᠤᠯᠤᠨ᠎ᠠ᠃ ᠤᠯᠤᠰ ᠲᠦᠷᠦ ᠬᠠᠤᠯᠢ ᠴᠠᠭᠠᠵᠠ᠂ ᠮᠥᠩᠭᠦᠨ ᠭᠦᠢᠯᠭᠡᠭᠡ᠂ ᠤᠯᠤᠰ ᠤᠨ ᠥᠮᠴᠢᠯᠡᠯ ᠤᠨ | ᠠᠵᠤ ᠠᠬᠤᠶᠢᠯᠠᠯ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ᠂ ᠡᠮ ᠡᠮᠨᠡᠯᠭᠡ᠂ ᠶᠡᠭᠡ ᠳᠡᠭᠡᠳᠦ | ᠰᠤᠷᠭᠠᠭᠤᠯᠢ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠲᠣᠭᠤᠷᠢᠨ ᠪᠠᠶᠢᠴᠠᠭᠠᠵᠤ | ᠬᠢᠨᠠᠨ ᠪᠠᠶᠢᠴᠠᠭᠠᠬᠤ ᠶᠢ ᠥᠷᠨᠢᠭᠦᠯᠵᠦ᠂ ᠰᠢᠨ᠎ᠡ ᠬᠡᠯᠪᠡᠷᠢ ᠶᠢᠨ ᠢᠯᠵᠠᠷᠠᠯ᠂ ᠨᠢᠭᠤᠭᠳᠠᠮᠠᠯ ᠢᠯᠵᠠᠷᠠᠯ ᠢ ᠭᠦᠨᠵᠡᠭᠡᠢ | ᠠᠭᠤᠳᠠᠯᠤᠨ ᠲᠦᠢᠯᠪᠤᠷᠢᠲᠠᠢ ᠪᠠᠶᠢᠴᠠᠭᠠᠵᠤ᠂ ᠢᠯᠵᠠᠷᠠᠬᠤ ᠵᠣᠷᠢᠭ ᠦᠭᠡᠢ᠂ ᠢᠯᠵᠠᠷᠠᠵᠤ ᠳᠡᠶᠢᠯᠬᠦ ᠦᠭᠡᠢ᠂ ᠢᠯᠵᠠᠷᠠᠬᠤ ᠶᠢ | ᠪᠤᠳᠤᠬᠤ ᠦᠭᠡᠢ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ ᠴᠡᠪᠡᠷ ᠲᠤᠩᠭᠠᠯᠠᠭ ᠤᠯᠤᠰ ᠲᠦᠷᠦ ᠶᠢᠨ ᠠᠮᠢ | ᠠᠬᠤᠢ ᠶᠢ ᠦᠷᠭᠦᠯᠵᠢᠯᠡᠨ ᠪᠠᠬᠢᠵᠢᠭᠦᠯᠦᠨ᠎ᠡ᠃ |